ᠳᠠᠯᠠᠢ ᠰᠤᠮᠤ ᠶᠢᠨ ᠭᠠᠯ ᠤᠨ ᠠᠶᠤᠯ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠶᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ | 25 ᠤ ᠡᠳᠦᠷ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠲᠡᠯᠡᠶ ᠰᠤᠮᠤᠨ ᠳᠤ ᠬᠦᠷᠴᠦ ᠭᠠᠯ ᠢ ᠰᠡᠷᠭᠡᠶᠢᠯᠡᠬᠦ ᠤᠬᠠᠭᠤᠯᠭ᠎ᠠ ᠵᠢᠴᠢ | ᠪᠣᠯᠪᠠᠰᠤᠷᠠᠯ ᠥᠷᠨᠢᠭᠦᠯᠪᠡ᠃ | | | | ᠪᠣᠯᠪᠠᠰᠤᠷᠠᠯ ᠤᠨ ᠲᠤᠬᠠᠶ ᠶᠢᠨ ᠲᠠᠯᠠᠪᠠᠶ ᠳᠤ᠂ ᠬᠤᠰᠢᠭᠤᠨ ᠤ ᠣᠶ ᠰᠢᠭᠤᠶ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠠᠵᠢᠯᠲᠠᠳ ᠤᠷᠢᠳᠠᠪᠠᠷ ᠰᠤᠮᠤᠨ ᠤ | ᠭᠠᠯ ᠤᠨᠲᠠᠷᠠᠭᠠᠬᠤ ᠠᠩᠭᠢ ᠶᠢᠨ ᠭᠡᠰᠢᠭᠦᠨ ᠵᠢᠴᠢ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠵᠢᠯᠲᠠᠨ ᠵᠡᠷᠭᠡ ᠳᠤ ᠭᠠᠯ ᠤᠨᠲᠠᠷᠠᠭᠠᠬᠤ ᠮᠠᠰᠢᠨ ᠤ ᠣᠭ ᠶᠣᠰᠣ᠂ | ᠪᠦᠲᠦᠴᠡ ᠶᠢ ᠨᠠᠷᠢᠨ ᠲᠠᠶᠢᠯᠪᠤᠷᠢᠯᠠᠬᠤ ᠶᠢᠨ ᠬᠠᠮᠲᠤ᠂ ᠲᠣᠰ ᠭᠠᠵᠠᠷ ᠤᠨ ᠭᠠᠯ ᠤᠨ ᠠᠶᠤᠯ ᠤᠨ ᠬᠡᠷᠡᠭ ᠤᠨ ᠵᠢᠱᠢᠶ᠎ᠡ ᠲᠠᠢ ᠤᠶᠠᠯᠳᠤᠭᠤᠯᠤᠨ᠂ ᠭᠠᠯ ᠤᠨᠲᠠᠷᠠᠭᠠᠬᠤ | ᠮᠠᠰᠢᠨ ᠢ ᠵᠥᠪ ᠬᠡᠷᠡᠭᠯᠡᠨ ᠭᠠᠯ ᠤᠨᠲᠠᠷᠠᠭᠠᠬᠤ ᠳᠤᠮᠳᠠᠬᠢ ᠵᠠᠩᠭᠢᠯᠠᠭ᠎ᠠ ᠶᠢᠨ ᠦᠢᠯᠡᠳᠦᠯ ᠢ ᠲᠣᠳᠣᠷᠬᠠᠶᠢᠯᠠᠨ ᠥᠭᠦᠯᠡᠪᠡ᠃ ᠳᠠᠷᠠᠭ᠎ᠠ ᠨᠢ᠂ ᠪᠣᠳᠠᠲᠠᠶ ᠬᠢᠬᠦ | ᠭᠤᠭᠴᠤᠭ᠎ᠠ ᠳᠤ ᠣᠷᠣᠵᠤ᠂ ᠮᠡᠷᠭᠡᠵᠢᠯ ᠤᠨ ᠠᠵᠢᠯᠲᠠᠨ ᠭᠠᠯ ᠤᠨᠲᠠᠷᠠᠭᠠᠬᠤ ᠮᠠᠰᠢᠨ ᠢ ᠡᠬᠢᠯᠡᠭᠦᠯᠬᠦ᠂ ᠲᠤᠰᠤᠨ ᠡᠭᠦᠳᠡᠨ ᠤ ᠡᠵᠡᠮᠳᠡᠬᠦ᠂ ᠭᠠᠯ ᠤᠨᠲᠠᠷᠠᠭᠠᠬᠤ ᠳᠦᠷᠰᠦ | ᠪᠠᠶᠢᠳᠠᠯ ᠵᠢᠴᠢ ᠠᠳᠠᠯᠢ ᠪᠤᠰᠤ ᠭᠠᠯ ᠲᠦᠢᠮᠡᠷ ᠤᠨ ᠪᠠᠶᠢᠳᠠᠯ ᠳᠣᠤᠷᠠᠬᠢ ᠠᠷᠭᠠᠴᠠᠬᠤ ᠤᠷ᠎ᠠ ᠮᠡᠷᠭᠡᠵᠢᠯ ᠢ ᠳᠡᠯᠭᠡᠨ ᠦᠵᠡᠭᠦᠯᠵᠦ᠂ ᠠᠵᠢᠯᠯᠠᠬᠤ ᠦᠶ᠎ᠡ ᠶᠢᠨ ᠠᠮᠤᠷ | ᠲᠦᠪᠰᠢᠨ ᠤ ᠭᠤᠤᠯᠳᠠᠯᠭ᠎ᠠ ᠶᠢ ᠴᠢᠬᠤᠯᠠᠴᠢᠯᠠᠨ᠂ ᠵᠢᠱᠢᠶᠡᠯᠡᠪᠡᠯ ᠵᠥᠪ ᠵᠠᠶ ᠶᠢ ᠪᠠᠲᠤᠯᠠᠬᠤ᠂ ᠰᠠᠯᠬᠢᠨ ᠤ ᠴᠢᠭᠯᠡᠯ ᠢ ᠠᠩᠬᠠᠷᠬᠤ ᠵᠡᠷᠭᠡ ᠪᠣᠯᠤᠨ᠎ᠠ᠃ ᠪᠣᠯᠪᠠᠰᠤᠷᠠᠯ ᠳᠤ | ᠣᠷᠣᠯᠴᠠᠭᠰᠠᠳ ᠢᠳᠡᠪᠬᠢᠲᠡᠶ ᠪᠠᠷ ᠭᠠᠷ ᠳᠦᠷᠦᠵᠦ ᠪᠣᠯᠪᠠᠰᠤᠷᠠᠨ᠂ ᠮᠡᠷᠭᠡᠵᠢᠯ ᠤᠨ ᠠᠵᠢᠯᠲᠠᠨ ᠨᠢᠭᠡ ᠨᠢᠭᠡ ᠪᠠᠷ ᠵᠢᠯᠣᠭᠤᠳᠤᠨ ᠵᠠᠯᠠᠷᠠᠭᠤᠯᠵᠤ᠂ ᠰᠤᠷᠤᠭᠴᠢ ᠨᠢᠭᠡᠪᠦᠷᠢ | ᠴᠥᠮ ᠠᠵᠢᠯᠯᠠᠭᠠᠨ ᠤ ᠠᠷᠭ᠎ᠠ ᠵᠠᠮ ᠢᠶᠠᠨ ᠪᠣᠯᠪᠠᠰᠤᠷᠠᠩᠭᠤᠶ ᠡᠵᠡᠮᠰᠢᠬᠦ ᠶᠢ ᠦᠨᠡᠨᠬᠦ ᠪᠠᠲᠤᠯᠠᠪᠠ᠃ | ᠲᠣᠰ ᠤᠳᠠᠭᠠᠨ ᠤ ᠪᠣᠯᠪᠠᠰᠤᠷᠠᠯ ᠨᠢ ᠳᠠᠯᠠᠢ ᠰᠤᠮᠤ ᠶᠢᠨ ᠭᠠᠯ ᠢ ᠰᠡᠷᠭᠡᠶᠢᠯᠡᠬᠦ ᠬᠥᠮᠦᠰ ᠤᠨ ᠪᠣᠳᠠᠲᠠᠶ ᠪᠣᠯᠪᠠᠰᠤᠷᠠᠯ ᠤᠨ ᠬᠢᠷᠢ ᠲᠦᠪᠰᠢᠨ ᠢ | ᠳᠡᠭᠡᠭᠰᠢᠯᠡᠭᠦᠯᠦᠭᠰᠡᠨ ᠢᠶᠠᠷ ᠪᠠᠷᠠᠬᠤ ᠥᠬᠡᠶ᠂ ᠪᠠᠰᠠ ᠲᠡᠳᠡᠨ ᠤ ᠭᠠᠯ ᠤᠨ ᠠᠶᠤᠯ ᠢ ᠰᠡᠷᠭᠡᠶᠢᠯᠡᠨ ᠡᠵᠡᠮᠳᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ | ᠴᠢᠳᠠᠪᠤᠷᠢ ᠶᠢ ᠴᠢᠩᠭᠠᠷᠠᠭᠤᠯᠵᠤ᠂ ᠲᠤᠬᠠᠶ ᠶᠢᠨ ᠭᠠᠵᠠᠷ ᠤᠨ ᠣᠶ ᠰᠢᠭᠤᠶ ᠪᠠ ᠨᠤᠲᠤᠭ ᠪᠡᠯᠴᠢᠭᠡᠷ ᠤᠨ ᠡᠬᠢ ᠪᠠᠶᠠᠯᠢᠭ ᠢ ᠰᠠᠬᠢᠨ ᠬᠠᠮᠠᠭᠠᠯᠠᠬᠤ ᠳᠤ ᠠᠮᠤᠷ | ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠭᠰᠠᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠤᠰᠢᠭᠤᠨ ᠤ ᠣᠶ ᠰᠢᠭᠤᠶ ᠪᠠ ᠨᠤᠲᠤᠭ | ᠪᠡᠯᠴᠢᠭᠡᠷ ᠤᠨ ᠲᠣᠪᠴᠢᠶ᠎ᠠ ᠬᠠᠮᠢᠶ᠎ᠠ ᠪᠥᠬᠦᠶ ᠪᠣᠯᠪᠠᠰᠤᠷᠠᠯ ᠪᠠ ᠰᠣᠷᠢᠯᠲᠠ ᠶᠢᠨ ᠠᠵᠢᠯᠯᠠᠭ᠎ᠠ ᠶᠢ ᠦᠷᠭᠦᠯᠵᠢᠯᠡᠨ ᠥᠷᠨᠢᠭᠦᠯᠵᠦ᠂ ᠦᠨᠳᠦᠰᠦᠨ ᠱᠠᠲᠤᠨ ᠤ ᠭᠠᠯ ᠤᠨ | ᠠᠶᠤᠯ ᠢ ᠰᠡᠷᠭᠡᠶᠢᠯᠡᠨ ᠡᠵᠡᠮᠳᠡᠬᠦ ᠴᠢᠳᠠᠪᠤᠷᠢ ᠶᠢ ᠤᠯᠠᠮ ᠳᠡᠭᠡᠭᠰᠢᠯᠡᠭᠦᠯᠦᠨ᠎ᠡ᠃ | | |