ᠬᠠᠩᠰᠢ ᠶᠢᠨ ᠬᠤᠭᠤᠴᠠᠭᠠᠨ ᠳᠠᠬᠢ ᠡᠯ᠎ᠡ ᠵᠦᠢᠯ ᠤᠨ ᠦᠢᠯᠡᠴᠢᠯᠡᠭᠡᠨ ᠤ ᠪᠠᠲᠤᠯᠠᠭ᠎ᠠ ᠶᠢᠨ ᠠᠵᠢᠯ ᠢ ᠦᠨᠡᠨ ᠬᠦ ᠰᠠᠶᠢᠲᠤᠷ ᠬᠢᠵᠦ᠂ ᠣᠯᠠᠨ ᠲᠦᠮᠡᠨ ᠳᠤ ᠠᠮᠤᠷ | ᠲᠦᠪᠰᠢᠨ᠂ ᠡᠮᠬᠢ ᠵᠢᠷᠤᠮ ᠲᠠᠢ᠂ ᠪᠣᠯᠪᠠᠰᠤᠨ ᠲᠠᠬᠢᠯᠭ᠎ᠠ ᠶᠢᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠣᠶᠢᠷ᠎ᠠ ᠳᠤ᠂ ᠠᠯᠳ᠋ᠬᠠᠮᠡᠭᠡᠯ ᠪᠠᠯᠭᠠᠰᠤ | ᠬᠠᠷᠢᠶᠠᠲᠤ ᠣᠷᠣᠨ ᠤ ᠲᠦᠪᠯᠡᠷᠡᠩᠭᠦᠢ ᠣᠷᠣᠰᠢᠭᠤᠯᠭ᠎ᠠ ᠶᠢᠨ ᠭᠠᠵᠠᠷ ᠲᠤ ᠪᠥᠬᠦ ᠲᠠᠯ᠎ᠠ ᠪᠠᠷ ᠨᠠᠷᠢᠨ ᠨᠢᠭᠲᠠ ᠵᠢᠭᠰᠠᠭᠠᠨ ᠪᠠᠶᠢᠴᠠᠭᠠᠬᠤ ᠠᠵᠢᠯ ᠥᠷᠨᠢᠭᠦᠯᠪᠡ᠃ | ᠲᠣᠰ ᠤᠳᠠᠭᠠᠨ ᠤ ᠵᠢᠭᠰᠠᠭᠠᠨ ᠪᠠᠶᠢᠴᠠᠭᠠᠬᠤ ᠠᠵᠢᠯ ᠤᠨ ᠭᠤᠤᠯᠳᠠᠯᠭ᠎ᠠ ᠨᠢ ᠣᠷᠣᠰᠭᠤᠯᠭᠠ ᠶᠢᠨ ᠭᠠᠵᠠᠷ ᠤᠨ ᠰᠠᠭᠤᠷᠢ ᠲᠦᠬᠦᠭᠡᠷᠦᠮᠵᠢ ᠶᠢᠨ ᠪᠠᠶᠢᠳᠠᠯ᠂ | ᠣᠷᠴᠢᠨ ᠲᠣᠭᠤᠷᠢᠨ ᠤ ᠡᠷᠡᠭᠦᠯ ᠬᠠᠮᠠᠭᠠᠯᠠᠯ ᠤᠨ ᠪᠠᠶᠢᠳᠠᠯ ᠵᠢᠴᠢ ᠡᠷᠬᠢᠨ ᠲᠣᠭᠤᠷᠢᠨ ᠤ ᠠᠮᠤᠷ ᠢ ᠬᠠᠮᠠᠭᠠᠯᠠᠬᠤ ᠡᠮᠬᠢ ᠳᠢᠭᠯᠢᠮ ᠵᠡᠷᠭᠡ ᠲᠠᠯ᠎ᠠ ᠶᠢᠨ ᠲᠣᠭᠤᠷᠢᠨ ᠳᠤ | ᠶᠠᠪᠤᠭᠳᠠᠪᠠ᠃ ᠠᠵᠢᠯᠲᠠᠳ ᠣᠷᠣᠰᠭᠤᠯᠭᠠ ᠶᠢᠨ ᠭᠠᠵᠠᠷ ᠤᠨ ᠵᠠᠮ ᠰᠠᠭᠠᠳ ᠥᠬᠡᠶ ᠨᠡᠪᠲᠡᠷᠡᠬᠦ ᠡᠰᠡᠬᠦ᠂ ᠣᠩᠭᠤᠨ ᠬᠥᠰᠢᠶ᠎ᠡ ᠪᠦᠷᠢᠨ ᠪᠦᠲᠦᠨ ᠪᠠᠶᠢᠬᠤ ᠡᠰᠡᠬᠦ | ᠵᠡᠷᠭᠡ ᠶᠢ ᠨᠢᠭᠡᠳ ᠨᠢᠭᠡ ᠪᠠᠷ ᠪᠠᠶᠢᠴᠠᠭᠠᠭᠰᠠᠨ ᠪᠥᠭᠡᠳ ᠢᠯᠡᠷᠡᠭᠦᠯᠦᠭᠰᠡᠨ ᠠᠰᠠᠭᠤᠳᠠᠯ ᠢ ᠨᠠᠷᠢᠨ ᠲᠡᠮᠳᠡᠭᠯᠡᠪᠡ᠃ | ᠵᠢᠭᠰᠠᠭᠠᠨ ᠪᠠᠶᠢᠴᠠᠭᠠᠬᠤ ᠶᠠᠪᠤᠴᠠ ᠳᠤ᠂ ᠠᠵᠢᠯᠲᠠᠳ ᠪᠠᠰᠠ ᠣᠷᠣᠰᠭᠤᠯᠭᠠ ᠶᠢᠨ ᠭᠠᠵᠠᠷ ᠤᠨ ᠡᠷᠬᠢᠨ ᠲᠣᠭᠤᠷᠢᠨ ᠤ ᠣᠷᠴᠢᠨ ᠲᠣᠭᠤᠷᠢᠨ ᠤ ᠠᠷᠢᠭᠤᠨ | ᠴᠡᠪᠡᠷ ᠢ ᠢᠯᠭᠠᠷᠠᠭᠤᠯᠤᠨ ᠴᠡᠭᠴᠡᠯᠡᠵᠦ᠂ ᠡᠷᠬᠢᠨ ᠲᠣᠭᠤᠷᠢᠨ ᠤ ᠣᠷᠴᠢᠨ ᠲᠣᠭᠤᠷᠢᠨ ᠤ ᠴᠡᠪᠡᠷ ᠴᠡᠮᠴᠡᠭᠡᠷ᠂ ᠭᠤᠶᠤ ᠰᠠᠶᠢᠬᠠᠨ ᠪᠠᠶᠢᠬᠤ ᠶᠢ ᠦᠨᠡᠨ ᠬᠦ ᠪᠠᠲᠤᠯᠠᠪᠠ᠃ | ᠡᠭᠦᠨ ᠤ ᠬᠠᠮᠲᠤ᠂ ᠣᠷᠣᠰᠭᠤᠯᠭᠠ ᠶᠢᠨ ᠭᠠᠵᠠᠷ ᠤᠨ ᠡᠷᠬᠢᠨ ᠲᠣᠭᠤᠷᠢᠨ ᠤ ᠠᠮᠤᠷ ᠲᠦᠪᠰᠢᠨ ᠤ ᠡᠮᠬᠢ ᠳᠢᠭᠯᠢᠮ ᠢ ᠴᠠᠭᠳᠠᠨ ᠲᠣᠭᠤᠷᠢᠵᠤ ᠰᠡᠷᠭᠡᠶᠢᠯᠡᠨ ᠡᠵᠡᠮᠳᠡᠬᠦ ᠶᠢ | ᠴᠢᠩᠭᠠᠳᠬᠠᠵᠤ᠂ ᠡᠯ᠎ᠡ ᠲᠥᠷᠥᠯ ᠤᠨ ᠠᠮᠤᠷ ᠲᠦᠪᠰᠢᠨ ᠤ ᠳᠠᠯᠳᠠ ᠬᠡᠮ ᠢ ᠴᠠᠭ ᠲᠤᠬᠠᠶ ᠳᠤᠨᠢ ᠢᠯᠡᠷᠡᠭᠦᠯᠦᠨ ᠰᠢᠢᠳᠪᠦᠷᠢᠯᠡᠵᠦ᠂ ᠣᠯᠠᠨ ᠲᠦᠮᠡᠨ ᠳᠤ ᠠᠮᠤᠷ | ᠲᠦᠪᠰᠢᠨ᠂ ᠲᠠᠶᠢᠪᠤᠩ ᠲᠣᠭᠲᠠᠭᠤᠨ ᠲᠠᠬᠢᠯᠭ᠎ᠠ ᠶᠢᠨ ᠣᠷᠴᠢᠨ ᠲᠣᠭᠤᠷᠢᠨ ᠢ ᠬᠠᠩᠭᠠᠪᠠ᠃ | ᠲᠣᠰ ᠤᠳᠠᠭᠠᠨ ᠤ ᠵᠢᠭᠰᠠᠭᠠᠨ ᠪᠠᠶᠢᠴᠠᠭᠠᠬᠤ ᠠᠵᠢᠯ ᠢᠶᠠᠷ ᠳᠡᠮᠵᠢᠨ᠂ ᠠᠯᠳ᠋ᠬᠠᠮᠡᠭᠡᠯ ᠪᠠᠯᠭᠠᠰᠤ ᠬᠠᠷᠢᠶᠠᠲᠤ ᠣᠷᠣᠨ ᠤ ᠪᠠᠨ ᠲᠦᠪᠯᠡᠷᠡᠩᠭᠦᠢ | ᠣᠷᠣᠰᠢᠭᠤᠯᠭ᠎ᠠ ᠶᠢᠨ ᠭᠠᠵᠠᠷ ᠤᠨ ᠪᠣᠳᠠᠲᠠᠶ ᠪᠠᠶᠢᠳᠠᠯ ᠢ ᠤᠯᠠᠮ ᠨᠢᠭᠡ ᠠᠯᠬᠤᠮ ᠡᠵᠡᠮᠰᠢᠵᠦ᠂ ᠣᠷᠣᠰᠢᠵᠤ ᠪᠠᠶᠢᠭ᠎ᠠ ᠠᠰᠠᠭᠤᠳᠠᠯ ᠢ ᠴᠠᠭ ᠲᠤᠬᠠᠶ ᠳᠤᠨᠢ | ᠢᠯᠡᠷᠡᠭᠦᠯᠬᠦ ᠶᠢᠨ ᠬᠠᠮᠲᠤ ᠰᠢᠢᠳᠪᠦᠷᠢᠯᠡᠵᠦ᠂ ᠬᠠᠩᠰᠢ ᠶᠢᠨ ᠬᠤᠭᠤᠴᠠᠭᠠᠨ ᠳᠠᠬᠢ ᠲᠠᠬᠢᠯᠭ᠎ᠠ ᠶᠢᠨ ᠠᠵᠢᠯ ᠳᠤ ᠭᠦᠢᠴᠡᠳ ᠪᠡᠯᠡᠳᠬᠡᠯ ᠬᠢᠪᠡ᠃ ᠲᠠᠷᠠᠭᠠᠴᠢ ᠶᠢᠨ | ᠠᠯᠬᠤᠮ ᠳᠤ᠂ ᠠᠯᠳ᠋ᠬᠠᠮᠡᠭᠡᠯ ᠪᠠᠯᠭᠠᠰᠤ ᠦᠷᠭᠦᠯᠵᠢᠯᠡᠨ ᠣᠷᠤᠰᠢᠭᠤᠯᠭ᠎ᠠ ᠶᠢᠨ ᠭᠠᠵᠠᠷ ᠤᠨ ᠬᠠᠮᠢᠶᠠᠷᠤᠯᠲᠠ ᠪᠠ ᠦᠢᠯᠡᠴᠢᠯᠡᠭᠡ ᠶᠢ ᠴᠢᠩᠭᠠᠳᠬᠠᠵᠤ᠂ ᠠᠮᠤᠷ | ᠲᠦᠪᠰᠢᠨ ᠤ ᠰᠡᠷᠭᠡᠶᠢᠯᠡᠯᠲᠡ ᠶᠢᠨ ᠠᠷᠭ᠎ᠠ ᠬᠡᠮᠵᠢᠶ᠎ᠡ ᠶᠢ ᠴᠢᠩᠭᠠᠷᠠᠭᠤᠯᠤᠨ᠂ ᠣᠯᠠᠨ ᠲᠦᠮᠡᠨ ᠢ ᠬᠥᠲᠥᠯᠥᠨ ᠵᠢᠯᠣᠭᠤᠳᠴᠤ ᠪᠠᠶᠢᠭᠠᠳ ᠪᠣᠯᠪᠠᠰᠤᠨ ᠢᠶᠠᠷ ᠳᠠᠬᠢᠯᠭ᠎ᠠ | ᠬᠢᠯᠭᠡᠵᠦ᠂ ᠬᠠᠩᠰᠢ ᠶᠢᠨ ᠬᠤᠭᠤᠴᠠᠭᠠᠨ ᠳᠠᠬᠢ ᠲᠠᠬᠢᠯᠭ᠎ᠠ ᠶᠢᠨ ᠠᠵᠢᠯᠯᠠᠭ᠎ᠠ ᠶᠢᠨ ᠠᠮᠤᠷ ᠲᠦᠪᠰᠢᠨ᠂ ᠡᠮᠬᠢ ᠵᠢᠷᠤᠮ ᠲᠠᠢ᠂ ᠤᠷᠤᠭᠰᠢᠲᠠᠶ ᠶᠠᠪᠤᠭᠳᠠᠬᠤ ᠶᠢ ᠦᠨᠡᠨ ᠬᠦ | ᠪᠠᠲᠤᠯᠠᠨ᠎ᠠ᠃ | | | |