ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠶᠤᠯᠭᠦᠶ ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/28
      3 ᠰᠠᠷ᠎ᠠ ᠶᠢᠨ 27 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠠᠶᠤᠯᠭᠦᠶ ᠦᠢᠯᠡᠳᠪᠦᠷᠢᠯᠡᠯ ᠤᠨ ᠪᠠᠶᠢᠷᠢᠯᠠᠭᠤᠯᠤᠯᠲᠠ ᠶᠢᠨ ᠬᠤᠷᠠᠯ ᠢ ᠵᠣᠬᠢᠶᠠᠨ ᠪᠠᠶᠢᠭᠤᠯᠤᠨ ᠬᠤᠷᠠᠯᠳᠤᠭᠤᠯᠵᠤ᠂ ᠲᠣᠪᠴᠢᠶ᠎ᠠ ᠶᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠵᠢᠴᠢ ᠲᠣᠪᠴᠢᠶ᠎ᠠ ᠶᠢᠨ ᠬᠠᠷᠢᠶ᠎ᠠ ᠬᠠᠮᠢᠶ᠎ᠠ ᠪᠥᠬᠦᠶ ᠲᠠᠰᠤᠭ ᠤᠨ ᠲᠠᠰᠤᠭ᠂ ᠲᠥᠪ᠂ ᠬᠠᠤᠯᠢ ᠬᠡᠷᠡᠭᠵᠢᠭᠦᠯᠬᠦ ᠶᠡᠭᠡ ᠠᠩᠭᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃
3.28农牧1.jpg
      ᠬᠤᠷᠠᠯ ᠠᠴᠠ᠂ ︽ᠠᠮᠢ ᠨᠠᠰᠤ ᠶᠢ ᠳᠡᠭᠡᠳᠦᠯᠡᠬᠦ᠂ ᠠᠮᠤᠷ ᠲᠦᠪᠰᠢᠨ ᠢ ᠲᠡᠷᠢᠭᠦᠨ ᠳᠤ ᠲᠠᠯᠪᠢᠬᠤ︾ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠮᠢᠨᠴᠦᠭᠦᠷᠡᠬᠦ ᠦᠵᠡᠯ ᠰᠠᠨᠠᠭ᠎ᠠ ᠪᠠ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠡᠪᠴᠢᠬᠦ ᠬᠡᠷᠡᠭᠲᠡᠢ︔ ᠠᠶᠤᠯᠭᠦᠢ ᠦᠢᠯᠡᠳᠪᠦᠷᠢᠯᠡᠯ ᠤᠨ ᠬᠠᠷᠢᠭᠤᠴᠠᠯᠭ᠎ᠠ ᠶᠢᠨ ᠲᠦᠷᠢᠮ ᠢ ᠴᠢᠩᠭ᠎ᠠ ᠨᠠᠶᠢᠳᠠᠪᠤᠷᠢᠵᠢᠭᠤᠯᠵᠤ᠂ ᠠᠵᠤ ᠠᠬᠤᠶᠢᠯᠠᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠪᠠ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢᠨ ᠬᠠᠷᠢᠭᠤᠴᠠᠯᠭ᠎ᠠ ᠶᠢ ᠴᠢᠩᠭᠠᠳᠬᠠᠬᠤ ᠬᠡᠷᠡᠭᠲᠡᠢ︔ ᠳᠠᠯᠳᠠ ᠭᠡᠮ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠭᠦᠨᠵᠡᠭᠡᠢ ᠥᠷᠨᠢᠭᠦᠯᠵᠦ᠂ ᠭᠤᠣᠯᠳᠠᠯᠭ᠎ᠠ ᠲᠠᠢ ᠠᠵᠢᠯ ᠲᠦᠷᠦᠯ ᠤᠨ ᠬᠦᠷᠢᠶᠡᠨ ᠳᠤ ᠠᠩᠬᠠᠷᠤᠯ ᠢᠶᠠᠨ ᠲᠥᠪᠯᠡᠷᠡᠭᠦᠯᠵᠦ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠪᠠᠲᠤᠯᠠᠬᠤ ᠬᠡᠷᠡᠭᠲᠡᠢ︔ ᠪᠠᠴᠢᠮ ᠪᠠᠶᠢᠳᠠᠯ ᠢ ᠠᠷᠭᠠᠴᠠᠬᠤ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠤᠷᠢᠳᠴᠢᠯᠠᠨ ᠰᠡᠷᠡᠮᠵᠢᠯᠡᠭᠦᠯᠬᠦ ᠲᠣᠭᠲᠠᠴᠠ ᠶᠢ ᠲᠡᠭᠦᠯᠳᠡᠷᠵᠢᠭᠦᠯᠵᠦ᠂ ᠭᠡᠨᠡᠳᠲᠡ ᠶᠢᠨ ᠬᠡᠷᠡᠭ ᠢ ᠰᠢᠢᠳᠪᠦᠷᠢᠯᠡᠬᠦ ᠲᠦᠪᠰᠢᠨ ᠢ ᠳᠡᠭᠡᠭᠰᠢᠯᠡᠭᠦᠯᠬᠦ ᠬᠡᠷᠡᠭᠲᠡᠢ᠃ ᠲᠤᠰ ᠲᠤᠰ ᠤᠨ ᠰᠠᠯᠪᠤᠷᠢ ᠲᠠᠬᠢ ᠠᠶᠤᠯᠭᠦᠢ ᠦᠢᠯᠡᠳᠪᠦᠷᠢᠯᠡᠯ ᠤᠨ ᠠᠵᠢᠯ ᠢ ᠦᠨᠡᠨᠬᠦ ᠰᠠᠶᠢᠲᠤᠷ ᠬᠢᠬᠦ ᠬᠡᠷᠡᠭᠲᠡᠢ ᠭᠡᠵᠦ ᠱᠠᠭᠠᠷᠳᠠᠪᠠ᠃      ᠬᠤᠷᠠᠯ ᠠᠴᠠ᠂ ᠡᠯ᠎ᠡ ᠰᠠᠯᠠᠭ᠎ᠠ ᠮᠥᠴᠢᠷ ᠤᠨ ᠬᠢᠨ ᠠᠶᠤᠯᠭᠦᠢ ᠦᠢᠯᠡᠳᠪᠦᠷᠢᠯᠡᠯ ᠤᠨ ᠬᠢᠨᠠᠯᠲᠠ ᠬᠠᠮᠢᠶᠠᠷᠤᠯᠲᠠ ᠶᠢᠨ ᠡᠬᠡ ᠲᠠᠩᠰᠠ ᠶᠢ ᠪᠠᠶᠢᠭᠤᠯᠵᠤ᠂ ᠠᠮᠤᠷ ᠲᠦᠪᠰᠢᠨ ᠤ ᠪᠠᠶᠢᠴᠠᠭᠠᠯᠲᠠ ᠶᠢᠨ ᠡᠭᠦᠷᠭᠡ ᠨᠢᠭᠡᠪᠦᠷᠢ ᠶᠢ ᠪᠣᠳᠠᠲᠠᠢ ᠴᠠᠭ ᠤᠨ ᠵᠠᠩᠭᠢᠯᠠᠭ᠎ᠠ ᠶᠢᠨ ᠴᠡᠭ ᠲᠤ ᠬᠦᠷᠲᠡᠯ᠎ᠡ ᠨᠠᠷᠢᠯᠢᠬᠵᠢᠭᠤᠯᠵᠤ᠂ ᠤᠳᠠᠭ᠎ᠠ ᠪᠦᠷᠢ ᠶᠢᠨ ᠪᠠᠶᠢᠴᠠᠭᠠᠯᠲᠠ ᠶᠢᠨ ᠠᠭᠤᠯᠭ᠎ᠠ᠂ ᠢᠯᠡᠷᠡᠭᠦᠯᠦᠭᠰᠡᠨ ᠠᠰᠠᠭᠤᠳᠠᠯ᠂ ᠰᠢᠢᠳᠪᠦᠷᠢᠯᠡᠭᠰᠡᠨ ᠦᠷ᠎ᠡ ᠳ᠋ᠦᠩ ᠢ ᠴᠥᠮ ᠨᠠᠷᠢᠨ ᠲᠣᠳᠣᠷᠬᠠᠢ ᠲᠡᠮᠳᠡᠭᠯᠡᠬᠦ ᠬᠡᠷᠡᠭᠲᠡᠢ᠃ ᠡᠭᠦᠨ ᠠᠴᠠ ᠭᠠᠳᠠᠨ᠎ᠠ᠂ ᠭᠤᠤᠯᠳᠠᠯᠭ᠎ᠠ ᠲᠠᠢ ᠲᠥᠬᠦᠭᠡᠷᠦᠮᠵᠢ᠂ ᠵᠠᠩᠭᠢᠯᠠᠭ᠎ᠠ ᠶᠢᠨ ᠣᠷᠣᠨ ᠪᠦᠰᠡ ᠳᠤ ᠴᠢᠭᠯᠡᠭᠦᠯᠦᠨ ᠲᠤᠰᠬᠠᠶ ᠲᠡᠮᠳᠡᠭᠯᠡᠯ ᠤᠨ ᠬᠡᠰᠡᠭ ᠲᠣᠬᠢᠷᠠᠭᠤᠯᠵᠤ᠂ ︽ᠨᠢᠭᠡ ᠮᠠᠰᠢᠨ ᠳᠤ ᠨᠢᠭᠡ ᠲᠠᠩᠰᠠ ᠡᠪᠬᠡᠮᠡᠯ᠂ ᠨᠢᠭᠡ ᠣᠷᠣᠨ ᠳᠤ ᠨᠢᠭᠡ ᠲᠠᠩᠰᠠ ᠡᠪᠬᠡᠮᠡᠯ︾ ᠤᠨ ᠬᠠᠮᠢᠶᠠᠷᠤᠯᠲᠠ ᠶᠢ ᠬᠡᠷᠡᠭᠵᠢᠭᠦᠯᠬᠦ ᠬᠡᠷᠡᠭᠲᠡᠢ᠃ ᠪᠠᠶᠢᠴᠠᠭᠠᠬᠤ ᠠᠵᠢᠯᠲᠠᠨ ᠢ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠴᠠᠭ ᠲᠤᠬᠠᠶ ᠳᠤᠨᠢ ᠳᠠᠮᠵᠢᠭᠤᠯᠵᠤ᠂ ᠮᠡᠳᠡᠭᠡ ᠵᠠᠩᠭᠢ ᠶᠢᠨ ᠴᠠᠭ ᠲᠤᠬᠠᠶᠢᠴᠢ ᠴᠢᠨᠠᠷ ᠬᠢᠭᠡᠳ ᠣᠨᠣᠪᠴᠢᠲᠤ ᠴᠢᠨᠠᠷ ᠢ ᠦᠨᠡᠨᠬᠦ ᠪᠠᠲᠤᠯᠠᠵᠤ᠂ ᠬᠠᠮᠢᠶ᠎ᠠ ᠪᠥᠬᠦᠶ ᠲᠠᠩᠰᠠ ᠡᠪᠬᠡᠮᠡᠯ ᠢ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ