ᠮᠠᠨ ᠤ ᠬᠤᠰᠢᠭᠤ ᠠᠶᠤᠯᠭᠦᠶ ᠦᠢᠯᠡᠳᠪᠦᠷᠢᠯᠡᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/28
      3 ᠰᠠᠷ᠎ᠠ ᠶᠢᠨ 27 ᠤ ᠡᠳᠦᠷ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠡᠯ᠎ᠡ ᠪᠦᠷᠢᠯᠳᠦᠬᠦᠨ ᠨᠢᠭᠡᠴᠡ ᠶᠢ ᠵᠣᠬᠢᠶᠠᠨ ᠪᠠᠶᠢᠭᠤᠯᠵᠤ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠭᠡᠰᠢᠭᠦᠨ᠂ ᠵᠠᠰᠠᠭ ᠤᠨ ᠣᠷᠳᠣᠨ ᠤ ᠳᠡᠳ᠋‌ᠬᠤᠰᠢᠭᠤᠨ ᠳᠠᠷᠤᠭ᠎ᠠ ᠢᠦᠶ ᠸᠧᠨ ᠴᠧᠩ ᠬᠤᠷᠠᠯ ᠢ ᠡᠷᠭᠢᠯᠡᠵᠦ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
3.28联席会1.jpg
      ᠬᠤᠷᠠᠯ ᠠᠴᠠ᠂ ᠬᠤᠲᠠ ᠶᠢᠨ ᠳᠡᠳ᠋ ᠳᠠᠷᠤᠭ᠎ᠠ ᠵᠢᠶᠠ ᠰᠢᠶᠣᠣ ᠮᠢᠩ ᠤᠨ ᠲᠥᠪ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠬᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠪᠣᠯᠣᠨ ᠬᠤᠲᠠ ᠶᠢᠨ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠪᠣᠳᠠᠲᠠᠢ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠭᠰᠠᠨ ᠪᠥᠭᠡᠳ ᠨᠠᠷᠢᠨ ᠨᠢᠮᠪᠠᠢ ᠲᠣᠬᠢᠷᠠᠭᠤᠯᠤᠨ ᠪᠠᠶᠢᠷᠢᠯᠠᠭᠤᠯᠪᠠ᠃      ᠬᠤᠷᠠᠯ ᠠᠴᠠ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠶᠡᠷᠦᠩᠬᠡᠢ ᠱᠦᠵᠢ ᠰᠢ ᠶᠢᠨ ᠫᠢᠩ ᠤᠨ ᠠᠶᠤᠯᠭᠦᠢ ᠦᠢᠯᠡᠳᠪᠦᠷᠢᠯᠡᠯ ᠤᠨ ᠲᠤᠬᠠᠢ ᠴᠢᠬᠤᠯᠠ ᠥᠭᠦᠯᠡᠯᠲᠡ ᠶᠢ ᠨᠠᠷᠢᠨ ᠬᠢᠨᠠᠮᠠᠭᠠᠢ ᠲᠤᠤᠱᠯᠠᠭᠤᠯᠵᠤ᠂ ᠲᠥᠪ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠵᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ ᠪᠠᠶᠢᠴᠠᠭᠠᠯᠲᠠ ᠪᠠᠷ ᠠᠵᠠ ᠲᠣᠬᠢᠶᠠᠯ ᠪᠣᠯᠭᠠᠨ᠂ ᠣᠷᠣᠰᠢᠵᠤ ᠪᠠᠶᠢᠭ᠎ᠠ ᠠᠰᠠᠭᠤᠳᠠᠯ ᠤᠨ ᠳᠠᠯᠳᠠ ᠭᠡᠮ ᠢ ᠪᠦᠬᠦ ᠲᠠᠯ᠎ᠠ ᠪᠠᠷ ᠥᠪᠡᠷ ᠢᠶᠠᠨ ᠪᠠᠶᠢᠴᠠᠭᠠᠵᠤ᠂ ᠲᠥᠪ ᠤᠨ ᠲᠣᠭᠤᠷᠢᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠨᠠᠷᠢᠨ ᠬᠢᠨᠠᠮᠠᠭᠠᠢ ᠥᠪᠡᠷ ᠢ ᠪᠠᠨ ᠪᠠᠶᠢᠴᠠᠭᠠᠵᠤ᠂ ᠲᠣᠭᠤᠷᠢᠨ ᠪᠠᠶᠢᠴᠠᠭᠠᠬᠤ ᠠᠴᠠ ᠡᠮᠦᠨᠡᠬᠢ ᠪᠡᠯᠡᠳᠬᠡᠯ ᠢ ᠰᠠᠶᠢᠲᠤᠷ ᠬᠢᠬᠦ ᠬᠡᠷᠡᠭᠲᠡᠢ᠃ ᠬᠤᠶᠠᠷ ᠲᠤ ᠡᠯ᠎ᠡ ᠲᠠᠯ᠎ᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠠᠵᠤ ᠠᠬᠤᠶᠢᠯᠠᠯ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠡᠭᠦᠷᠭᠡᠯᠡᠵᠦ᠂ ᠬᠢᠨᠠᠨ ᠬᠠᠮᠢᠶᠠᠷᠬᠤ ᠰᠠᠯᠠᠭ᠎ᠠ ᠮᠥᠴᠢᠷ ᠪᠠ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠬᠢᠨᠠᠯᠲᠠ ᠲᠠᠯᠪᠢᠵᠤ ᠵᠢᠯᠣᠭᠤᠳᠬᠤ ᠪᠠᠨ ᠴᠢᠩᠭᠠᠳᠬᠠᠵᠤ᠂ ᠠᠵᠤ ᠠᠬᠤᠶᠢᠯᠠᠯ ᠢ ᠱᠠᠯᠠᠪᠳᠠᠭᠤᠯᠤᠨ ᠬᠠᠪᠰᠤᠷᠴᠤ ᠪᠠᠶᠢᠭᠠᠳ ᠠᠮᠤᠷ ᠲᠦᠪᠰᠢᠨ ᠤ ᠬᠠᠮᠢᠶᠠᠷᠤᠯᠲᠠ ᠶᠢᠨ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠭᠤᠷᠪᠠ ᠳᠤ ᠣᠶᠢᠷ᠎ᠠ ᠶᠢᠨ ᠭᠤᠷᠪᠠᠨ ᠵᠢᠯ ᠠᠴᠠ ᠨᠠᠰᠢᠬᠢ ᠳᠡᠭᠡᠳᠦ ᠱᠠᠲᠤᠨ ᠤ ᠡᠯ᠎ᠡ ᠰᠠᠯᠠᠭ᠎ᠠ ᠮᠥᠴᠢᠷ ᠤᠨ ᠱᠠᠯᠠᠪᠳᠠᠭᠤᠯᠤᠨ ᠪᠠᠶᠢᠴᠠᠭᠠᠵᠤ ᠬᠠᠷᠢᠭᠤ ᠲᠤᠰᠬᠠᠭᠰᠠᠨ ᠠᠰᠠᠭᠤᠳᠠᠯ ᠢ ᠴᠡᠭᠴᠡᠯᠡᠨ ᠰᠠᠶᠢᠵᠢᠷᠠᠭᠤᠯᠤᠭᠰᠠᠨ ᠪᠠᠶᠢᠳᠠᠯ ᠢ ︽ᠪᠤᠴᠠᠵᠤ ᠪᠠᠶᠢᠴᠠᠭᠠᠨ ᠦᠵᠡᠬᠦ︾ ᠶᠢ ᠪᠥᠬᠦ ᠲᠠᠯ᠎ᠠ ᠪᠠᠷ ᠡᠮᠬᠢᠯᠡᠵᠦ᠂ ᠳᠠᠬᠢᠨ ᠳᠠᠪᠲᠠᠨ ᠴᠡᠭᠴᠡᠯᠡᠨ ᠰᠠᠶᠢᠵᠢᠷᠠᠭᠤᠯᠬᠤ ᠶᠢ ᠪᠠᠲᠤᠯᠠᠵᠤ᠂ ᠪᠥᠬᠦ ᠬᠤᠰᠢᠭᠤᠨ ᠤ ᠠᠶᠤᠯᠭᠦᠶ ᠦᠶ᠋ᠯᠡᠳᠪᠦᠷᠢᠯᠡᠯ ᠤᠨ ᠪᠠᠶᠢᠳᠠᠯ ᠤᠨ ᠲᠣᠭᠲᠠᠭᠤᠨ ᠪᠠᠶᠢᠬᠤ ᠶᠢ ᠦᠷᠭᠦᠯᠵᠢᠯᠡᠨ ᠪᠠᠲᠤᠯᠠᠬᠤ ᠬᠡᠷᠡᠭᠲᠡᠢ ᠭᠡᠵᠦ ᠱᠠᠭᠠᠷᠳᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ