3 ᠰᠠᠷ᠎ᠠ ᠶᠢᠨ 28 ᠤ ᠡᠳᠦᠷ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠢᠰᠡᠭᠡᠢ ᠤᠷᠠᠯᠠᠯ ᠤᠨ ᠠᠳᠠᠯ ᠦᠢᠯᠡᠰ ᠴᠣᠭᠴᠠᠯᠠᠬᠤ ᠨᠢᠭᠡᠳᠦᠯ︾ ᠫᠠᠶᠢᠰᠠ | ᠡᠯᠭᠦᠨ ᠪᠠᠶᠢᠭᠤᠯᠤᠭᠳᠠᠪᠠ᠃ ᠬᠤᠰᠢᠭᠤᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ᠂ ᠤᠳᠬ᠎ᠠ ᠤᠷᠠᠯᠢᠭ ᠤᠨ ᠬᠢᠨ ᠤ ᠬᠤᠯᠪᠣᠭᠠᠲᠤ ᠬᠤᠷᠠᠯ᠂ | ᠡᠮᠡᠭᠲᠡᠶᠢᠴᠦᠳ ᠤᠨ ᠬᠤᠯᠪᠣᠭᠠᠲᠤ ᠬᠤᠷᠠᠯ᠂ ᠠᠳᠠᠯ ᠦᠢᠯᠡᠰ ᠴᠣᠭᠴᠠᠯᠠᠬᠤ ᠬᠦᠷᠢᠶᠡᠯᠡᠩ ᠤᠨ ᠬᠠᠷᠢᠭᠤᠴᠠᠯᠭᠠᠲᠠᠨ ᠵᠢᠴᠢ ᠡᠯ᠎ᠡ ᠠᠵᠤ ᠠᠬᠤᠶᠢᠯᠠᠯ ᠤᠨ ᠠᠳᠠᠯ ᠦᠢᠯᠡᠰ | ᠴᠣᠭᠴᠠᠯᠠᠭᠴᠢ ᠣᠷᠣᠯᠴᠠᠪᠠ᠃ | | | | ᠠᠵᠢᠯᠯᠠᠭ᠎ᠠ ᠨᠢ ︽ᠰᠢᠨ᠎ᠡ ᠪᠠᠷᠭᠤ ᠪᠠᠷᠠᠭᠤᠨ ᠬᠤᠰᠢᠭᠤᠨ ᠤ ᠢᠰᠡᠭᠡᠶ ᠤᠷᠠᠯᠠᠯ ᠤᠨ ᠠᠳᠠᠯ ᠦᠢᠯᠡᠰ ᠴᠣᠭᠴᠠᠯᠠᠬᠤ ᠨᠢᠭᠡᠳᠦᠯ︾ ᠤᠨ ᠫᠠᠶᠢᠰᠠ ᠶᠢ ᠰᠡᠬᠦᠵᠦ᠂ | ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠭᠴᠢ ᠲᠤᠶᠠᠭ᠎ᠠ ᠳᠤ ︽ᠠᠳᠠᠯ ᠦᠢᠯᠡᠰ ᠴᠣᠭᠴᠠᠯᠠᠬᠤ ᠳᠠᠭᠠᠭᠤᠯᠤᠭᠴᠢ︾ ᠶᠢᠨ ᠦᠨᠡᠮᠯᠡᠯ ᠣᠯᠭᠤᠵᠤ᠂ | ᠪᠣᠳᠠᠰ ᠤᠨ ᠪᠤᠰᠤ ᠰᠣᠶᠣᠯ ᠤᠨ ᠥᠪ ᠤᠨ ᠠᠳᠠᠯ ᠦᠢᠯᠡᠰ ᠴᠣᠭᠴᠠᠯᠠᠬᠤ ᠨᠡᠪᠴᠢᠭᠦᠯᠬᠦ ᠲᠠᠪᠴᠠᠩ ᠢ ᠵᠢᠩᠬᠢᠨᠢ ᠪᠠᠷ ᠡᠬᠢᠯᠡᠨ ᠠᠵᠢᠯᠯᠠᠭᠰᠠᠨ ᠢ ᠬᠠᠷᠠᠭᠤᠯᠵᠤ ᠪᠠᠶᠢᠨ᠎ᠠ᠃ | | ᠶᠠᠷᠢᠯᠴᠠᠬᠤ ᠬᠤᠷᠠᠯ ᠳᠡᠭᠡᠷ᠎ᠡ᠂ ᠤᠯᠠᠨ ᠢᠶᠠᠷ ᠢᠶᠠᠨ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠤᠨ ᠠᠵᠤ ᠦᠢᠯᠡᠰᠵᠢᠯᠲᠡ ᠶᠢᠨ ᠠᠷᠭ᠎ᠠ ᠵᠠᠮ᠂ | ᠵᠢᠵᠢᠭ ᠪᠢᠴᠢᠯ ᠠᠵᠤ ᠠᠬᠤᠶᠢᠯᠠᠯ ᠤᠨ ᠬᠥᠭᠵᠢᠯᠲᠡ ᠳᠤ ᠲᠤᠯᠭᠠᠷᠠᠵᠤ ᠪᠠᠶᠢᠭ᠎ᠠ ᠥᠷᠢᠰᠥᠯᠳᠦᠭᠡᠨ ᠪᠠ ᠠᠵᠠ ᠲᠣᠬᠢᠶᠠᠯ ᠤᠨ ᠲᠣᠭᠤᠷᠢᠨ ᠳᠤ ᠭᠦᠨᠵᠡᠭᠡᠢ ᠰᠣᠯᠢᠯᠴᠠᠭ᠎ᠠ | ᠬᠢᠵᠦ᠂ ᠪᠣᠳᠠᠰ ᠤᠨ ᠪᠤᠰᠤ ᠰᠣᠶᠣᠯ ᠤᠨ ᠥᠪ ᠤᠨ ᠤᠯᠠᠮᠵᠢᠯᠠᠯ ᠪᠠ ᠠᠵᠤ ᠦᠢᠯᠡᠰ ᠤᠨ ᠬᠥᠭᠵᠢᠯᠲᠡ ᠶᠢᠨ ᠭᠦᠨᠵᠡᠭᠡᠢ ᠠᠭᠤᠰᠤᠯᠴᠠᠯ ᠢ ᠠᠬᠢᠭᠤᠯᠬᠤ ᠳᠤ ᠰᠠᠨᠠᠯ | ᠵᠥᠪᠯᠡᠯᠭᠡ ᠳᠤᠷᠠᠳᠤᠨ ᠠᠷᠭ᠎ᠠ ᠤᠬᠠᠭᠠᠨ ᠭᠠᠷᠭᠠᠵᠤ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠦᠨᠡᠨᠬᠦ ᠰᠢᠨ᠎ᠡ ᠠᠮᠢᠵᠢᠷᠠᠯ ᠤᠨ ᠬᠦᠴᠦᠨ | ᠨᠡᠮᠡᠷᠢᠯᠡᠪᠡ᠃ | ᠣᠶᠢᠯᠠᠭᠠᠭᠰᠠᠨ ᠢᠶᠠᠷ᠂ ︽ᠰᠢᠨ᠎ᠡ ᠪᠠᠷᠭᠤ ᠪᠠᠷᠠᠭᠤᠨ ᠬᠤᠰᠢᠭᠤᠨ ᠤ ᠢᠰᠡᠭᠡᠢ ᠤᠷᠠᠯᠠᠯ ᠤᠨ ᠠᠳᠠᠯ ᠦᠢᠯᠡᠰ ᠴᠣᠭᠴᠠᠯᠠᠬᠤ ᠨᠢᠭᠡᠳᠦᠯ︾ ᠪᠣᠯ ᠬᠤᠰᠢᠭᠤᠨ ᠤ | ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠰᠠᠯᠠᠭ᠎ᠠ ᠮᠥᠴᠢᠷ ᠤᠨ ︽ᠪᠣᠳᠠᠰ ᠤᠨ ᠪᠤᠰᠤ ᠰᠣᠶᠣᠯ ᠤᠨ ᠥᠪ + ᠠᠵᠢᠯ ᠣᠯᠭᠤᠯᠲᠠ︾ | ᠶᠢ ᠠᠬᠢᠭᠤᠯᠬᠤ ᠰᠢᠨ᠎ᠡ ᠶᠢ ᠡᠭᠦᠳᠬᠦ ᠠᠷᠭ᠎ᠠ ᠬᠡᠮᠵᠢᠶ᠎ᠡ ᠪᠣᠯᠤᠨ᠎ᠠ᠃ ᠲᠠᠷᠠᠭᠠᠴᠢ ᠶᠢᠨ ᠠᠯᠬᠤᠮ ᠳᠤ᠂ ᠰᠢᠨ᠎ᠡ ᠪᠠᠷᠭᠤ ᠪᠠᠷᠠᠭᠤᠨ ᠬᠤᠰᠢᠭᠤ ᠠᠵᠢᠯ ᠣᠯᠭᠤᠯᠲᠠ ᠶᠢ | ᠠᠬᠢᠭᠤᠯᠬᠤ ᠠᠵᠢᠯᠯᠠᠭ᠎ᠠ ᠶᠢ ᠤᠯᠠᠮ ᠴᠢᠨᠠᠭᠰᠢᠳᠠ ᠨᠠᠶᠢᠳᠠᠪᠤᠷᠢᠵᠢᠭᠤᠯᠵᠤ᠂ ᠠᠵᠢᠯ ᠣᠯᠭᠤᠯᠲᠠ ᠶᠢᠨ ᠤᠷ᠎ᠠ ᠴᠢᠳᠠᠪᠤᠷᠢ ᠶᠢᠨ ᠪᠣᠯᠪᠠᠰᠤᠷᠠᠯ᠂ ᠠᠳᠠᠯ ᠦᠢᠯᠡᠰ | ᠴᠣᠭᠴᠠᠯᠠᠬᠤ ᠳᠠᠭᠠᠭᠠᠯᠲᠠᠲᠤ ᠵᠢᠭᠡᠯᠡᠯᠭᠡ᠂ ᠨᠢᠭᠡ ᠤᠳᠠᠭ᠎ᠠ ᠶᠢᠨ ᠴᠢᠨᠠᠷᠲᠠᠶ ᠠᠳᠠᠯ ᠦᠢᠯᠡᠰ ᠴᠣᠭᠴᠠᠯᠠᠬᠤ ᠨᠥᠬᠦᠪᠥᠷᠢ ᠪᠠ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠠᠳᠠᠯ ᠦᠢᠯᠡᠰ ᠴᠣᠭᠴᠠᠯᠠᠬᠤ ᠶᠢ ᠲᠡᠳᠬᠦᠬᠦ ᠵᠡᠷᠭᠡ ᠲᠠᠯ᠎ᠠ ᠪᠠᠷ ᠬᠦᠴᠦ ᠲᠠᠯᠪᠢᠵᠤ᠂ ᠨᠠᠩ ᠣᠯᠠᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ | ᠪᠠ ᠥᠪᠡᠰᠦᠪᠡᠨ ᠠᠵᠢᠯ ᠡᠷᠢᠭᠰᠡᠳ ᠤᠨ ᠠᠳᠠᠯ ᠦᠢᠯᠡᠰ ᠴᠣᠭᠴᠠᠯᠠᠨ ᠠᠵᠢᠯ ᠣᠯᠭᠤᠬᠤ ᠶᠢ ᠳᠠᠶᠢᠴᠢᠯᠠᠵᠤ᠂ ᠠᠩᠬ᠎ᠠ ᠠᠳᠠᠯ ᠦᠢᠯᠡᠰ ᠴᠣᠭᠴᠠᠯᠠᠭᠰᠠᠳ ᠤᠨ ᠦᠰᠦᠨ | ᠪᠣᠶᠢᠵᠢᠵᠤ ᠬᠦᠴᠦᠷᠬᠡᠭᠵᠢᠬᠦ ᠳᠤ ᠬᠦᠴᠦᠨ ᠨᠡᠮᠡᠷᠢᠯᠡᠵᠦ᠂ ᠪᠣᠯᠪᠠᠰᠤᠷᠠᠩᠭᠤᠶ ᠠᠵᠤ ᠦᠢᠯᠡᠰ ᠢ ᠪᠤᠵᠠᠭᠠᠶᠢᠷᠠᠭᠤᠯᠤᠨ ᠬᠦᠴᠦᠷᠬᠡᠭᠵᠢᠭᠦᠯᠬᠦ ᠳᠤ ᠬᠦᠴᠦᠨ ᠨᠡᠮᠡᠷᠢᠯᠡᠵᠦ᠂ | ᠪᠥᠬᠦ ᠬᠤᠰᠢᠭᠤᠨ ᠤ ᠠᠵᠢᠯ ᠣᠯᠭᠤᠵᠤ ᠦᠢᠯᠡᠰ ᠴᠣᠭᠴᠠᠯᠠᠬᠤ ᠠᠵᠢᠯ ᠤᠨ ᠰᠢᠨ᠎ᠡ ᠪᠠᠶᠢᠳᠠᠯ ᠢ ᠪᠣᠶ ᠪᠣᠯᠭᠠᠨ᠎ᠠ᠃ | | |