︽ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡ ᠭᠠᠷᠠᠭ ᠤᠨ ᠵᠠᠰᠠᠭ ᠤᠨ ᠶᠠᠪᠤᠳᠠᠯ︾ ᠪᠣᠯᠤᠩ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ | ᠣᠷᠳᠣᠨ ᠤ ᠤᠳᠤᠷᠢᠳᠤᠯᠭ᠎ᠠ ᠨᠠᠷ ᠤᠨ ᠭᠠᠷᠠᠭ ᠪᠦᠷᠢ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠤᠯᠤᠰ᠂ ᠦᠪᠡᠷᠲᠡᠭᠡᠨ ᠵᠠᠰᠠᠬᠤ ᠣᠷᠣᠨ ᠪᠠ ᠬᠤᠲᠠ ᠶᠢᠨ | ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠶᠢᠲᠡᠯᠡᠭᠰᠡᠨ ᠲᠦᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠨᠢᠭᠡ ᠭᠠᠷᠠᠭ ᠤᠨ | ᠵᠠᠰᠠᠭ ᠤᠨ ᠰᠢᠨ᠎ᠡ ᠶᠠᠪᠤᠳᠠᠯ ᠢ ᠲᠣᠪᠴᠢᠬᠠᠨ ᠣᠶᠢᠯᠠᠭᠠᠭᠤᠯᠬᠤ ᠪᠣᠯᠣᠨ᠎ᠠ᠃ | ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ | 3 ᠰᠠᠷ᠎ᠠ ᠶᠢᠨ 24 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ | ᠬᠤᠷᠠᠯᠳᠤᠪᠠ᠃ ᠬᠤᠰᠢᠭᠤᠨ ᠤ ᠤᠳᠤᠷᠢᠳᠤᠯᠭ᠎ᠠ ᠦ᠋ ᠮᠢᠩ ᠾᠦᠢ᠂ ᠳ᠋ᠢᠩ ᠸᠠᠨ ᠶᠦᠩ ᠬᠤᠷᠠᠯ ᠳᠤ ᠣᠷᠣᠯᠴᠠᠵᠤ᠂ ᠬᠠᠮᠢᠶ᠎ᠠ ᠪᠦᠬᠦᠢ ᠰᠠᠯᠠᠭ᠎ᠠ ᠮᠥᠴᠢᠷ ᠤᠨ | ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ ᠳᠡᠭᠡᠳᠦ ᠱᠠᠲᠤᠨ ᠤ ᠬᠤᠷᠠᠯ ᠤᠨ ᠵᠣᠷᠢᠭ ᠰᠠᠨᠠᠭ᠎ᠠ ᠵᠢᠴᠢ ᠬᠠᠮᠢᠶ᠎ᠠ ᠪᠦᠬᠦᠢ ᠱᠠᠭᠠᠷᠳᠠᠯᠭ᠎ᠠ ᠶᠢ | ᠤᠯᠠᠮᠵᠢᠯᠠᠨ ᠰᠤᠷᠤᠯᠴᠠᠵᠤ᠂ ︽ᠪᠦᠬᠦ ᠬᠤᠰᠢᠭᠤᠨ ᠳᠤ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ | ᠬᠥᠮᠦᠵᠢᠯ ᠤᠨ ᠲᠥᠰᠦᠯ︾ ᠪᠠ ︽ᠰᠢᠨ᠎ᠡ ᠪᠠᠷᠭᠤ ᠪᠠᠷᠠᠭᠤᠨ ᠬᠤᠰᠢᠭᠤᠨ ᠤ ᠨᠠᠮ ᠤᠨ ᠬᠤᠷᠢᠶᠠᠨ ᠤ ᠪᠠᠶᠢᠩᠭᠤ ᠶᠢᠨ ᠬᠤᠷᠢᠶᠠᠨ ᠤ ᠲᠥᠪ ᠤᠨ ᠨᠠᠢᠮᠠᠨ | ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠦᠯ︾ ᠢ ᠰᠤᠳᠤᠯᠤᠨ ᠬᠢᠨᠠᠨ ᠵᠥᠪᠯᠡᠪᠡ᠃ | ᠮᠠᠨ ᠤ ᠬᠤᠰᠢᠭᠤ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠵᠢᠴᠢ ᠪᠦᠬᠦ | ᠬᠤᠰᠢᠭᠤᠨ ᠤ ᠰᠠᠯᠠᠭᠠᠨ ᠳᠡᠰ ᠤᠨ ᠭᠤᠣᠯ ᠤᠳᠤᠷᠢᠳᠬᠤ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠴᠢᠳᠠᠪᠤᠷᠢ ᠶᠢ ᠳᠡᠭᠡᠭᠰᠢᠯᠡᠭᠦᠯᠬᠦ | ᠰᠤᠳᠤᠯᠤᠨ ᠶᠠᠷᠢᠯᠴᠠᠬᠤ ᠠᠩᠭᠢ ᠬᠢᠴᠢᠶᠡᠯ ᠡᠬᠢᠯᠡᠪᠡ | 3 ᠰᠠᠷ᠎ᠠ ᠶᠢᠨ 26 ᠤ ᠡᠳᠦᠷ᠂ ᠬᠤᠰᠢᠭᠤᠨ ᠤ ᠨᠠᠮ ᠤᠨ ᠬᠤᠷᠢᠶᠠᠨ ᠤ ᠨᠠᠮ ᠤᠨ ᠰᠤᠷᠭᠠᠭᠤᠯᠢ 2025 ᠣᠨ ᠤ ᠬᠠᠪᠤᠷ ᠤᠨ ᠤᠯᠠᠷᠢᠯ ᠤᠨ ᠰᠤᠷᠤᠯᠭ᠎ᠠ ᠶᠢᠨ | ᠬᠤᠭᠤᠴᠠᠭᠠᠨ ᠤ ᠰᠤᠷᠤᠯᠭ᠎ᠠ ᠡᠬᠢᠯᠡᠬᠦ ᠶᠣᠰᠣᠯᠠᠯ ᠶᠠᠪᠤᠭᠤᠯᠪᠠ᠃ ᠲᠣᠰ ᠡᠳᠦᠷ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ | ᠬᠥᠮᠦᠵᠢᠯ ᠵᠢᠴᠢ ᠪᠥᠬᠦ ᠬᠤᠰᠢᠭᠤᠨ ᠤ ᠰᠠᠯᠠᠭᠠᠨ ᠲᠠᠰ ᠤᠨ ᠭᠤᠤᠯ ᠤᠳᠤᠷᠢᠳᠬᠤ ᠺᠠᠳ᠋ᠷᠴᠤᠳ ᠤᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠴᠢᠳᠠᠪᠤᠷᠢ ᠶᠢ | ᠳᠡᠭᠡᠭᠰᠢᠯᠡᠭᠦᠯᠬᠦ ᠰᠤᠳᠤᠯᠤᠨ ᠶᠠᠷᠢᠯᠴᠠᠬᠤ ᠠᠩᠭᠢ ᠬᠢᠴᠢᠶᠡᠯ ᠡᠬᠢᠯᠡᠪᠡ᠃ ᠬᠤᠰᠢᠭᠤᠨ ᠤ ᠳᠥᠷᠪᠡᠨ ᠶᠡᠭᠡ ᠤᠳᠤᠷᠢᠳᠬᠤ ᠪᠠᠭ ᠤᠨ ᠤᠳᠤᠷᠢᠳᠤᠯᠭ᠎ᠠ᠂ ᠰᠢᠭᠦᠬᠦ | ᠬᠤᠷᠢᠶ᠎ᠠ ᠪᠠᠶᠢᠴᠠᠭᠠᠬᠤ ᠬᠤᠷᠢᠶᠠᠨ ᠤ ᠳᠠᠷᠤᠭ᠎ᠠ᠂ ᠬᠠᠮᠢᠶ᠎ᠠ ᠪᠥᠬᠦᠶ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠨᠥᠬᠦᠳ ᠰᠤᠷᠤᠯᠴᠠᠯᠭ᠎ᠠ ᠳᠤ ᠣᠷᠣᠯᠴᠠᠪᠠ᠃ | ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ 4 ᠳ᠋ᠤᠭᠡᠷ ᠤᠳᠠᠭᠠᠨ ᠤ ᠬᠤᠷᠠᠯ ᠵᠢᠴᠢ | ᠬᠤᠰᠢᠭᠤᠨ ᠤ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠪᠠ | 3 ᠰᠠᠷ᠎ᠠ ᠶᠢᠨ 26 ᠤ ᠡᠳᠦᠷ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ 2025 ᠣᠨ ᠤ | ᠳᠥᠷᠪᠡᠳᠦᠭᠡᠷ ᠤᠳᠠᠭᠠᠨ ᠤ ᠬᠤᠷᠠᠯ ᠵᠢᠴᠢ ᠬᠤᠰᠢᠭᠤᠨ ᠤ ᠵᠠᠰᠠᠭ ᠤᠨ ᠣᠷᠳᠣᠨ ᠤ ᠳᠥᠷᠪᠡᠳᠦᠭᠡᠷ ᠤᠳᠠᠭᠠᠨ ᠤ ᠪᠠᠶᠢᠩᠭᠤ ᠶᠢᠨ ᠬᠤᠷᠠᠯ ᠬᠤᠷᠠᠯᠳᠤᠭᠤᠯᠵᠤ᠂ | ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠢ ᠡᠬᠢᠯᠡᠭᠦᠯᠦᠨ ᠪᠠᠶᠢᠷᠢᠯᠠᠭᠤᠯᠪᠠ᠃ | ᠮᠠᠨ ᠤ ᠬᠤᠰᠢᠭᠤ ᠠᠶᠤᠯᠭᠦᠶ ᠦᠢᠯᠡᠳᠪᠦᠷᠢᠯᠡᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ | 3 ᠰᠠᠷ᠎ᠠ ᠶᠢᠨ 27 ᠤ ᠡᠳᠦᠷ᠂ ᠬᠤᠰᠢᠭᠤᠨ ᠤ ᠠᠶᠤᠯᠭᠦᠢ ᠦᠢᠯᠡᠳᠪᠦᠷᠢᠯᠡᠯ ᠤᠨ ᠵᠥᠪᠯᠡᠯ ᠤᠨ ᠠᠯᠪᠠᠨ ᠭᠡᠷ ᠠᠴᠠ ᠡᠯ᠎ᠡ ᠪᠦᠷᠢᠯᠳᠦᠬᠦᠨ ᠨᠢᠭᠡᠴᠡ ᠶᠢ | ᠵᠣᠬᠢᠶᠠᠨ ᠪᠠᠶᠢᠭᠤᠯᠵᠤ ᠠᠶᠤᠯᠭᠦᠢ ᠦᠢᠯᠡᠳᠪᠦᠷᠢᠯᠡᠯ ᠤᠨ ᠬᠠᠮᠲᠤᠷᠠᠭᠰᠠᠨ ᠬᠤᠷᠠᠯ ᠬᠤᠷᠠᠯᠳᠤᠭᠤᠯᠪᠠ᠃ ᠬᠤᠰᠢᠭᠤᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ | ᠭᠡᠰᠢᠭᠦᠨ᠂ ᠵᠠᠰᠠᠭ ᠤᠨ ᠣᠷᠳᠣᠨ ᠤ ᠳᠡᠳ᠋ ᠬᠤᠰᠢᠭᠤᠨ ᠳᠠᠷᠤᠭ᠎ᠠ ᠢᠦᠶ ᠸᠧᠨ ᠴᠧᠩ ᠬᠤᠷᠠᠯ ᠢ ᠡᠷᠭᠢᠯᠡᠵᠦ᠂ ᠬᠤᠰᠢᠭᠤᠨ ᠤ ᠠᠶᠤᠯᠭᠦᠶ ᠦᠢᠯᠡᠳᠪᠦᠷᠢᠯᠡᠯ ᠤᠨ | ᠵᠥᠪᠯᠡᠯ ᠤᠨ ᠡᠯ᠎ᠡ ᠪᠦᠷᠢᠯᠳᠦᠬᠦᠨ ᠨᠢᠭᠡᠴᠡ ᠪᠠ ᠭᠤᠤᠯᠳᠠᠯᠭ᠎ᠠ ᠲᠠᠢ ᠠᠵᠤ ᠠᠬᠤᠶᠢᠯᠠᠯ ᠤᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃ ᠬᠤᠷᠠᠯ ᠠᠴᠠ᠂ | ᠬᠤᠲᠠ ᠶᠢᠨ ᠳᠡᠳ᠋ ᠳᠠᠷᠤᠭ᠎ᠠ ᠵᠢᠶᠠ ᠰᠢᠶᠣᠣ ᠮᠢᠩ ᠤᠨ ᠲᠥᠪ ᠤᠨ ᠠᠶᠤᠯᠭᠦᠢ ᠦᠢᠯᠡᠳᠪᠦᠷᠢᠯᠡᠯ ᠤᠨ ᠬᠢᠨᠠᠨ ᠰᠢᠯᠭᠠᠬᠤ ᠲᠣᠭᠤᠷᠢᠨ ᠪᠠᠶᠢᠴᠠᠭᠠᠬᠤ ᠳᠤᠭᠤᠶᠢᠯᠠᠩ ᠤᠨ | ᠢᠯᠡ ᠪᠠᠷ ᠪᠠᠶᠢᠴᠠᠭᠠᠵᠤ ᠳᠠᠯᠳᠠᠭᠤᠷ ᠰᠤᠷᠪᠤᠯᠵᠢᠯᠠᠬᠤ ᠪᠠᠶᠢᠴᠠᠭᠠᠯᠲᠠ ᠶᠢ ᠤᠭᠲᠤᠬᠤ ᠠᠵᠢᠯ ᠢ ᠰᠠᠶᠢᠲᠤᠷ ᠬᠢᠬᠦ ᠲᠤᠬᠠᠢ ᠱᠠᠭᠠᠷᠳᠠᠯᠭ᠎ᠠ ᠪᠣᠯᠣᠨ ᠬᠤᠲᠠ ᠶᠢᠨ ᠠᠶᠤᠯᠭᠦᠢ | ᠦᠢᠯᠡᠳᠪᠦᠷᠢᠯᠡᠯ ᠤᠨ ᠵᠥᠪᠯᠡᠯ ᠤᠨ ᠪᠣᠳᠠᠲᠠᠢ ᠠᠵᠢᠯ ᠤᠨ ᠪᠠᠶᠢᠷᠢᠯᠠᠭᠤᠯᠤᠯᠲᠠ ᠱᠠᠭᠠᠷᠳᠠᠯᠭ᠎ᠠ ᠶᠢ ᠤᠯᠠᠮᠵᠢᠯᠠᠭᠰᠠᠨ ᠪᠥᠭᠡᠳ ᠨᠠᠷᠢᠨ ᠨᠢᠮᠪᠠᠢ ᠲᠣᠬᠢᠷᠠᠭᠤᠯᠤᠨ | ᠪᠠᠶᠢᠷᠢᠯᠠᠭᠤᠯᠪᠠ᠃ | |