ᠰᠢᠨ᠎ᠡ ᠪᠠᠷᠭᠤ ᠪᠠᠷᠠᠭᠤᠨ ᠬᠤᠰᠢᠭᠤ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ | ᠣᠳᠣᠬᠢᠴᠢᠯᠠᠭᠰᠠᠨ ᠰᠢᠨ᠎ᠡ ᠮᠠᠯᠵᠢᠬᠤ ᠣᠷᠣᠨ ᠢ ᠪᠦᠳᠦᠭᠡᠨ ᠪᠠᠶᠢᠭᠤᠯᠬᠤ ᠪᠠᠷ ᠭᠤᠣᠯ ᠰᠢᠵᠢᠮ ᠪᠣᠯᠭᠠᠨ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ | ᠲᠣᠮᠢᠯᠠᠭᠳᠠᠭᠴᠢ ᠪᠠᠷ ᠬᠥᠭᠦᠷᠭᠡ ᠬᠤᠯᠪᠣᠭᠠᠰᠤ ᠪᠣᠯᠭᠠᠵᠤ᠂ ᠦᠢᠯᠡᠴᠢᠯᠡᠭᠡ ᠪᠠᠷ ᠭᠠᠷᠳᠠᠴᠠ ᠪᠣᠯᠭᠠᠵᠤ᠂ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠠᠪᠰᠤᠷᠤᠨ | ᠲᠡᠳᠬᠦᠬᠦ ᠶᠢ ᠭᠦᠨᠵᠡᠭᠡᠢ ᠥᠷᠨᠢᠭᠦᠯᠵᠦ᠂ ᠠᠷᠭ᠎ᠠ ᠪᠦᠬᠦᠨ ᠢ ᠰᠦᠪᠡᠭᠴᠢᠯᠡᠨ ᠲᠠᠷᠢᠶᠠᠯᠠᠩ ᠮᠠᠯ ᠠᠵᠤ ᠠᠬᠤᠢ ᠶᠢᠨ ᠦᠷ᠎ᠡ ᠠᠰᠢᠭ ᠢ ᠨᠡᠮᠡᠭᠳᠡᠭᠦᠯᠬᠦ᠂ ᠮᠠᠯᠵᠢᠬᠤ | ᠣᠷᠣᠨ ᠤ ᠠᠮᠢᠵᠢᠷᠠᠯ ᠤᠨ ᠬᠦᠴᠦᠨ ᠢ ᠨᠡᠮᠡᠭᠳᠡᠭᠦᠯᠬᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠠᠬᠢᠭᠤᠯᠵᠤ᠂ ᠬᠥᠳᠡᠭᠡ ᠲᠣᠰᠬᠤᠨ ᠢ ᠬᠥᠭᠵᠢᠭᠦᠯᠦᠨ | ᠮᠠᠨᠳᠤᠭᠤᠯᠬᠤ ᠪᠠ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠪᠠ᠃ | | | | ᠣᠶᠢᠷ᠎ᠠ ᠳᠤ᠂ ᠬᠤᠰᠢᠭᠤᠨ ᠤ ᠰᠢᠨᠵᠢᠯᠡᠬᠦ ᠤᠬᠠᠭᠠᠨ ᠮᠡᠷᠭᠡᠵᠢᠯ ᠤᠨ ᠦᠢᠯᠡᠰ ᠤᠨ ᠬᠥᠭᠵᠢᠯᠲᠡ ᠶᠢᠨ ᠲᠥᠪ ᠠᠴᠠ ︽ᠠᠵᠢᠨᠠᠢ︾ ᠰᠢᠨᠵᠢᠯᠡᠬᠦ ᠤᠬᠠᠭᠠᠨ | ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠢᠯᠡᠴᠢᠯᠡᠭᠡᠨ ᠤ ᠭᠤᠤᠯᠯᠠᠭᠴᠢ ᠬᠦᠴᠦᠨ ᠢ ᠵᠣᠬᠢᠶᠠᠨ ᠪᠠᠶᠢᠭᠤᠯᠵᠤ ︽ᠰᠢᠨᠵᠢᠯᠡᠬᠦ ᠤᠬᠠᠭᠠᠨ ᠮᠡᠷᠭᠡᠵᠢᠯ ᠢ ᠬᠥᠳᠡᠭᠡ | ᠪᠠᠭᠤᠯᠭᠠᠬᠤ᠂ ᠮᠠᠯᠵᠢᠬᠤ ᠣᠷᠣᠨ ᠳᠤ ᠠᠰᠢᠭ ᠬᠦᠷᠲᠡᠭᠡᠬᠦ᠂ ᠬᠠᠪᠤᠷ ᠤᠨ ᠤᠯᠠᠷᠢᠯ ᠤᠨ ᠲᠥᠯ ᠲᠤᠰᠬᠤ ᠳᠤ ᠦᠢᠯᠡᠴᠢᠯᠡᠵᠦ ᠣᠷᠣᠯᠭ᠎ᠠ ᠪᠠᠨ ᠨᠡᠮᠡᠭᠳᠡᠭᠦᠯᠬᠦ ᠶᠢ | ᠠᠬᠢᠭᠤᠯᠬᠤ︾ ᠠᠵᠢᠯᠯᠠᠭ᠎ᠠ ᠥᠷᠨᠢᠭᠦᠯᠪᠡ᠃ ᠰᠢᠨᠵᠢᠯᠡᠬᠦ ᠤᠬᠠᠭᠠᠨ ᠮᠡᠷᠭᠡᠵᠢᠯ ᠤᠨ ᠠᠵᠢᠯᠲᠠᠳ ᠡᠯ᠎ᠡ ᠰᠤᠮᠤ ᠪᠠᠯᠭᠠᠰᠤᠨ ᠤ ᠮᠠᠯ ᠠᠵᠤ ᠠᠬᠤᠶ ᠶᠢᠨ ᠠᠵᠤ | ᠦᠶ᠋ᠯᠡᠰ ᠤᠨ ᠣᠨᠴᠠᠯᠢᠭ ᠪᠠ ᠲᠥᠯ ᠲᠤᠰᠴᠤ ᠪᠤᠶᠢᠵᠢᠭᠤᠯᠬᠤ ᠬᠡᠷᠡᠭᠴᠡᠭᠡ ᠳᠤ ᠴᠢᠭᠯᠡᠭᠦᠯᠦᠨ᠂ ᠠᠯᠳ᠋ᠬᠠᠮᠡᠭᠡᠯ ᠪᠠᠯᠭᠠᠰᠤ᠂ ᠪᠤᠶᠢᠷ ᠰᠤᠮᠤ᠂ ᠪᠣᠭᠳᠠᠠᠭᠤᠯᠠ ᠰᠤᠮᠤ ᠵᠡᠷᠭᠡ | ᠭᠤᠷᠪᠠᠨ ᠰᠤᠮᠤ ᠪᠠᠯᠭᠠᠰᠤᠨ ᠳᠤ ᠭᠦᠨᠵᠡᠭᠡᠶᠢᠷᠡᠨ ᠶᠠᠷᠢᠯᠴᠠᠬᠤ ᠬᠤᠷᠠᠯ ᠬᠢᠭᠰᠡᠨ ᠪᠥᠭᠡᠳ ᠮᠠᠯᠵᠢᠬᠤ ᠡᠷᠦᠬᠡ ᠳᠤ ᠭᠦᠨᠵᠡᠭᠡᠶᠢᠷᠡᠨ ᠣᠳᠣᠬᠠᠨ ᠤ ᠦᠶ᠋ᠯᠡᠳᠪᠦᠷᠢᠯᠡᠯ | ᠠᠮᠢᠳᠤᠷᠠᠯ ᠤᠨ ᠪᠠᠶᠢᠳᠠᠯ ᠢ ᠣᠶᠢᠯᠠᠭᠠᠵᠤ᠂ ᠡᠪᠡᠰᠦ ᠪᠣᠷᠳᠤᠭ᠎ᠠ ᠨᠥᠭᠡᠴᠡᠯᠡᠬᠦ᠂ ᠬᠠᠰᠢᠶ᠎ᠠ ᠰᠠᠷᠠᠪᠴᠢ ᠶᠢ ᠳᠤᠯᠠᠭᠠᠯᠠᠬᠤ᠂ ᠠᠷᠢᠭᠤᠳᠬᠠᠬᠤ᠂ ᠬᠢᠵᠢᠭ ᠡᠪᠡᠳᠴᠢᠨ ᠢ | ᠰᠡᠷᠭᠡᠶᠢᠯᠡᠨ ᠡᠵᠡᠮᠳᠡᠬᠦ᠂ ᠮᠠᠯ ᠤᠨ ᠡᠮ ᠢ ᠬᠠᠳᠠᠭᠠᠯᠠᠬᠤ ᠵᠡᠷᠭᠡ ᠡᠮᠦᠨᠡᠬᠢ ᠬᠤᠭᠤᠴᠠᠭᠠᠨ ᠤ ᠪᠡᠯᠡᠳᠬᠡᠯ ᠠᠵᠢᠯ ᠢ ᠲᠤᠬᠠᠶ ᠶᠢᠨ ᠭᠠᠵᠠᠷ ᠲᠤᠨᠢ ᠣᠶᠢᠯᠠᠭᠠᠪᠠ᠃ | ᠡᠭᠦᠨ ᠠᠴᠠ ᠭᠠᠳᠠᠨ᠎ᠠ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠲᠥᠯ ᠲᠤᠰᠬᠤ ᠬᠤᠭᠤᠴᠠᠭᠠᠨ ᠳᠤ ᠬᠤᠪᠢ ᠬᠥᠮᠦᠨ ᠤ ᠰᠡᠷᠭᠡᠶᠢᠯᠡᠨ | ᠬᠠᠮᠠᠭᠠᠯᠠᠬᠤ ᠠᠷᠭ᠎ᠠ ᠬᠡᠮᠵᠢᠶ᠎ᠡ ᠶᠢ ᠬᠦᠯᠢᠴᠡᠩᠭᠦᠶ ᠪᠠᠷ ᠲᠠᠶᠢᠯᠪᠤᠷᠢᠯᠠᠨ ᠶᠠᠷᠢᠵᠤ᠂ ᠡᠯ᠎ᠡ ᠵᠦᠢᠯ ᠤᠨ ᠠᠮᠢᠲᠠᠨ ᠤ ᠬᠢᠵᠢᠭ ᠡᠪᠡᠳᠴᠢᠨ ᠢ ᠰᠡᠷᠭᠡᠶᠢᠯᠡᠬᠦ ᠮᠠᠲ᠋ᠧᠷᠢᠶᠠᠯ᠂ | ᠬᠠᠮᠠᠭᠠᠯᠠᠯᠲᠠ ᠶᠢᠨ ᠬᠤᠪᠴᠠᠰᠤ᠂ ᠪᠡᠭᠡᠯᠡᠶ ᠪᠠ ᠠᠮᠠᠪᠴᠢ ᠵᠡᠷᠭᠡ ᠶᠢ ᠢᠯᠡᠭᠡᠪᠡ᠃ ᠮᠠᠯᠴᠢᠳ ᠲᠤ ᠲᠥᠯ ᠲᠤᠰᠴᠤ ᠪᠤᠶᠢᠵᠢᠭᠤᠯᠬᠤ ᠬᠡᠷᠡᠭᠯᠡᠭᠡᠨ ᠤ ᠮᠡᠷᠭᠡᠵᠢᠯ ᠤᠨ | ᠵᠢᠯᠣᠭᠤᠳᠬᠤ ᠦᠢᠯᠡᠴᠢᠯᠡᠭᠡ ᠬᠠᠩᠭᠠᠵᠤ᠂ ᠮᠠᠯᠴᠢᠳ ᠤᠨ ᠲᠥᠯ ᠲᠤᠰᠴᠤ ᠪᠤᠶᠢᠵᠢᠭᠤᠯᠬᠤ ᠰᠢᠨᠵᠢᠯᠡᠬᠦ ᠤᠬᠠᠭᠠᠨ ᠮᠡᠷᠭᠡᠵᠢᠯ ᠤᠨ ᠴᠢᠳᠠᠪᠤᠷᠢ ᠶᠢ ᠶᠡᠬᠡᠪᠡᠷ | ᠳᠡᠭᠡᠭᠰᠢᠯᠡᠭᠦᠯᠪᠡ᠃ | | | |