3 ᠰᠠᠷ᠎ᠠ ᠶᠢᠨ 27 ᠤ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠠᠷᠢᠶᠠᠯᠠᠩ ᠮᠠᠯ ᠠᠵᠤ | ᠠᠬᠤᠶ ᠶᠢᠨ ᠶᠡᠷᠦᠩᠬᠡᠶᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠶᠢ ᠵᠣᠬᠢᠶᠠᠨ ᠪᠠᠶᠢᠭᠤᠯᠵᠤ᠂ ᠪᠥᠬᠦ ᠬᠤᠰᠢᠭᠤᠨ ᠤ ᠰᠤᠷᠭᠠᠭᠤᠯᠢ ᠳᠤ | ᠰᠢᠭᠤᠳ ᠬᠠᠩᠭᠠᠵᠤ ᠪᠠᠶᠢᠭ᠎ᠠ ᠲᠠᠷᠢᠶᠠᠯᠠᠩ ᠤᠨ ᠪᠦᠲᠦᠭᠡᠭᠳᠡᠬᠦᠨ ᠪᠠ ᠮᠢᠬᠠᠨ ᠤ ᠲᠥᠷᠥᠯ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠳᠤ | ᠲᠤᠰᠬᠠᠶ ᠱᠠᠯᠠᠪᠳᠠᠨ ᠪᠠᠶᠢᠴᠠᠭᠠᠯᠲᠠ ᠦᠷᠨᠢᠭᠦᠯᠪᠡ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠰᠤᠷᠭᠠᠭᠤᠯᠢ ᠳᠤ ᠰᠢᠭᠤᠳ ᠬᠠᠩᠭᠠᠵᠤ ᠪᠠᠶᠢᠭ᠎ᠠ | ᠲᠠᠷᠢᠶᠠᠯᠠᠩ ᠤᠨ ᠪᠦᠲᠦᠭᠡᠭᠳᠡᠬᠦᠨ ᠪᠠ ᠮᠢᠬᠠᠨ ᠤ ᠲᠥᠷᠥᠯ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠠᠵᠢᠯ ᠢ ᠳᠡᠭᠡᠳᠦ ᠬᠡᠮᠵᠢᠶ᠎ᠡ ᠪᠠᠷ | ᠴᠢᠬᠤᠯᠠᠴᠢᠯᠠᠭᠰᠠᠭᠠᠷ ᠢᠷᠡᠪᠡ᠃ ᠲᠤᠬᠠᠶ ᠶᠢᠨ ᠭᠠᠵᠠᠷ ᠤᠨ ᠰᠤᠷᠭᠠᠨ ᠬᠥᠮᠦᠵᠢᠯ ᠤᠨ ᠰᠠᠯᠠᠭ᠎ᠠ ᠮᠥᠴᠢᠷ ᠯᠦᠭᠡ ᠶᠢᠨ ᠨᠡᠪᠲᠡᠷᠡᠯᠴᠡᠭᠡ ᠶᠢ ᠴᠢᠩᠭᠠᠳᠬᠠᠵᠤ᠂ ᠰᠢᠭᠤᠳ | ᠬᠠᠩᠭᠠᠬᠤ ᠲᠠᠷᠢᠶᠠᠯᠠᠩ ᠤᠨ ᠪᠦᠲᠦᠭᠡᠭᠳᠡᠬᠦᠨ ᠤ ᠮᠢᠬᠠᠨ ᠤ ᠵᠦᠢᠯ ᠤᠨ ᠪᠦᠲᠦᠭᠡᠭᠳᠡᠬᠦᠨ ᠢ ᠰᠤᠭᠤᠴᠢᠨ ᠪᠠᠶᠢᠴᠠᠭᠠᠬᠤ ᠡᠷᠴᠢᠮ ᠢ ᠨᠡᠮᠡᠭᠳᠡᠭᠦᠯᠵᠦ᠂ ᠶᠠᠰᠤ ᠴᠢᠨᠠᠷ ᠤᠨ | ᠠᠮᠤᠷ ᠲᠦᠪᠰᠢᠨ ᠤ ᠳᠠᠯᠳᠠ ᠭᠡᠮ ᠢ ᠴᠠᠭ ᠲᠤᠬᠠᠶ ᠳᠤᠨᠢ ᠠᠷᠢᠯᠭᠠᠵᠤ᠂ ᠰᠤᠷᠭᠠᠭᠤᠯᠢ ᠶᠢᠨ ᠬᠦᠷᠢᠶᠡᠨ ᠤ ᠢᠳᠡᠭᠡᠨ ᠤ ᠠᠮᠤᠷ ᠲᠦᠪᠰᠢᠨ ᠢ ᠦᠨᠡᠨᠬᠦ ᠪᠠᠲᠤᠯᠠᠪᠠ᠃ | ᠲᠣᠰ ᠤᠳᠠᠭᠠᠨ ᠤ ᠲᠤᠰᠬᠠᠶ ᠪᠠᠶᠢᠴᠠᠭᠠᠯᠲᠠ ᠨᠢ ᠮᠠᠨ ᠤ ᠬᠤᠰᠢᠭᠤᠨ ᠤ ᠬᠠᠷᠢᠶᠠᠨ ᠳᠠᠬᠢ 3 ᠰᠤᠷᠭᠠᠭᠤᠯᠢ ᠵᠢᠴᠢ ᠬᠡᠤᠬᠡᠳ ᠤᠨ ᠴᠡᠴᠡᠷᠯᠢᠭ ᠤᠨ ᠬᠤᠭᠤᠯᠠᠨ | ᠬᠡᠷ ᠲᠤ ᠴᠢᠭᠯᠡᠭᠦᠯᠦᠨ᠂ ᠰᠢᠭᠤᠳ ᠬᠠᠩᠭᠠᠵᠤ ᠪᠠᠶᠢᠭ᠎ᠠ ᠲᠠᠷᠢᠶᠠᠯᠠᠩ ᠤᠨ ᠪᠦᠲᠦᠭᠡᠭᠳᠡᠬᠦᠨ ᠵᠢᠴᠢ ᠮᠢᠬᠠᠨ ᠤ ᠲᠥᠷᠥᠯ ᠤᠨ ᠪᠦᠲᠦᠭᠡᠭᠳᠡᠬᠦᠨ ᠢ ᠭᠤᠤᠯᠳᠠᠯᠭ᠎ᠠ ᠲᠠᠢ ᠪᠠᠷ | ᠮᠥᠷᠳᠡᠨ ᠪᠠᠶᠢᠴᠠᠭᠠᠬᠤ ᠶᠢᠨ ᠬᠠᠮᠲᠤ ᠬᠢᠵᠢᠭ ᠤᠨ ᠪᠠᠶᠢᠴᠠᠭᠠᠯᠲᠠ ᠶᠢᠨ ᠭᠡᠷᠡᠴᠢ ᠶᠢ ᠪᠠᠶᠢᠴᠠᠭᠠᠪᠠ᠃ ᠡᠭᠦᠨ ᠤ ᠬᠠᠮᠲᠤ᠂ ᠰᠤᠷᠭᠠᠭᠤᠯᠢ ᠶᠢᠨ ᠵᠢᠭᠠᠨ ᠲᠣᠭᠲᠠᠭᠠᠭᠰᠠᠨ | ᠮᠢᠬᠠᠨ ᠤ ᠳᠡᠯᠭᠡᠭᠦᠷ ᠪᠠ ᠬᠡᠲᠦ ᠳᠡᠯᠭᠡᠭᠦᠷ ᠢ ᠮᠥᠷᠳᠡᠨ ᠪᠠᠶᠢᠴᠠᠭᠠᠵᠤ᠂ ᠬᠠᠮᠢᠶ᠎ᠠ ᠪᠥᠬᠦᠶ ᠦᠨᠡᠮᠯᠡᠯ ᠢ ᠬᠢᠨᠠᠨ ᠬᠠᠷᠭᠤᠭᠤᠯᠪᠠ᠃ ᠪᠠᠶᠢᠴᠠᠭᠠᠯᠲᠠ ᠪᠠᠷ ᠳᠠᠮᠵᠢᠨ᠂ ᠬᠢᠷᠢ | ᠲᠡᠩᠴᠡᠬᠦ ᠦᠭᠡᠢ ᠲᠠᠷᠢᠶᠠᠯᠠᠩ ᠤᠨ ᠪᠦᠲᠦᠭᠡᠭᠳᠡᠬᠦᠨ ᠪᠠ ᠮᠢᠬᠠᠨ ᠤ ᠲᠥᠷᠥᠯ ᠤᠨ ᠪᠦᠲᠦᠭᠡᠭᠳᠡᠬᠦᠨ ᠢ ᠣᠯᠵᠤ ᠢᠯᠡᠷᠡᠭᠦᠯᠦᠭᠰᠡᠨ ᠦᠭᠡᠢ᠃ ᠲᠣᠰ ᠤᠳᠠᠭᠠᠨ ᠤ | ᠲᠤᠰᠬᠠᠶ ᠪᠠᠶᠢᠴᠠᠭᠠᠯᠲᠠ ᠳᠤ ᠨᠡᠶᠢᠲᠡ 1 ᠬᠠᠤᠯᠢ ᠬᠡᠷᠡᠭᠵᠢᠭᠦᠯᠬᠦ ᠲᠡᠷᠭᠡ᠂ 3 ᠬᠠᠤᠯᠢ ᠬᠡᠷᠡᠭᠵᠢᠭᠦᠯᠬᠦ ᠠᠵᠢᠯᠲᠠᠨ ᠢ ᠬᠦᠳᠡᠯᠭᠡᠪᠡ᠃ | ᠬᠤᠰᠢᠭᠤᠨ ᠤ ᠲᠠᠷᠢᠶᠠᠯᠠᠩ ᠮᠠᠯ ᠠᠵᠤ ᠠᠬᠤᠢ ᠶᠢᠨ ᠶᠡᠷᠦᠩᠬᠡᠢᠯᠡᠭᠰᠡᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠶᠡᠭᠡ ᠠᠩᠭᠢ ᠰᠤᠷᠭᠠᠭᠤᠯᠢ ᠳᠤ ᠰᠢᠭᠤᠳ | ᠬᠠᠩᠭᠠᠵᠤ ᠪᠠᠶᠢᠭ᠎ᠠ ᠲᠠᠷᠢᠶᠠᠯᠠᠩ ᠤᠨ ᠪᠦᠲᠦᠭᠡᠭᠳᠡᠬᠦᠨ ᠪᠠ ᠮᠢᠬᠠᠨ ᠤ ᠲᠥᠷᠥᠯ ᠤᠨ ᠪᠦᠲᠦᠭᠡᠭᠳᠡᠬᠦᠨ ᠳᠤ ᠠᠩᠬᠠᠷᠤᠯ ᠢᠶᠠᠨ ᠲᠥᠪᠯᠡᠷᠡᠭᠦᠯᠵᠦ᠂ ᠪᠦᠬᠦ ᠬᠡᠯᠬᠢᠶ᠎ᠡ ᠶᠢᠨ | ᠬᠢᠨᠠᠯᠲᠠ ᠬᠠᠮᠢᠶᠠᠷᠤᠯᠲᠠ ᠶᠢ ᠭᠦᠨᠵᠡᠭᠡᠢ ᠲᠦᠯᠬᠢᠨ ᠠᠬᠢᠭᠤᠯᠵᠤ᠂ ︽ᠢᠷᠡᠯᠲᠡ ᠶᠢ ᠮᠥᠷᠳᠡᠵᠦ ᠪᠣᠯᠬᠤ᠂ ᠠᠶᠤᠯ ᠲᠦᠭᠰᠢᠭᠦᠷᠢ ᠶᠢ ᠡᠵᠡᠮᠳᠡᠵᠦ ᠪᠣᠯᠬᠤ᠂ | ᠬᠠᠷᠢᠭᠤᠴᠠᠯᠭ᠎ᠠ ᠶᠢ ᠨᠡᠬᠡᠮᠵᠢᠯᠡᠵᠦ ᠪᠣᠯᠬᠤ᠂ ᠬᠠᠨᠳᠤᠰᠢ ᠶᠢ ᠨᠢ ᠨᠡᠬᠡᠮᠵᠢᠯᠡᠵᠦ ᠪᠣᠯᠬᠤ︾ ᠶᠠᠰᠤ ᠴᠢᠨᠠᠷ ᠤᠨ ᠬᠠᠮᠢᠶᠠᠷᠤᠨ ᠡᠵᠡᠮᠳᠡᠬᠦ ᠰᠢᠰᠲ᠋ᠧᠮ ᠢ ᠪᠦᠬᠦ | ᠬᠦᠴᠦᠨ ᠢᠶᠠᠷ ᠢᠶᠠᠨ ᠪᠠᠶᠢᠭᠤᠯᠬᠤ ᠬᠡᠷᠡᠭᠲᠡᠢ᠃ ︽ᠠᠰᠠᠭᠤᠳᠠᠯ ᠢ ᠢᠯᠡᠷᠡᠭᠦᠯᠬᠦ᠂ ᠠᠰᠠᠭᠤᠳᠠᠯ ᠢ ᠮᠥᠷᠳᠡᠬᠦ᠂ ᠠᠰᠠᠭᠤᠳᠠᠯ ᠢ ᠰᠢᠢᠳᠪᠦᠷᠢᠯᠡᠬᠦ︾ ᠵᠠᠷᠴᠢᠮ ᠢ | ᠪᠠᠷᠢᠮᠲᠠᠯᠠᠵᠤ᠂ ᠬᠡᠪᠰᠢᠭᠰᠡᠨ ᠲᠣᠭᠤᠷᠢᠨ ᠪᠠᠶᠢᠴᠠᠭᠠᠬᠤ᠂ ᠲᠣᠭᠠᠴᠢᠯᠠᠭᠰᠠᠨ ᠬᠢᠨᠠᠯᠲᠠ ᠬᠠᠮᠢᠶᠠᠷᠤᠯᠲᠠ ᠪᠠᠷ ᠳᠠᠮᠵᠢᠭᠤᠯᠤᠨ᠂ ᠪᠥᠬᠦ ᠶᠠᠪᠤᠴᠠ ᠶᠢᠨ ᠮᠥᠷᠳᠡᠬᠦ | ᠲᠣᠭᠲᠠᠴᠠ ᠶᠢ ᠲᠠᠰᠤᠷᠠᠯᠲᠠ ᠥᠬᠡᠶ ᠲᠡᠭᠦᠯᠳᠡᠷᠵᠢᠭᠦᠯᠬᠦ ᠬᠡᠷᠡᠭᠲᠡᠢ᠃ ᠳᠠᠯᠳᠠ ᠬᠡᠮ ᠢ ᠣᠯᠵᠤ ᠮᠡᠳᠡᠪᠡᠯ᠂ ᠦᠳᠲᠡᠷ ᠲᠦᠷᠭᠡᠨ ᠡᠬᠢ ᠡᠭᠦᠰᠦᠯ ᠢ ᠨᠢ ᠡᠷᠢᠵᠦ | ᠵᠢᠭᠰᠠᠭᠠᠨ ᠪᠠᠶᠢᠴᠠᠭᠠᠵᠤ᠂ ᠠᠰᠠᠭᠤᠳᠠᠯ ᠤᠨ ᠡᠬᠢ ᠰᠤᠷᠪᠤᠯᠵᠢ ᠶᠢ ᠣᠨᠣᠪᠴᠢᠲᠠᠶ ᠲᠣᠭᠲᠠᠭᠠᠨ᠂ ᠠᠰᠠᠭᠤᠳᠠᠯ ᠢ ᠰᠢᠢᠳᠪᠦᠷᠢᠯᠡᠬᠦ ᠶᠢ ᠠᠬᠢᠭᠤᠯᠵᠤ᠂ ᠲᠠᠷᠢᠶᠠᠯᠠᠩ ᠤᠨ | ᠪᠦᠲᠦᠭᠡᠭᠳᠡᠬᠦᠨ ᠮᠠᠯ ᠤᠨ ᠠᠰᠢᠭ ᠰᠢᠮ᠎ᠡ ᠪᠠ ᠮᠢᠬᠠᠨ ᠤ ᠲᠥᠷᠥᠯ ᠤᠨ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ | ᠡᠷᠴᠢᠮ ᠢ ᠦᠷᠭᠦᠯᠵᠢᠯᠡᠨ ᠴᠢᠩᠭᠠᠷᠠᠭᠤᠯᠵᠤ᠂ ᠰᠤᠷᠭᠠᠭᠤᠯᠢ ᠶᠢᠨ ᠢᠳᠡᠭᠡᠨ ᠤ ᠠᠮᠤᠷ ᠲᠦᠪᠰᠢᠨ ᠳᠤ ᠰᠡᠷᠭᠡᠶᠢᠯᠡᠯᠲᠡ ᠶᠢᠨ ᠱᠤᠭᠤᠮ ᠢ ᠪᠠᠲᠤ ᠪᠠᠬᠢ ᠪᠠᠶᠢᠭᠤᠯᠵᠤ᠂ | ᠥᠷᠭᠡᠨ ᠣᠯᠠᠨ ᠪᠠᠭᠰᠢ ᠰᠤᠷᠤᠭᠴᠢᠳ ᠤᠨ ︽ᠢᠳᠡᠭᠡᠨ ᠤᠮᠳᠠᠭᠠᠨ ᠤ ᠠᠮᠤᠷ ᠲᠦᠪᠰᠢᠨ︾ ᠢ ᠰᠠᠬᠢᠨ ᠬᠠᠮᠠᠭᠠᠯᠠᠬᠤ ᠬᠡᠷᠡᠭᠲᠡᠶ ᠭᠡᠵᠦ ᠱᠠᠭᠠᠷᠳᠠᠪᠠ᠃ |