ᠣᠶᠢᠷ᠎ᠠ ᠳᠤ᠂ ᠮᠠᠨ ᠤ ᠬᠤᠰᠢᠭᠤᠨ ᠤ ᠰᠠᠭᠤᠭᠠᠯᠢ ᠠᠷᠠᠳ ᠤᠨ ᠠᠮᠢᠳᠤᠷᠠᠯ ᠤᠨ ᠤᠤᠭᠤᠬᠤ ᠤᠰᠤᠨ ᠤ ᠠᠷᠢᠭᠤᠨ ᠴᠡᠪᠡᠷ ᠤᠨ ᠠᠮᠤᠷ ᠲᠦᠪᠰᠢᠨ ᠢ | ᠪᠠᠲᠤᠯᠠᠬᠤ ᠶᠢᠨ ᠲᠥᠯᠥᠭᠡ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠤᠨ ᠡᠷᠡᠭᠦᠯ ᠬᠠᠮᠠᠭᠠᠯᠠᠯ ᠤᠨ ᠬᠠᠤᠯᠢ ᠬᠡᠷᠡᠭᠵᠢᠭᠦᠯᠬᠦ ᠠᠵᠢᠯᠲᠠᠨ | ᠬᠠᠷᠢᠶᠠᠲᠤ ᠣᠷᠣᠨ ᠤ ᠪᠠᠨ ᠲᠥᠪᠯᠡᠷᠡᠭᠦᠯᠦᠨ ᠤᠰᠤ ᠬᠠᠩᠭᠠᠬᠤ ᠦᠢᠯᠡᠳᠪᠦᠷᠢ ᠳᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠪᠠᠶᠢᠴᠠᠭᠠᠯᠲᠠ ᠬᠢᠪᠠ᠃ ᠲᠣᠰ | ᠤᠳᠠᠭ᠎ᠠ ᠲᠥᠪᠯᠡᠷᠡᠭᠦᠯᠦᠨ ᠤᠰᠤ ᠬᠠᠩᠭᠠᠬᠤ ᠨᠢᠭᠡᠴᠡ ᠶᠢᠨ ᠤᠰᠤᠨ ᠤ ᠴᠢᠨᠠᠷ ᠢ ᠴᠡᠪᠡᠷᠰᠢᠭᠦᠯᠬᠦ᠂ ᠤᠰᠤᠨ ᠤ ᠴᠢᠨᠠᠷ ᠢ ᠥᠪᠡᠰᠦᠪᠡᠨ ᠪᠠᠶᠢᠴᠠᠭᠠᠬᠤ ᠵᠢᠴᠢ ᠠᠵᠢᠯ ᠤᠨ | ᠲᠡᠮᠳᠡᠭᠯᠡᠯ᠂ ᠲᠤᠷᠰᠢᠯᠲᠠ ᠶᠢᠨ ᠡᠮ ᠤᠨ ᠦᠨᠡᠮᠯᠡᠯ ᠠᠪᠤᠭᠰᠠᠨ ᠪᠠᠶᠢᠳᠠᠯ ᠵᠢᠴᠢ ᠤᠰᠤ ᠬᠠᠩᠭᠠᠬᠤ ᠬᠤᠭᠤᠯᠠᠶ ᠶᠢᠨ ᠠᠵᠢᠯ ᠡᠷᠭᠢᠯᠡᠭᠰᠡᠳ ᠤᠨ ᠪᠦᠲᠦᠮᠵᠢᠲᠡᠶ ᠪᠡᠶ᠎ᠡ ᠶᠢᠨ | ᠪᠠᠶᠢᠴᠠᠭᠠᠯᠲᠠ ᠳᠤ ᠬᠢᠷᠢ ᠲᠡᠩᠴᠡᠭᠰᠡᠨ ᠭᠡᠷᠡᠴᠢ ᠵᠢᠴᠢ ᠤᠰᠤ ᠬᠠᠩᠭᠠᠬᠤ ᠬᠥᠮᠦᠰ ᠤᠨ ᠡᠷᠡᠭᠦᠯ ᠬᠠᠮᠠᠭᠠᠯᠠᠯ ᠤᠨ ᠮᠡᠳᠡᠯᠭᠡ ᠶᠢᠨ ᠪᠣᠯᠪᠠᠰᠤᠷᠠᠯ ᠵᠡᠷᠭᠡ ᠬᠠᠮᠢᠶ᠎ᠠ ᠪᠥᠬᠦᠶ | ᠪᠠᠶᠢᠳᠠᠯ ᠢ ᠭᠤᠤᠯᠳᠠᠯᠭ᠎ᠠ ᠲᠠᠢ ᠪᠠᠶᠢᠴᠠᠭᠠᠪᠠ᠃ | | | | ᠪᠠᠶᠢᠴᠠᠭᠠᠬᠤ ᠶᠠᠪᠤᠴᠠ ᠳᠤ ᠣᠯᠵᠤ ᠮᠡᠳᠡᠭᠰᠡᠨ ᠠᠰᠠᠭᠤᠳᠠᠯ ᠳᠤ ᠴᠢᠭᠯᠡᠭᠦᠯᠦᠨ᠂ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠵᠤ ᠬᠠᠤᠯᠢ ᠬᠡᠷᠡᠭᠵᠢᠭᠦᠯᠬᠦ | ᠠᠵᠢᠯᠲᠠᠨ ᠳᠤ ᠡᠷᠡᠭᠦᠯ ᠬᠠᠮᠠᠭᠠᠯᠠᠯ ᠤᠨ ᠬᠢᠨᠠᠯᠲᠠ ᠲᠠᠯᠪᠢᠬᠤ ᠰᠠᠨᠠᠯ ᠤᠨ ᠪᠢᠴᠢᠭ ᠪᠠᠭᠤᠯᠭᠠᠵᠤ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠴᠡᠭᠴᠡᠯᠡᠨ | ᠥᠭᠡᠷᠡᠴᠢᠯᠡᠭᠦᠯᠪᠡ᠃ | ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠡᠪᠡᠳᠴᠢᠨ ᠡᠮᠭᠡᠭ ᠢ ᠰᠡᠷᠭᠡᠶᠢᠯᠡᠨ ᠬᠢᠵᠠᠭᠠᠷᠯᠠᠬᠤ ᠲᠥᠪ ᠠᠴᠠ ᠲᠥᠪᠯᠡᠷᠡᠩᠭᠦᠶ ᠮᠠᠶ᠋ᠢᠭ ᠤᠨ ᠤᠰᠤ ᠬᠠᠩᠭᠠᠬᠤ | ᠨᠢᠭᠡᠴᠡ ᠶᠢᠨ ᠤᠰᠤᠨ ᠰᠤᠷᠪᠤᠯᠵᠢ᠂ ᠦᠢᠯᠡᠳᠪᠦᠷᠢ ᠠᠴᠠ ᠭᠠᠷᠭᠠᠬᠤ ᠤᠰᠤᠨ ᠤ ᠬᠤᠭᠤᠯᠠᠶ ᠲᠣᠤᠷ ᠤᠨ ᠦᠵᠦᠭᠦᠷ ᠤᠨ ᠤᠰᠤᠨ ᠳᠤ ᠬᠢᠨᠠᠯᠲᠠ ᠲᠠᠯᠪᠢᠵᠤ ᠬᠢᠨᠠᠨ | ᠬᠡᠮᠵᠢᠬᠦ ᠡᠷᠴᠢᠮ ᠢᠶᠠᠨ ᠦᠷᠭᠦᠯᠵᠢᠯᠡᠨ ᠴᠢᠩᠭᠠᠳᠬᠠᠵᠤ᠂ ᠰᠠᠭᠤᠭᠠᠯᠢ ᠠᠷᠠᠳ ᠤᠨ ᠠᠮᠢᠳᠤᠷᠠᠯ ᠤᠨ ᠤᠤᠭᠤᠬᠤ ᠤᠰᠤᠨ ᠤ ᠠᠮᠤᠷ ᠲᠦᠪᠰᠢᠨ ᠢ ᠪᠠᠲᠤᠯᠠᠨ᠂ ᠡᠷᠡᠭᠦᠯ | ᠮᠡᠨᠳᠦ ᠶᠢᠨ ᠰᠡᠷᠭᠡᠶᠢᠯᠡᠯᠲᠡ ᠶᠢᠨ ᠱᠤᠭᠤᠮ ᠢ ᠬᠠᠮᠲᠤ ᠪᠠᠷ ᠪᠠᠶᠢᠭᠤᠯᠤᠨ᠎ᠠ᠃ | | | |