ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2025/3/28
      3 ᠰᠠᠷ᠎ᠠ ᠶᠢᠨ 27 ᠤ ᠡᠳᠦᠷ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠠᠷᠪᠠᠳᠤᠭᠠᠷ ᠬᠤᠭᠤᠴᠠᠭᠠᠨ ᠤ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠬᠤᠷᠠᠯᠳᠤᠵᠤ᠂ ᠬᠤᠰᠢᠭᠤᠨ ᠤ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶᠠᠨ ᠤ ᠳᠡᠳ᠋ ᠡᠷᠬᠢᠯᠡᠭᠴᠢ ᠸᠠᠩ ᠴᠢᠤᠸᠠᠨ ᠬᠤᠷᠠᠯ ᠳᠤ ᠣᠷᠣᠯᠴᠠᠪᠠ᠃
3.28工会.jpg
      ᠬᠤᠷᠠᠯ ᠠᠴᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠠᠷᠪᠠᠳᠤᠭᠠᠷ ᠬᠤᠭᠤᠴᠠᠭᠠᠨ ᠤ ᠵᠥᠪᠯᠡᠯ ᠤᠨ ᠬᠤᠶᠠᠳᠤᠭᠠᠷ ᠪᠥᠬᠦᠳᠡ ᠬᠤᠷᠠᠯ ᠤᠨ ᠰᠣᠩᠭᠤᠭᠤᠯᠢ ᠶᠢᠨ ᠠᠷᠭ᠎ᠠ︾ ︽ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠠᠷᠪᠠᠳᠤᠭᠠᠷ ᠬᠤᠭᠤᠴᠠᠭᠠᠨ ᠤ ᠵᠥᠪᠯᠡᠯ ᠤᠨ ᠬᠤᠶᠠᠳᠤᠭᠠᠷ ᠪᠥᠬᠦᠳᠡ ᠬᠤᠷᠠᠯ ᠤᠨ ᠪᠢᠯᠧᠲ ᠬᠢᠨᠠᠭᠴᠢ ᠶᠢᠨ ᠨᠡᠷᠡᠰ︾ ᠵᠢᠴᠢ ᠬᠤᠯᠪᠣᠭᠳᠠᠯ ᠪᠥᠬᠦᠶ ᠠᠵᠢᠯᠲᠠᠨ ᠤ ᠶᠠᠪᠤᠳᠠᠯ ᠤᠨ ᠵᠦᠢᠯᠡᠰ ᠢ ᠬᠢᠨᠠᠨ ᠵᠥᠪᠯᠡᠵᠦ ᠪᠠᠲᠤᠯᠠᠨ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠠᠷᠪᠠᠳᠤᠭᠠᠷ ᠬᠤᠭᠤᠴᠠᠭᠠᠨ ᠤ ᠪᠠᠶᠢᠩᠭᠤ ᠶᠢᠨ ᠬᠤᠷᠢᠶᠠᠨ ᠤ ᠭᠡᠰᠢᠭᠦᠨ 1 ᠬᠦᠮᠦᠨ ᠢ ᠰᠣᠩᠭᠤᠨ ᠭᠠᠷᠭᠠᠪᠠ᠃      ᠬᠤᠷᠠᠯ ᠠᠴᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠳᠤᠭᠠᠷ ᠬᠤᠭᠤᠴᠠᠭᠠᠨ ᠤ ᠵᠥᠪᠯᠡᠯ ᠤᠨ ᠠᠵᠢᠯ ᠤᠨ ᠮᠡᠳᠡᠭᠦᠯᠦᠯᠲᠡ︾ ᠪᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠠᠵᠢᠯᠴᠢᠨ ᠤ ᠶᠡᠷᠦᠩᠬᠡᠢ ᠡᠪᠯᠡᠯ ᠤᠨ ᠠᠷᠪᠠᠳᠤᠭᠠᠷ ᠬᠤᠭᠤᠴᠠᠭᠠᠨ ᠤ ᠬᠢᠨᠠᠨ ᠪᠠᠶᠢᠴᠠᠭᠠᠯᠲᠠ ᠶᠢᠨ ᠠᠵᠢᠯ ᠤᠨ ᠮᠡᠳᠡᠭᠦᠯᠦᠯᠲᠡ︾ ᠶᠢ ᠰᠣᠨᠣᠰᠴᠤ᠂ 2025 ᠣᠨ ᠤ ᠠᠵᠢᠯ ᠢ ᠲᠤᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠬᠦᠰᠡᠯᠡᠩ ᠢᠲᠡᠭᠡᠯ ᠵᠣᠷᠢᠭ ᠢᠶᠠᠨ ᠪᠠᠲᠤᠳᠬᠠᠵᠤ᠂ ᠠᠵᠢᠯᠴᠢᠨ ᠤ ᠡᠪᠯᠡᠯ ᠤᠨ ᠠᠵᠢᠯ ᠤᠨ ᠵᠥᠪ ᠤᠯᠤᠰ ᠲᠥᠷᠥ ᠶᠢᠨ ᠴᠢᠭᠯᠡᠯ ᠢ ᠢᠮᠠᠭᠲᠠ ᠪᠠᠷᠢᠮᠲᠠᠯᠠᠵᠤ᠂ ᠨᠠᠮ ᠵᠠᠰᠠᠭ ᠤᠨ ᠬᠡᠷᠡᠭᠴᠡᠭᠡ᠂ ᠠᠵᠢᠯᠲᠠᠨ ᠠᠵᠢᠯᠴᠢᠨ ᠤ ᠬᠦᠰᠡᠯ᠂ ᠠᠵᠢᠯᠴᠢᠨ ᠤ ᠡᠪᠯᠡᠯ ᠤᠨ ᠴᠢᠳᠠᠯ ᠤᠨ ᠬᠢᠷᠢ ᠪᠠᠷ ᠢᠶᠠᠨ ᠤᠶᠠᠯᠳᠤᠬᠤ ᠴᠡᠭ ᠪᠠ ᠬᠦᠴᠦᠯᠡᠬᠦ ᠴᠡᠭ ᠢᠶᠠᠨ ᠣᠨᠣᠪᠴᠢᠲᠠᠶ ᠣᠯᠵᠤ᠂ ᠬᠠᠷᠢᠭᠤᠴᠠᠯᠭ᠎ᠠ ᠪᠠᠨ ᠴᠢᠩᠭ᠎ᠠ ᠪᠣᠳᠠᠲᠠᠶᠢᠵᠢᠭᠤᠯᠵᠤ᠂ ᠨᠢᠭᠡᠳᠦᠯᠲᠡᠶ ᠲᠥᠯᠥᠪᠵᠢᠭᠦᠯᠬᠦ ᠪᠠᠨ ᠴᠢᠩᠭᠠᠳᠬᠠᠵᠤ᠂ ᠪᠥᠬᠦ ᠬᠤᠰᠢᠭᠤᠨ ᠤ ᠬᠥᠭᠵᠢᠯᠲᠡ ᠳᠤ ᠠᠵᠢᠯᠴᠢᠨ ᠤ ᠡᠪᠯᠡᠯ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ