ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ 2025 ᠣᠨ ᠤ ᠣᠷᠣᠨ ᠲᠤᠭ᠎ᠠ ᠠᠴᠠ ᠭᠠᠳᠠᠨᠠᠬᠢ ᠬᠥᠮᠦᠰ ᠢ ᠪᠦᠷᠢᠳᠬᠡᠬᠦ ᠠᠵᠢᠯ ᠢ ᠤᠷᠤᠭᠰᠢᠲᠠᠶ ᠪᠡᠶᠡᠯᠡᠭᠦᠯᠪᠡ
ᠨᠡᠶᠢᠲᠡᠯᠡᠭᠰᠡᠨ ᠴᠠᠭ᠄
2025/3/28
      ᠶᠡᠷᠦᠩᠬᠡᠢ ᠱᠦᠵᠢ ᠰᠢ ᠶᠢᠨ ᠫᠢᠩ ᠤᠨ ᠣᠷᠣᠨ ᠲᠣᠭᠠᠨ ᠠᠴᠠ ᠭᠠᠳᠠᠨᠠᠬᠢ ᠬᠥᠮᠦᠨ ᠬᠡᠷᠡᠭᠯᠡᠬᠦ ᠬᠠᠮᠢᠶᠠᠷᠤᠯᠲᠠ ᠶᠢ ᠯᠠᠪᠳᠠᠭᠤᠨ ᠪᠥᠭᠡᠳ ᠡᠮᠬᠢ ᠵᠢᠷᠤᠮ ᠲᠠᠢ ᠪᠠᠷ ᠵᠢᠷᠤᠮᠵᠢᠭᠤᠯᠬᠤ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠵᠢᠴᠢ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠵᠣᠬᠢᠶᠠᠨ ᠪᠠᠢᠭᠤᠯᠬᠤ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠢᠭᠤᠯᠤᠮᠵᠢ ᠶᠢᠨ ᠣᠷᠣᠨ ᠲᠣᠭᠠᠨ ᠤ ᠵᠥᠪᠯᠡᠯ ᠤᠨ ᠠᠯᠪᠠᠨ ᠭᠡᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠢᠭᠡᠮ ᠤᠨ ᠪᠠᠲᠤᠯᠠᠭ᠎ᠠ ᠶᠢᠨ ᠲᠣᠪᠴᠢᠶ᠎ᠠ ᠶᠢᠨ ᠠᠯᠪᠠᠨ ᠭᠡᠷ ᠤᠨ ᠠᠵᠢᠯᠲᠠᠨ ᠤ ᠣᠷᠣᠨ ᠲᠤᠭ᠎ᠠ ᠠᠴᠠ ᠭᠠᠳᠠᠨᠠᠬᠢ ᠬᠥᠮᠦᠰ ᠪᠠ ᠵᠠᠷᠤᠳᠠᠯ ᠤᠨ ᠶᠡᠷᠦᠩᠬᠡᠢ ᠬᠡᠮᠵᠢᠶ᠎ᠡ ᠶᠢ ᠬᠢᠵᠠᠭᠠᠷᠯᠠᠬᠤ ᠲᠤᠬᠠᠢ ᠮᠡᠳᠡᠭᠳᠡᠯ︾ ᠤᠨ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠶᠢᠨ ᠲᠤᠰᠠᠳᠠ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠣᠷᠣᠨ ᠲᠤᠭ᠎ᠠ ᠠᠴᠠ ᠭᠠᠳᠠᠨᠠᠬᠢ ᠬᠥᠮᠦᠰ ᠵᠢᠴᠢ ᠵᠠᠷᠤᠳᠠᠯ ᠤᠨ ᠵᠠᠷᠤᠯᠭ᠎ᠠ ᠶᠢ ᠨᠠᠢᠷᠠᠭᠤᠯᠤᠨ ᠮᠡᠳᠡᠭᠦᠯᠬᠦ ᠲᠤᠭ᠎ᠠ ᠪᠦᠷᠢᠳᠭᠡᠯ ᠤᠨ ᠠᠵᠢᠯ ᠢ ᠬᠢᠨᠠᠮᠠᠭᠠᠢ ᠵᠣᠬᠢᠶᠠᠨ ᠪᠠᠢᠭᠤᠯᠵᠤ ᠰᠠᠢᠲᠤᠷ ᠬᠢᠪᠡ᠃      2025 ᠣᠨ ᠤ ᠣᠷᠣᠨ ᠲᠤᠭ᠎ᠠ ᠠᠴᠠ ᠭᠠᠳᠠᠨᠠᠬᠢ ᠬᠥᠮᠦᠰ ᠵᠢᠴᠢ ᠵᠠᠷᠤᠳᠠᠯ ᠤᠨ ᠵᠠᠷᠤᠯᠭ᠎ᠠ ᠶᠢ ᠰᠠᠶᠢᠲᠤᠷ ᠪᠦᠷᠢᠳᠬᠡᠬᠦ ᠶᠢᠨ ᠲᠥᠯᠥᠭᠡ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠲᠤᠭ᠎ᠠ ᠪᠦᠷᠢᠳᠬᠡᠯ ᠤᠨ ᠠᠵᠢᠯ ᠢ ᠪᠡᠶᠡᠯᠡᠭᠦᠯᠪᠡ᠄ ᠨᠢᠭᠡ ᠳᠤ ᠣᠷᠣᠨ ᠲᠤᠭ᠎ᠠ ᠠᠴᠠ ᠭᠠᠳᠠᠨᠠᠬᠢ ᠬᠥᠮᠦᠰ ᠤᠨ ᠲᠤᠭ᠎ᠠ ᠵᠢᠴᠢ ᠡᠳ᠋ ᠤᠨ ᠵᠠᠰᠠᠭ ᠤᠨ ᠵᠠᠷᠤᠳᠠᠯ ᠤᠨ ᠵᠠᠷᠤᠯᠭ᠎ᠠ ᠶᠢᠨ ᠡᠬᠡ ᠲᠠᠩᠰᠠ ᠶᠢ ᠪᠦᠷᠢᠨᠰᠢᠬᠦᠯᠵᠦ᠂ ᠪᠥᠬᠦ ᠬᠤᠰᠢᠭᠤᠨ ᠤ ᠣᠷᠣᠨ ᠲᠤᠭ᠎ᠠ ᠠᠴᠠ ᠭᠠᠳᠠᠨᠠᠬᠢ ᠬᠥᠮᠦᠰ ᠤᠨ ᠪᠣᠳᠠᠲᠠᠶ ᠪᠠᠶᠢᠭ᠎ᠠ ᠲᠤᠭ᠎ᠠ ᠵᠢᠴᠢ ᠵᠠᠷᠤᠳᠠᠯ ᠤᠨ ᠵᠠᠷᠤᠯᠭ᠎ᠠ ᠶᠢᠨ ᠲᠤᠭ᠎ᠠ ᠪᠠᠷᠢᠮᠲᠠ ᠶᠢ ᠡᠮᠬᠢᠯᠡᠪᠡ᠃ ᠬᠤᠶᠠᠷ ᠲᠤ ᠣᠷᠣᠨ ᠲᠤᠭ᠎ᠠ ᠠᠴᠠ ᠭᠠᠳᠠᠨᠠᠬᠢ ᠬᠥᠮᠦᠰ ᠤᠨ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠲᠣᠭᠲᠠᠴᠠ ᠶᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠬᠢᠨᠠᠨ ᠲᠣᠭᠲᠠᠭᠠᠭᠰᠠᠨ ᠬᠢᠵᠠᠭᠠᠷᠯᠠᠬᠤ ᠲᠤᠭ᠎ᠠ ᠪᠠ ᠪᠣᠳᠠᠲᠠᠶ ᠪᠠᠶᠢᠬᠤ ᠲᠤᠭ᠎ᠠ ᠪᠠᠷ ᠰᠠᠭᠤᠷᠢ ᠲᠤᠭ᠎ᠠ ᠪᠣᠯᠭᠠᠵᠤ᠂ ᠶᠡᠷᠦᠩᠬᠡᠶ ᠬᠡᠮᠵᠢᠶ᠎ᠡ ᠶᠢ ᠬᠠᠮᠢᠶᠠᠷᠤᠨ ᠡᠵᠡᠮᠳᠡᠬᠦ ᠶᠢ ᠬᠡᠷᠡᠭᠵᠢᠭᠦᠯᠦᠨ᠂ ᠶᠡᠷᠦᠩᠬᠡᠶ ᠲᠤᠭ᠎ᠠ ᠶᠢ ᠪᠠᠭᠠᠰᠬᠠᠬᠤ ᠠᠴᠠ ᠪᠢᠰᠢ ᠨᠡᠮᠡᠭᠳᠡᠭᠦᠯᠬᠦ ᠥᠬᠡᠶ ᠪᠠᠶᠢᠬᠤ ᠶᠢ ᠦᠨᠡᠨ ᠬᠦ ᠪᠠᠲᠤᠯᠠᠪᠠ᠃ ᠭᠤᠷᠪᠠ ᠳᠤ ᠣᠷᠣᠨ ᠲᠤᠭ᠎ᠠ ᠠᠴᠠ ᠭᠠᠳᠠᠨᠠᠬᠢ ᠬᠥᠮᠥᠰ ᠤᠨ ᠡᠳ᠋ ᠤᠨ ᠵᠠᠰᠠᠭ ᠤᠨ ᠵᠠᠷᠤᠳᠠᠯ ᠤᠨ ᠵᠠᠷᠤᠯᠭ᠎ᠠ ᠶᠢ ᠴᠢᠩᠭ᠎ᠠ ᠬᠢᠵᠠᠭᠠᠷᠯᠠᠵᠤ᠂ ᠵᠠᠷᠴᠢᠮ ᠳᠡᠭᠡᠷ᠎ᠡ ᠪᠠᠨ ᠬᠢᠵᠠᠭᠠᠷᠯᠠᠬᠤ ᠲᠤᠭ᠎ᠠ ᠪᠠᠷ ᠰᠠᠭᠤᠷᠢ ᠲᠤᠭ᠎ᠠ ᠪᠣᠯᠭᠠᠵᠤ᠂ ᠳᠡᠭᠡᠳᠦ ᠱᠠᠲᠤᠨ ᠠᠴᠠ ᠲᠣᠳᠣᠷᠬᠠᠢ ᠲᠣᠭᠲᠠᠭᠠᠯ ᠲᠠᠢ ᠠᠴᠠ ᠭᠠᠳᠠᠨ᠎ᠠ᠂ ᠵᠠᠷᠤᠳᠠᠯ ᠤᠨ ᠵᠠᠷᠤᠯᠭ᠎ᠠ ᠶᠢ ᠬᠠᠰᠤᠬᠤ ᠠᠴᠠ ᠪᠢᠰᠢ ᠨᠡᠮᠡᠭᠳᠡᠭᠦᠯᠬᠦ ᠦᠭᠡᠢ ᠪᠠᠶᠢᠬᠤ ᠶᠢ ᠪᠠᠲᠤᠯᠠᠪᠠ᠃      ᠣᠷᠣᠨ ᠲᠣᠭᠠᠨ ᠤ ᠭᠠᠳᠠᠨᠠᠬᠢ ᠬᠥᠮᠦᠰ ᠤᠨ ᠬᠠᠮᠢᠶᠠᠷᠤᠯᠲᠠ ᠶᠢ ᠵᠢᠷᠤᠮᠵᠢᠭᠤᠯᠬᠤ ᠪᠣᠯ ᠲᠥᠪ ᠤᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠠᠷᠭ᠎ᠠ ᠬᠡᠮᠵᠢᠶ᠎ᠡ ᠪᠣᠯᠬᠤ ᠪᠥᠭᠡᠳ ᠮᠥᠨᠴᠦ ᠡᠳ᠋ ᠤᠨ ᠵᠠᠰᠠᠭ ᠤᠨ ᠳᠠᠷᠤᠭᠠᠰᠤ ᠶᠢ ᠬᠥᠩᠭᠡᠷᠡᠭᠦᠯᠬᠦ ᠶᠢᠨ ᠪᠣᠳᠠᠲᠤ ᠬᠡᠷᠡᠭᠴᠡᠭᠡ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠬᠠᠮᠢᠶ᠎ᠠ ᠪᠥᠬᠦᠶ ᠲᠣᠭᠲᠠᠭᠠᠯ ᠪᠠ ᠪᠠᠶᠢᠷᠢᠯᠠᠭᠤᠯᠤᠯᠲᠠ ᠶᠣᠰᠣᠭᠠᠷ᠂ ᠣᠷᠣᠨ ᠲᠤᠭ᠎ᠠ ᠶᠢᠨ ᠭᠠᠳᠠᠨᠠᠬᠢ ᠬᠥᠮᠦᠰ ᠤᠨ ᠪᠠᠶᠢᠳᠠᠯ ᠢ ᠨᠠᠷᠢᠨ ᠡᠵᠡᠮᠰᠢᠵᠦ᠂ ᠠᠯᠪᠠᠨ ᠪᠠᠶᠢᠭᠤᠯᠭ᠎ᠠ ᠠᠵᠢᠯ ᠦᠢᠯᠡᠰ ᠤᠨ ᠨᠢᠭᠡᠴᠡ ᠶᠢᠨ ᠣᠷᠣᠨ ᠲᠤᠭ᠎ᠠ ᠶᠢᠨ ᠭᠠᠳᠠᠨᠠᠬᠢ ᠬᠥᠮᠦᠰ ᠤᠨ ᠠᠵᠢᠯ ᠢ ᠵᠢᠷᠤᠮᠵᠢᠭᠤᠯᠬᠤ ᠳᠤ ᠪᠦᠲᠦᠮᠵᠢᠲᠡᠶ ᠲᠤᠯᠭᠠᠭᠤᠷᠢᠯᠠᠯ ᠬᠠᠩᠭᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ