ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠡᠬᠢᠯᠡᠯᠲᠡ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/31
      ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠶ ᠲᠤᠤᠱᠯᠠᠭᠤᠯᠬᠤ ᠶᠢᠨ ᠲᠥᠯᠥᠭᠡ᠂ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠬᠤᠲᠠ ᠶᠢᠨ ᠨᠠᠮ ᠤᠨ ᠬᠤᠷᠢᠶ᠎ᠠ᠂ ᠬᠤᠰᠢᠭᠤᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ ᠶᠢ ᠦᠨᠳᠦᠰᠦᠯᠡᠨ᠂ 3 ᠰᠠᠷ᠎ᠠ ᠶᠢᠨ 27 ᠤ ᠡᠳᠦᠷ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠡᠬᠢᠯᠡᠯᠲᠡ ᠶᠢᠨ ᠬᠤᠷᠠᠯ ᠬᠤᠷᠠᠯᠳᠤᠭᠤᠯᠪᠠ᠃ ᠬᠤᠷᠠᠯ ᠢ ᠰᠤᠷᠭᠠᠨ ᠬᠥᠮᠦᠵᠢᠯ ᠤᠨ ᠠᠵᠢᠯ ᠤᠨ ᠬᠤᠷᠢᠶᠠᠨ ᠤ ᠱᠦᠵᠢ᠂ ᠰᠤᠷᠭᠠᠨ ᠬᠥᠮᠦᠵᠢᠯ ᠤᠨ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠡᠷᠭᠢᠯᠡᠵᠦ᠂ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠪᠦᠷᠢᠯᠳᠦᠬᠦᠨ᠂ ᠲᠣᠪᠴᠢᠶ᠎ᠠ ᠶᠢᠨ ᠪᠥᠬᠦ ᠺᠠᠳ᠋ᠷ ᠠᠵᠢᠯᠲᠠᠳ᠂ ᠡᠯ᠎ᠡ ᠨᠢᠭᠡᠴᠡ ᠶᠢᠨ ᠱᠦᠵᠢ ︵ᠬᠠᠷᠢᠭᠤᠴᠠᠯᠭᠠᠲᠠᠨ︶᠂ ᠳᠡᠳ᠋ ᠱᠦᠵᠢ ᠬᠤᠷᠠᠯ ᠳᠤ ᠣᠷᠣᠯᠴᠠᠪᠠ᠃
3.31教育局.jpg
      ᠬᠤᠷᠠᠯ ᠳᠡᠭᠡᠷ᠎ᠡ᠂ ︽ᠪᠥᠬᠦ ᠬᠤᠰᠢᠭᠤᠨ ᠳᠤ ᠲᠥᠪ ᠤᠨ ᠨᠠᠢᠮᠠᠨ‌ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠠᠵᠢᠯ ᠤᠨ ᠲᠥᠰᠦᠯ︾ ᠢ ᠤᠯᠠᠮᠵᠢᠯᠠᠨ ᠰᠤᠷᠤᠯᠴᠠᠵᠤ᠂ ᠬᠤᠰᠢᠭᠤᠨ ᠤ ᠨᠠᠮ ᠤᠨ ᠬᠤᠷᠢᠶ᠎ᠠ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠤᠰᠬᠠᠶ ᠠᠩᠭᠢ ᠶᠢᠨ ︽ᠠᠵᠢᠯ ᠤᠨ ᠰᠠᠨᠠᠭᠤᠯᠤᠮᠵᠢ︾ ᠶᠢᠨ ᠵᠣᠷᠢᠭ ᠰᠠᠨᠠᠭ᠎ᠠ ᠵᠢᠴᠢ ᠲᠥᠪ ᠬᠤᠷᠢᠶ᠎ᠠ ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠪᠠ ᠬᠤᠲᠠ ᠶᠢᠨ ᠨᠠᠮ ᠤᠨ ᠬᠤᠷᠢᠶᠠᠨ ᠤ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠶᠢᠨ ᠬᠠᠮᠲᠤ ᠰᠤᠷᠤᠯᠴᠠᠯᠭ᠎ᠠ ᠬᠥᠮᠦᠵᠢᠯ ᠤᠨ ᠠᠵᠢᠯ ᠳᠤ ᠪᠥᠬᠦ ᠲᠠᠯ᠎ᠠ ᠶᠢᠨ ᠪᠠᠶᠢᠷᠢᠯᠠᠭᠤᠯᠤᠯᠲᠠ ᠬᠢᠵᠦ᠂ ᠪᠥᠬᠦ ᠰᠢᠰᠲ᠋ᠧᠮ ᠤᠨ ᠰᠤᠷᠲᠠᠯ ᠤᠨ ᠪᠠᠶᠢᠭᠤᠯᠤᠯᠲᠠ ᠶᠢᠨ ᠦᠷᠭᠦᠯᠵᠢᠯᠡᠨ ᠭᠦᠨᠵᠡᠭᠡᠶᠢᠷᠡᠬᠦ ᠶᠢ ᠠᠬᠢᠭᠤᠯᠪᠠ᠃      ᠬᠤᠷᠠᠯ ᠠᠴᠠ᠂ ᠨᠢᠭᠡ ᠳᠤ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠬᠦ ᠬᠡᠷᠡᠭᠲᠡᠢ᠃ ᠰᠤᠷᠭᠠᠨ ᠬᠥᠮᠦᠵᠢᠯ ᠤᠨ ᠰᠢᠰᠲ᠋ᠧᠮ ᠤᠨ ᠬᠢᠨ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠤᠱᠯᠠᠭᠤᠯᠬᠤ ᠶᠢᠨ ᠴᠢᠬᠤᠯᠠ ᠴᠢᠨᠠᠷ ᠢ ᠭᠦᠢᠴᠡᠳ ᠲᠠᠨᠢᠵᠤ᠂ ᠲᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠲᠡᠭᠦᠨ ᠢ ᠶᠣᠰᠣ ᠰᠤᠷᠲᠠᠬᠤᠨ ᠢᠶᠠᠷ ᠬᠥᠮᠦᠨ ᠢ ᠬᠥᠮᠦᠵᠢᠭᠦᠯᠬᠦ ᠡᠳᠦᠷ ᠲᠤᠳᠤᠮ ᠤᠨ ᠠᠵᠢᠯ ᠳᠤ ᠠᠭᠤᠰᠤᠯᠴᠠᠭᠤᠯᠬᠤ ᠬᠡᠷᠡᠭᠲᠡᠢ᠃ ᠬᠤᠶᠠᠷ ᠲᠤ ᠰᠤᠷᠤᠯᠴᠠᠵᠤ ᠨᠠᠶᠢᠳᠠᠪᠤᠷᠢᠵᠢᠭᠤᠯᠬᠤ ᠶᠢ ᠴᠢᠩᠭ᠎ᠠ ᠠᠳᠬᠤᠬᠤ ᠬᠡᠷᠡᠭᠲᠡᠶ᠃ ᠡᠯ᠎ᠡ ᠱᠠᠲᠤᠨ ᠤ ᠨᠠᠮ ᠤᠨ ᠵᠣᠬᠢᠶᠠᠨ ᠪᠠᠶᠢᠭᠤᠯᠤᠯᠲᠠ ᠶᠢᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠲᠥᠪᠯᠡᠷᠡᠭᠦᠯᠦᠨ ᠰᠤᠷᠤᠯᠴᠠᠬᠤ᠂ ᠲᠤᠰᠬᠠᠢ ᠰᠡᠳᠦᠪ ᠢᠶᠠᠷ ᠰᠤᠳᠤᠯᠤᠨ ᠶᠠᠷᠢᠯᠴᠠᠬᠤ ᠵᠡᠷᠭᠡ ᠤᠯᠠᠨ ᠡᠰᠢᠲᠦ ᠬᠡᠯᠪᠡᠷᠢ ᠪᠠᠷ ᠰᠤᠷᠤᠯᠴᠠᠯᠭ᠎ᠠ ᠶᠢ ᠴᠢᠩᠭᠠᠳᠬᠠᠵᠤ᠂ ᠠᠯᠪᠠᠨ ᠤ ᠰᠦᠯᠵᠢᠶ᠎ᠡ ᠵᠡᠷᠭᠡ ᠵᠠᠭᠤᠴᠢᠯᠠᠭᠤᠷ ᠤᠨ ᠲᠠᠪᠴᠠᠩ ᠢ ᠠᠰᠢᠭᠯᠠᠨ ᠭᠦᠨ ᠵᠤᠵᠠᠭᠠᠨ ᠰᠤᠷᠤᠯᠴᠠᠬᠤ ᠠᠭᠤᠷ ᠠᠮᠢᠰᠬᠤᠯ ᠢ ᠪᠤᠢ ᠪᠣᠯᠭᠠᠬᠤ ᠬᠡᠷᠡᠭᠲᠡᠢ᠃ ᠭᠤᠷᠪᠠ ᠳᠤ ᠠᠵᠢᠯ ᠤᠨ ᠭᠤᠣᠯᠳᠠᠯᠭ᠎ᠠ ᠶᠢ ᠳᠣᠪᠣᠶᠢᠯᠭᠠᠬᠤ ᠬᠡᠷᠡᠭᠲᠡᠢ᠃ ᠪᠢᠴᠢᠭ ᠮᠠᠲ᠋ᠧᠷᠢᠶᠠᠯ ᠤᠨ ᠰᠤᠷᠲᠠᠯ ᠬᠤᠷᠠᠯ ᠤᠨ ᠰᠤᠷᠲᠠᠯ ᠢ ᠴᠣᠮᠬᠠᠳᠬᠠᠵᠤ᠂ ᠰᠤᠷᠭᠠᠨ ᠬᠥᠮᠦᠵᠢᠯ ᠤᠨ ᠠᠵᠢᠯ ᠲᠥᠷᠥᠯ ᠤᠨ ᠰᠤᠷᠲᠠᠯ ᠢ ᠴᠡᠭᠴᠡᠯᠡᠨ ᠵᠠᠰᠠᠵᠤ᠂ ᠪᠡᠯᠡᠭ ᠪᠠ ᠪᠡᠯᠡᠭ ᠤᠨ ᠮᠥᠩᠭᠦ᠂ ᠭᠡᠷ ᠤᠨ ᠲᠥᠯᠥᠪᠦᠷᠢ ᠲᠠᠢ ᠵᠢᠭᠠᠨ ᠰᠤᠷᠭᠠᠯᠲᠠ ᠵᠡᠷᠭᠡ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠴᠢᠩᠭ᠎ᠠ ᠪᠠᠶᠢᠴᠠᠭᠠᠨ ᠰᠢᠢᠳᠪᠦᠷᠢᠯᠡᠵᠦ᠂ ᠦᠨᠳᠦᠰᠦᠨ ᠪᠦᠲᠦᠭᠡᠨ ᠪᠠᠶᠢᠭᠤᠯᠤᠯᠲᠠ᠂ ᠰᠤᠷᠤᠭᠴᠢ ᠡᠯᠰᠡᠬᠦ ᠵᠡᠷᠭᠡ ᠵᠠᠩᠭᠢᠯᠠᠭ᠎ᠠ ᠶᠢᠨ ᠭᠤᠭᠴᠤᠭ᠎ᠠ ᠳᠤ ᠠᠷᠢᠭᠤᠨ ᠴᠢᠬᠡᠴᠢ ᠶᠢᠨ ᠬᠤᠷᠢᠭ᠎ᠠ ᠱᠤᠭᠤᠮ ᠢ ᠴᠢᠩᠭ᠎ᠠ ᠰᠠᠬᠢᠬᠤ ᠬᠡᠷᠡᠭᠲᠡᠢ᠃ ᠲᠦᠷᠪᠡ ᠳᠤ ᠤᠷᠳᠤ ᠬᠤᠭᠤᠴᠠᠭᠠᠨ ᠤ ᠪᠦᠲᠦᠮᠵᠢᠲᠡᠢ ᠲᠣᠭᠲᠠᠴᠠ ᠶᠢ ᠪᠦᠷᠢᠨᠰᠢᠬᠦᠯᠬᠦ ᠬᠡᠷᠡᠭᠲᠡᠢ᠃ ᠲᠦᠷᠢᠮ ᠤᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠡᠳᠦᠷ ᠲᠤᠲᠤᠮ ᠤᠨ ᠬᠠᠮᠢᠶᠠᠷᠤᠯᠲᠠ ᠳᠤ ᠠᠭᠤᠰᠤᠯᠴᠠᠭᠤᠯᠵᠤ᠂ ᠪᠠᠶᠢᠩᠭᠤᠵᠢᠭᠰᠠᠨ ᠬᠥᠮᠦᠵᠢᠯ ᠢ ᠭᠦᠨᠵᠡᠭᠡᠶᠢᠷᠡᠭᠦᠯᠦᠨ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠪᠠᠬᠢᠵᠢᠭᠦᠯᠬᠦ ᠬᠡᠷᠡᠭᠲᠡᠢ ᠭᠡᠵᠦ ᠱᠠᠭᠠᠷᠳᠠᠪᠠ᠃       ᠬᠤᠷᠠᠯ ᠠᠴᠠ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠲᠤᠤᠱᠯᠠᠭᠤᠯᠬᠤ ᠪᠣᠯ ᠤᠷᠳᠤ ᠬᠤᠭᠤᠴᠠᠭᠠᠨ ᠤ ᠡᠭᠦᠷᠭᠡ ᠮᠥᠨ᠂ ᠪᠦᠬᠦ ᠰᠢᠰᠲ᠋ᠧᠮ ᠤᠨ ᠬᠢᠨ ᠳᠡᠭᠡᠳᠦ ᠬᠡᠮᠵᠢᠶᠡᠨ ᠤ ᠬᠠᠷᠢᠭᠤᠴᠠᠯᠭᠠᠲᠤ ᠰᠡᠳᠬᠢᠯᠭᠡ ᠪᠠᠷ ᠰᠤᠷᠤᠯᠴᠠᠯᠭ᠎ᠠ ᠬᠥᠮᠦᠵᠢᠯ ᠢ ᠯᠠᠪᠳᠠᠭᠤᠨ ᠪᠠᠲᠤᠲᠠᠢ ᠠᠬᠢᠭᠤᠯᠵᠤ᠂ ᠰᠤᠷᠭᠠᠨ ᠬᠥᠮᠦᠵᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠴᠢᠬᠤᠯᠠᠴᠢᠯᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ