﹇ᠬᠤᠰᠢᠭᠤᠨ ᠤ ᠪᠢᠴᠢᠭ ᠮᠠᠲ᠋ᠧᠷᠢᠶᠠᠯ﹈ ᠪᠣᠭᠳᠠᠠᠭᠤᠯᠠ ᠶᠢᠨ ᠪᠣᠳᠠᠰ ᠤᠨ ᠪᠣᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠤᠨ ᠲᠥᠷᠥᠯ ᠵᠦᠢᠯ ᠤᠨ ᠭᠠᠵᠠᠷ ᠰᠢᠷᠣᠶ ᠲᠠᠲᠠᠪᠤᠷᠢᠯᠠᠬᠤ ᠲᠤᠬᠠᠢ ᠤᠷᠢᠳᠴᠢᠯᠠᠨ ᠨᠡᠶᠢᠲᠡᠯᠡᠭᠰᠡᠨ ᠠᠯᠪᠠᠨ ᠵᠠᠷᠯᠠᠯ
ᠨᠡᠶᠢᠲᠡᠯᠡᠭᠰᠡᠨ ᠴᠠᠭ᠄
2025/3/31
ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠭᠳᠠᠠᠭᠤᠯᠠ ᠰᠣᠮᠣ ᠶᠢᠨ ᠭᠠᠩᠭᠠᠳᠤ ᠭᠠᠴᠠᠭ᠎ᠠ ᠳᠤ᠄      ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠤᠯᠢ︾᠂ ︽ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠤᠢ ᠶᠢᠨ ᠬᠠᠮᠢᠶᠠᠷᠤᠯᠲᠠ ᠶᠢᠨ ᠬᠠᠤᠯᠢ ᠶᠢ ᠬᠡᠷᠡᠭᠵᠢᠭᠦᠯᠬᠦ ᠳᠦᠷᠢᠮ︾ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ ᠬᠠᠤᠯᠢ ᠲᠣᠭᠲᠠᠭᠠᠯ ᠤᠨ ᠲᠣᠭᠲᠠᠭᠠᠯ ᠢ ᠦᠨᠳᠦᠰᠦᠯᠡᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠪᠣᠭᠳᠠᠠᠭᠤᠯᠠ ᠶᠢᠨ ᠪᠣᠳᠠᠰ ᠤᠨ ᠪᠣᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠤᠨ ᠲᠥᠷᠥᠯ ᠵᠦᠢᠯ ᠢ ᠬᠡᠷᠡᠭᠵᠢᠭᠦᠯᠬᠦ ᠠᠴᠠ ᠲᠣᠭᠲᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠭᠳᠠᠠᠭᠤᠯᠠ ᠰᠣᠮᠣ ᠶᠢᠨ ᠭᠠᠩᠭᠠᠳᠤ ᠭᠠᠴᠠᠭᠠᠨ ᠤ ᠬᠡᠰᠡᠭ ᠬᠠᠮᠲᠤ ᠶᠢᠨ ᠥᠮᠴᠢᠯᠡᠯ ᠤᠨ ᠭᠠᠵᠠᠷ ᠰᠢᠷᠤᠢ ᠶᠢ ᠬᠠᠤᠯᠢ ᠶᠣᠰᠣᠭᠠᠷ ᠲᠠᠲᠠᠪᠤᠷᠢᠯᠠᠬᠤ ᠴᠢᠬᠤᠯᠠᠲᠠᠢ ᠪᠣᠯᠪᠠ᠂ ᠣᠳᠣ ᠲᠤᠰ ᠲᠥᠷᠥᠯ ᠵᠦᠢᠯ ᠢ ᠲᠠᠲᠠᠪᠤᠷᠢᠯᠠᠨ ᠠᠪᠬᠤ ᠬᠤᠯᠪᠣᠭᠳᠠᠯ ᠪᠦᠬᠦᠢ ᠶᠠᠪᠤᠳᠠᠯ ᠢ ᠳᠣᠣᠷᠠᠬᠢ ᠮᠡᠲᠦ ᠵᠠᠷᠯᠠᠶ᠎ᠠ᠄      ᠨᠢᠭᠡ᠂ ᠲᠥᠷᠥᠯ ᠵᠦᠢᠯ ᠤᠨ ᠦᠨᠳᠦᠰᠦᠨ ᠪᠠᠶᠢᠳᠠᠯ      ᠰᠢᠨ᠎ᠡ ᠪᠠᠷᠭᠤ ᠪᠠᠷᠠᠭᠤᠨ ᠬᠤᠰᠢᠭᠤᠨ ᠤ ᠦᠬᠡᠷᠲᠦ ᠬᠦᠢᠲᠡᠨ ᠤ ᠥᠯᠥᠭᠡᠢ ᠰᠤᠶᠤᠯ ᠵᠢᠭᠤᠯᠴᠢᠯᠠᠯ ᠤᠨ ᠪᠡᠯᠡ ᠤᠷᠤᠭᠤᠯᠤᠯᠳᠠ ᠶᠢᠨ ᠬᠢᠵᠠᠭᠠᠷᠳᠤ ᠺᠤᠮᠫᠠᠨᠢ ᠠᠴᠠ ᠤᠳᠤ ᠪᠣᠭᠳᠠᠠᠭᠤᠯᠠ ᠶᠢᠨ ᠪᠣᠳᠠᠰ ᠤᠨ ᠪᠣᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠤᠨ ᠲᠦᠷᠤᠯ ᠵᠦᠢᠯ ᠢ ᠪᠠᠶᠢᠭᠤᠯᠬᠤ ᠪᠠᠷ ᠪᠣᠯᠵᠤ᠂ ᠲᠤᠰ ᠲᠦᠷᠤᠯ ᠵᠦᠢᠯ ᠨᠢ 2025 ᠤᠨ ᠤ 1 ᠰᠠᠷ᠎ᠠ ᠶᠢᠨ 15 ᠤ ᠡᠳᠤᠷ ᠪᠤᠯᠳᠠᠯ᠎ᠠ ᠰᠢᠨ᠎ᠠ ᠪᠠᠷᠭᠤ ᠪᠠᠷᠠᠭᠤᠨ ᠬᠤᠰᠢᠭᠤᠨ ᠤ ᠬᠦᠭᠵᠢᠬᠦᠯᠦᠯᠳᠡ ᠪᠠ ᠦᠭᠡᠷᠡᠴᠢᠯᠡᠯᠳᠡ ᠶᠢᠨ ᠵᠦᠪᠯᠡᠯ ᠤᠨ ᠲᠦᠷᠤᠯ ᠵᠦᠢᠯ ᠢ ᠲᠠᠩᠰᠠᠯᠠᠭᠤᠯᠬᠤ ᠮᠡᠳᠡᠭᠳᠡᠯ ᠤᠨ ᠪᠢᠴᠢᠭ ︵ᠲᠦᠷᠤᠯ ᠵᠦᠢᠯ ᠤᠨ ᠤᠷᠤᠯᠠᠬᠤ ᠳ᠋ᠤᠭᠠᠷ᠄ 2510 - 150727-04-496844︶ ᠲᠤ ᠣᠷᠤᠭᠤᠯᠪᠠ᠃ ᠲᠤᠰ ᠲᠥᠷᠥᠯ ᠵᠦᠢᠯ ᠨᠢ ᠵᠠᠰᠠᠭ ᠤᠨ ᠣᠷᠳᠣᠨ ᠠᠴᠠ ᠵᠣᠬᠢᠶᠠᠨ ᠪᠠᠶᠢᠭᠤᠯᠤᠨ ᠬᠡᠷᠡᠭᠵᠢᠭᠦᠯᠵᠦ ᠪᠠᠶᠢᠭ᠎ᠠ ᠰᠣᠶᠣᠯ ᠤᠨ ᠲᠥᠷᠥᠯ ᠤᠨ ᠣᠯᠠᠨ ᠨᠡᠶᠢᠲᠡ ᠶᠢᠨ ᠦᠢᠯᠡᠰ ᠲᠤ ᠬᠡᠷᠡᠭᠯᠡᠬᠦ ᠭᠠᠵᠠᠷ ᠪᠠᠶᠢᠳᠠᠯ ᠳᠤ ᠬᠠᠷᠢᠶᠠᠯᠠᠭᠳᠠᠵᠤ᠂ ︽ᠪᠦᠭᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ᠶᠢᠨ 45 ᠳ᠋ᠤᠭᠠᠷ ᠵᠦᠢᠯ ᠤᠨ ᠭᠤᠷᠪᠠᠳᠤᠭᠠᠷ ᠵᠤᠷᠪᠤᠰ ᠤᠨ ᠲᠣᠭᠲᠠᠭᠠᠯ ᠢ ᠦᠨᠳᠦᠰᠦᠯᠡᠨ᠂ ᠭᠠᠵᠠᠷ ᠰᠢᠷᠣᠶ ᠲᠠᠲᠠᠪᠤᠷᠢᠯᠠᠬᠤ ᠶᠢ ᠬᠠᠤᠯᠢ ᠶᠣᠰᠣᠭᠠᠷ ᠬᠡᠷᠡᠭᠵᠢᠭᠦᠯᠵᠦ ᠪᠣᠯᠤᠨ᠎ᠠ᠃      ᠬᠤᠶᠠᠷ᠂ ᠲᠠᠲᠠᠪᠤᠷᠢᠯᠠᠬᠤ ᠪᠠᠷ ᠪᠠᠶᠢᠭ᠎ᠠ ᠭᠠᠵᠠᠷ ᠰᠢᠷᠣᠶ ᠶᠢᠨ ᠬᠡᠪᠴᠢᠶ᠎ᠡ      ᠡᠨᠡ ᠤᠳᠠᠭ᠎ᠠ ᠶᠢᠨ ᠲᠠᠲᠠᠪᠤᠷᠢᠯᠠᠬᠤ ᠭᠠᠵᠠᠷ ᠰᠢᠷᠤᠢ ᠨᠢ ᠰᠢᠨ᠎ᠡ ᠪᠠᠷᠭᠤ ᠪᠠᠷᠠᠭᠤᠨ ᠬᠤᠰᠢᠭᠤᠨ ᠤ ᠪᠣᠭᠳᠠᠠᠭᠤᠯᠠ ᠰᠣᠮᠣ ᠶᠢᠨ ᠭᠠᠩᠭᠠᠳᠤ ᠭᠠᠴᠠᠭᠠᠨ ᠳᠤ ᠪᠠᠶᠢᠷᠢᠯᠠᠵᠤ᠂ ᠲᠠᠲᠠᠪᠤᠷᠢᠯᠠᠬᠤ ᠪᠠᠷ ᠪᠠᠶᠢᠭ᠎ᠠ ᠭᠠᠵᠠᠷ ᠤᠨ ᠲᠠᠯᠠᠪᠠᠢ ᠨᠢ 0.0813 ᠾᠧᠺᠲ᠋ᠠᠷ ᠪᠣᠯᠣᠨ᠎ᠠ᠃      ᠭᠤᠷᠪᠠ᠂ ᠭᠠᠵᠠᠷ ᠰᠢᠷᠣᠶ ᠲᠠᠲᠠᠪᠤᠷᠢᠯᠠᠬᠤ ᠵᠣᠷᠢᠯᠭ᠎ᠠ      ᠪᠣᠳᠠᠰ ᠤᠨ ᠪᠤᠰᠤ ᠰᠣᠶᠣᠯ ᠤᠨ ᠥᠪ ᠢ ᠦᠷᠭᠦᠯᠵᠢᠯᠡᠨ ᠬᠠᠮᠠᠭᠠᠯᠠᠬᠤ ᠪᠠ ᠬᠥᠭᠵᠢᠭᠦᠯᠬᠦ ᠶᠢ ᠪᠡᠶᠡᠯᠡᠭᠦᠯᠵᠦ᠂ ᠰᠢᠨ᠎ᠡ ᠪᠠᠷᠭᠤ ᠪᠠᠷᠠᠭᠤᠨ ᠬᠤᠰᠢᠭᠤᠨ ᠤ ᠣᠯᠠᠨ ᠨᠡᠢᠲᠡ ᠶᠢᠨ ᠰᠣᠶᠣᠯ ᠤᠨ ᠦᠢᠯᠡᠴᠢᠯᠡᠭᠡᠨ ᠤ ᠬᠢᠷᠢ ᠲᠦᠪᠰᠢᠨ ᠢ ᠳᠡᠭᠡᠭᠰᠢᠯᠡᠭᠦᠯᠬᠦ ᠶᠢᠨ ᠲᠤᠰᠠᠳᠠ᠂ ᠰᠢᠨ᠎ᠡ ᠪᠠᠷᠭᠤ ᠪᠠᠷᠠᠭᠤᠨ ᠬᠤᠰᠢᠭᠤᠨ ᠤ ᠦᠬᠡᠷᠲᠦ ᠬᠦᠢᠲᠡᠨ ᠤ ᠥᠯᠥᠭᠡᠢ ᠰᠣᠶᠣᠯ ᠵᠢᠭᠤᠯᠴᠢᠯᠠᠯ ᠤᠨ ᠪᠡᠯᠡ ᠣᠷᠣᠭᠤᠯᠤᠯᠲᠠ ᠶᠢᠨ ᠬᠢᠵᠠᠭᠠᠷᠲᠤ ᠺᠣᠮᠫᠠᠨᠢ ᠪᠣᠭᠳᠠᠠᠭᠤᠯᠠ ᠶᠢᠨ ᠪᠣᠳᠠᠰ ᠤᠨ ᠪᠣᠰᠤ ᠰᠣᠶᠣᠯ ᠤᠨ ᠥᠪ ᠢ ᠪᠡᠶᠡᠴᠢᠯᠡᠨ ᠣᠶᠢᠯᠠᠭᠠᠬᠤ ᠬᠦᠷᠢᠶᠡᠯᠡᠩ ᠤᠨ ᠲᠥᠷᠥᠯ ᠵᠦᠢᠯ ᠢ ᠪᠦᠲᠦᠭᠡᠨ ᠪᠠᠢᠭᠤᠯᠬᠤ ᠬᠡᠷᠡᠭᠴᠡᠭᠡ ᠲᠠᠢ ᠪᠣᠯᠪᠠ᠃      ᠳᠥᠷᠪᠡ᠂ ᠭᠠᠵᠠᠷ ᠰᠢᠷᠣᠶ ᠶᠢᠨ ᠣᠳᠣᠬᠢ ᠪᠠᠶᠢᠳᠠᠯ ᠤᠨ ᠪᠠᠶᠢᠴᠠᠭᠠᠯᠲᠠ ᠥᠷᠨᠢᠭᠦᠯᠬᠦ      ᠲᠣᠰ ᠤᠳᠠᠭ᠎ᠠ ᠶᠢᠨ ᠵᠠᠷᠯᠠᠯ ᠢ ᠨᠡᠶᠢᠲᠡᠯᠡᠭᠰᠡᠨ ᠤ ᠳᠠᠷᠠᠭ᠎ᠠ᠂ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠭᠠᠵᠠᠷ ᠰᠢᠷᠣᠶ ᠶᠢᠨ ᠣᠳᠣᠬᠢ ᠪᠠᠶᠢᠳᠠᠯ ᠢ ᠪᠠᠶᠢᠴᠠᠭᠠᠨ ᠨᠤᠲᠠᠯᠠᠬᠤ ᠠᠵᠢᠯ ᠥᠷᠨᠢᠭᠦᠯᠵᠦ᠂ ᠭᠤᠤᠯᠳᠠᠭᠤ ᠭᠠᠵᠠᠷ ᠰᠢᠷᠣᠶ ᠶᠢᠨ ᠣᠷᠣᠨ ᠪᠠᠶᠢᠷᠢ᠂ ᠡᠷᠬᠡ ᠶᠢᠨ ᠬᠠᠷᠢᠶᠠᠯᠠᠯ᠂ ᠭᠠᠵᠠᠷ ᠤᠨ ᠲᠥᠷᠥᠯ᠂ ᠲᠠᠯᠠᠪᠠᠶ ᠵᠢᠴᠢ ᠭᠠᠴᠠᠭᠠᠨ ᠤ ᠮᠠᠯᠴᠢᠨ ᠲᠠᠷᠢᠶᠠᠴᠢᠨ ᠤ ᠣᠷᠣᠨ ᠰᠠᠭᠤᠴᠠ ᠵᠢᠴᠢ ᠪᠤᠰᠤᠳ ᠭᠠᠵᠠᠷ ᠳᠡᠭᠡᠷᠡᠬᠢ ᠳᠠᠭᠠᠯᠲᠠ ᠪᠣᠳᠠᠰ ᠪᠠ ᠨᠢᠯᠬ᠎ᠠ ᠴᠢᠬᠢ ᠵᠡᠷᠭᠡ ᠶᠢᠨ ᠡᠷᠬᠡ ᠶᠢᠨ ᠬᠠᠷᠢᠶᠠᠯᠠᠯ᠂ ᠲᠥᠷᠥᠯ ᠵᠦᠢᠯ᠂ ᠲᠤᠭ᠎ᠠ ᠬᠡᠮᠵᠢᠶ᠎ᠡ ᠵᠡᠷᠭᠡ ᠪᠠᠶᠢᠳᠠᠯ ᠢ ᠪᠠᠶᠢᠴᠠᠭᠠᠨ ᠳᠣᠲᠣᠯᠠᠨ᠎ᠠ᠃ ᠲᠠᠲᠠᠪᠤᠷᠢᠯᠠᠬᠤ ᠪᠠᠷ ᠪᠠᠶᠢᠭ᠎ᠠ ᠬᠡᠪᠴᠢᠶᠡᠨ ᠳᠣᠲᠣᠷᠠᠬᠢ ᠭᠠᠵᠠᠷ ᠰᠢᠷᠣᠶ ᠶᠢᠨ ᠥᠮᠴᠢᠯᠡᠬᠦ ᠡᠷᠬᠡ᠂ ᠬᠡᠷᠡᠭᠯᠡᠬᠦ ᠡᠷᠬᠡ ᠵᠡᠷᠭᠡ ᠪᠠᠶᠢᠳᠠᠯ ᠳᠤ ᠪᠠᠶᠢᠴᠠᠭᠠᠯᠲᠠ ᠬᠢᠵᠦ᠂ ᠬᠤᠯᠪᠣᠭᠳᠠᠬᠤ ᠬᠠᠮᠢᠶ᠎ᠠ ᠪᠦᠬᠦᠢ ᠨᠢᠭᠡᠴᠡ ᠬᠢᠭᠡᠳ ᠬᠤᠪᠢ ᠬᠥᠮᠦᠨ ᠳᠡᠮᠵᠢᠯᠭᠡ ᠦᠵᠡᠭᠦᠯᠦᠨ ᠬᠠᠮᠵᠢᠯᠴᠠᠬᠤ ᠬᠡᠷᠡᠭᠲᠡᠶ᠃      ᠲᠠᠪᠤ᠂ ᠭᠠᠵᠠᠷ ᠰᠢᠷᠣᠶ ᠲᠠᠲᠠᠪᠤᠷᠢᠯᠠᠬᠤ ᠪᠠᠷᠢᠮᠵᠢᠶ᠎ᠠ      ᠭᠠᠵᠠᠷ ᠰᠢᠷᠣᠶ ᠲᠠᠲᠠᠪᠤᠷᠢᠯᠠᠬᠤ ᠪᠠᠷᠢᠮᠵᠢᠶ᠎ᠠ ᠶᠢ ︽ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡᠨ ᠡᠭᠡᠯᠵᠢ ᠶᠢᠨ ᠭᠠᠵᠠᠷ ᠰᠢᠷᠣᠶ ᠲᠠᠲᠠᠪᠤᠷᠢᠯᠠᠬᠤ ᠣᠷᠣᠨ ᠤ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠳᠤ ᠲᠣᠬᠢᠷᠠᠭᠤᠯᠤᠯᠲᠠ ᠬᠢᠵᠦ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ [20023] 92 ᠳ᠋ᠤᠭᠠᠷ ᠲᠣᠭᠠᠲᠤ︶ ᠤᠨ ᠪᠢᠴᠢᠭ ᠮᠠᠲ᠋ᠧᠷᠢᠶᠠᠯ ᠤᠨ ᠶᠣᠰᠣᠭᠠᠷ ᠬᠡᠷᠡᠭᠵᠢᠭᠦᠯᠦᠨ᠎ᠡ᠃      ᠵᠢᠷᠭᠤᠭ᠎ᠠ᠂ ᠪᠤᠰᠤᠳ ᠵᠦᠢᠯ      ᠲᠤᠰ ᠠᠯᠪᠠᠨ ᠵᠠᠷᠯᠠᠯ ᠢ ᠨᠡᠶᠢᠲᠡᠯᠡᠭᠰᠡᠨ ᠡᠳᠦᠷ ᠠᠴᠠ ᠡᠬᠢᠯᠡᠨ᠂ ᠶᠠᠮᠠᠷᠪᠠ ᠨᠢᠭᠡᠴᠡ ᠪᠠ ᠬᠤᠪᠢ ᠬᠥᠮᠦᠨ ᠭᠠᠵᠠᠷ ᠰᠢᠷᠣᠶ ᠶᠢᠨ ᠬᠡᠪᠴᠢᠶᠡᠨ ᠳᠣᠲᠣᠷ᠎ᠠ ᠵᠠᠪᠳᠤᠨ ᠲᠠᠷᠢᠵᠤ ᠵᠠᠪᠳᠤᠨ ᠪᠠᠶᠢᠭᠤᠯᠵᠤ ᠪᠣᠯᠬᠤ ᠦᠭᠡᠢ︔ ᠲᠣᠭᠲᠠᠭᠠᠯ ᠠᠴᠠ ᠵᠥᠷᠢᠴᠡᠨ ᠲᠠᠷᠢᠵᠤ ᠪᠠᠶᠢᠭᠤᠯᠤᠭᠰᠠᠨ ᠪᠠᠶᠢᠪᠠᠯ᠂ ᠡᠳᠡᠭᠡᠷ ᠬᠡᠰᠡᠭ ᠲᠤ ᠴᠥᠮ ᠨᠥᠬᠦᠪᠥᠷᠢ ᠥᠭᠬᠦ ᠦᠭᠡᠢ᠃      ᠭᠠᠵᠠᠷ ᠰᠢᠷᠣᠶ ᠶᠢᠨ ᠬᠡᠪᠴᠢᠶᠡᠨ ᠳᠠᠬᠢ ᠭᠠᠵᠠᠷ ᠰᠢᠷᠣᠶ ᠶᠢᠨ ᠥᠮᠴᠢᠯᠡᠯ ᠤᠨ ᠡᠷᠬᠡᠲᠦ ᠬᠥᠮᠦᠨ᠂ ᠭᠠᠵᠠᠷ ᠰᠢᠷᠣᠶ ᠶᠢᠨ ᠬᠡᠷᠡᠭᠯᠡᠬᠦ ᠡᠷᠬᠡ ᠵᠡᠷᠭᠡ ᠳᠤ ᠬᠤᠯᠪᠣᠭᠳᠠᠪᠠᠯ᠂ ᠲᠣᠰ ᠤᠳᠠᠭᠠᠨ ᠤ ᠭᠠᠵᠠᠷ ᠰᠢᠷᠣᠶ ᠲᠠᠲᠠᠪᠤᠷᠢᠯᠠᠬᠤ ᠠᠵᠢᠯ ᠳᠤ ᠣᠨᠳᠣᠤ ᠰᠠᠨᠠᠯ ᠲᠠᠢ ᠪᠠᠶᠢᠪᠠᠯ᠂ ᠠᠯᠪᠠᠨ ᠵᠠᠷᠯᠠᠯ ᠨᠡᠶᠢᠲᠡᠯᠡᠭᠰᠡᠨ ᠤ ᠳᠠᠷᠠᠭ᠎ᠠ 10 ᠠᠵᠢᠯᠯᠠᠬᠤ ᠡᠳᠦᠷ ᠤᠨ ᠳᠣᠲᠣᠷ᠎ᠠ ᠬᠤᠰᠢᠭᠤᠨ ᠤ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠳᠤ ᠪᠢᠴᠢᠭ ᠤᠨ ᠰᠠᠨᠠᠯ ᠭᠠᠷᠭᠠᠵᠤ ᠪᠣᠯᠤᠨ᠎ᠠ᠃      ᠣᠨᠴᠠᠭᠠᠶᠢᠯᠠᠨ ᠵᠠᠷᠯᠠᠨ ᠨᠡᠶᠢᠲᠡᠯᠡᠪᠡ᠃                                    2025 ᠣᠨ ᠤ 3 ᠰᠠᠷ᠎ᠠ ᠶᠢᠨ 25 ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ