ᠬᠢᠨᠠᠨ ᠪᠤᠳᠤᠬᠤ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠤᠯᠠᠮ ᠨᠢᠭᠡ ᠠᠯᠬᠤᠮ ᠴᠢᠩᠭᠠᠳᠬᠠᠵᠤ᠂ ᠬᠢᠨᠠᠨ ᠪᠤᠳᠤᠬᠤ ᠠᠵᠢᠯ ᠤᠨ ᠶᠠᠰᠤ ᠴᠢᠨᠠᠷ ᠦᠷ᠎ᠡ | ᠪᠦᠲᠦᠮᠵᠢ ᠶᠢ ᠳᠡᠭᠡᠭᠰᠢᠯᠡᠭᠦᠯᠬᠦ ᠶᠢᠨ ᠲᠥᠯᠥᠭᠡ᠂ 3 ᠰᠠᠷ᠎ᠠ ᠶᠢᠨ 28 ᠤ ᠡᠳᠦᠷ᠂ ᠬᠤᠰᠢᠭᠤᠨ ᠤ ᠬᠢᠨᠠᠨ ᠪᠤᠳᠤᠬᠤ ᠲᠣᠪᠴᠢᠶ᠎ᠠ ︽ᠡᠩᠨᠡᠭᠡᠨ ᠤ ᠰᠤᠷᠲᠠᠯ ᠤᠨ | ᠪᠠᠶᠢᠭᠤᠯᠤᠯᠲᠠ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠣᠨ︾ ᠤ ᠠᠵᠢᠯ ᠤᠨ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠲᠣᠪᠴᠢᠶ᠎ᠠ ᠶᠢᠨ ᠨᠠᠮ ᠤᠨ | ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠬᠤᠷᠠᠯ ᠢ ᠡᠷᠭᠢᠯᠡᠵᠦ᠂ ᠪᠥᠬᠦ ᠺᠠᠳ᠋ᠷ ᠠᠵᠢᠯᠲᠠᠳ ᠬᠤᠷᠠᠯ ᠳᠤ ᠣᠷᠣᠯᠴᠠᠪᠠ᠃ | ᠬᠤᠷᠠᠯ ᠳᠡᠭᠡᠷ᠎ᠡ᠂ ᠲᠣᠪᠴᠢᠶᠠᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠪᠥᠬᠦ ᠺᠠᠳ᠋ᠷ ᠠᠵᠢᠯᠲᠠᠳ ᠲᠤ ︽ᠬᠥᠯᠥᠨ | ᠪᠤᠶᠢᠷ ᠬᠤᠲᠠ ᠶᠢᠨ ᠬᠢᠨᠠᠨ ᠪᠤᠳᠤᠬᠤ ᠲᠣᠪᠴᠢᠶ᠎ᠠ ᠶᠢᠨ ︿ᠡᠩᠨᠡᠭᠡ ᠶᠢᠨ ᠰᠤᠷᠲᠠᠯ ᠤᠨ ᠪᠠᠶᠢᠭᠤᠯᠤᠯᠲᠠ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠣᠨ﹀ ᠤ | ᠬᠡᠷᠡᠭᠵᠢᠭᠦᠯᠬᠦ ᠲᠥᠰᠦᠯ︾ ᠢ ᠤᠯᠠᠮᠵᠢᠯᠠᠬᠤ ᠶᠢᠨ ᠬᠠᠮᠲᠤ᠂ ᠬᠢᠨᠠᠨ ᠪᠤᠳᠤᠬᠤ ᠠᠵᠢᠯᠲᠠᠨ ᠤ ᠰᠤᠷᠲᠠᠯ ᠰᠤᠯᠠ ᠵᠠᠳᠠᠭᠠᠶ᠂ ᠬᠠᠷᠢᠭᠤᠴᠠᠯᠭ᠎ᠠ ᠡᠭᠦᠷᠭᠡᠯᠡᠬᠦ ᠤᠬᠠᠮᠰᠠᠷ | ᠴᠢᠩᠭ᠎ᠠ ᠪᠤᠰᠤ᠂ ᠦᠶ᠋ᠯᠡᠴᠢᠯᠡᠭᠡᠨ ᠤ ᠣᠶᠢᠯᠠᠭᠠᠭᠳᠠᠬᠤᠨ ᠪᠠᠭᠤᠷᠠᠶ ᠵᠡᠷᠭᠡ ᠠᠰᠠᠭᠤᠳᠠᠯ ᠪᠠ ᠲᠤᠬᠠᠶᠢᠯᠠᠭᠰᠠᠨ ᠠᠵᠢᠯ ᠤᠨ ᠳᠤᠮᠳᠠᠬᠢ ︽ᠡᠮᠬᠢ ᠵᠠᠮᠪᠠᠷᠠᠭ᠎ᠠ ᠥᠬᠡᠶ︾᠂ | ︽ᠭᠦᠶᠦᠭᠡᠨ︾᠂ ︽ᠤᠳᠠᠭᠠᠰᠢᠷᠠᠬᠤ︾᠂ ︽ᠮᠠᠭᠤ︾ ᠦᠵᠡᠭᠳᠡᠯ ᠭᠠᠷᠬᠤ ᠨᠢ ᠬᠢᠨᠠᠨ ᠪᠤᠳᠤᠬᠤ ᠦᠶ᠋ᠯᠡᠰ ᠤᠨ ᠬᠥᠭᠵᠢᠯᠲᠡ ᠶᠢ ᠬᠦᠨᠳᠦ ᠨᠣᠴᠢᠲᠠᠶ ᠬᠢᠵᠠᠭᠠᠷᠯᠠᠵᠤ | ᠪᠠᠶᠢᠨ᠎ᠠ᠃ ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠠᠵᠢᠯ ᠢ ᠥᠷᠨᠢᠭᠦᠯᠬᠦ ᠪᠣᠯ ᠬᠢᠨᠠᠨ ᠪᠤᠳᠤᠬᠤ ᠺᠠᠳ᠋ᠷᠴᠤᠳ ᠤᠨ | ᠲᠤᠰᠢᠶᠠᠯ ᠬᠠᠷᠢᠭᠤᠴᠠᠯᠭ᠎ᠠ ᠪᠠᠨ ᠦᠨᠡᠨᠴᠢ ᠪᠠᠷ ᠭᠦᠢᠴᠡᠳᠬᠡᠬᠦ ᠪᠦᠲᠦᠮᠵᠢᠲᠡᠢ ᠠᠷᠭ᠎ᠠ ᠪᠠᠷᠢᠯ ᠮᠥᠨ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ | ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠂ ᠪᠠᠰᠠ ᠴᠤ ᠰᠢᠨ᠎ᠡ ᠴᠠᠭ ᠦᠶ᠎ᠡ ᠶᠢᠨ ᠬᠢᠨᠠᠨ ᠪᠤᠳᠤᠬᠤ ᠦᠢᠯᠡᠰ ᠤᠨ ᠴᠢᠨᠠᠷ | ᠰᠠᠶᠢᠲᠠᠢ ᠬᠥᠭᠵᠢᠯᠲᠡ ᠶᠢ ᠪᠡᠶᠡᠯᠡᠭᠦᠯᠬᠦ ᠶᠢᠨ ᠲᠤᠯᠭᠠᠮ᠎ᠠ ᠱᠠᠭᠠᠷᠳᠠᠯᠭ᠎ᠠ ᠮᠥᠨ᠂ ᠪᠦᠬᠦ ᠲᠠᠯ᠎ᠠ ᠠᠴᠠ ᠤᠬᠠᠮᠰᠠᠷ ᠠᠴᠠ ᠪᠠᠨ ᠤᠯᠤᠰ ᠲᠦᠷᠦ ᠪᠠ ᠪᠦᠬᠦ ᠲᠠᠯ᠎ᠠ ᠶᠢᠨ | ᠦᠨᠳᠦᠷᠴᠡ ᠳᠤ ᠵᠣᠭᠰᠣᠵᠤ᠂ ᠲᠠᠨᠢᠯᠲᠠ ᠪᠠᠨ ᠳᠡᠭᠡᠭᠰᠢᠯᠡᠭᠦᠯᠦᠨ᠂ ᠦᠵᠡᠯ ᠰᠠᠨᠠᠭ᠎ᠠ ᠪᠠᠨ ᠨᠢᠭᠡᠳᠬᠡᠵᠦ᠂ ᠰᠡᠳᠬᠢᠯ ᠢᠶᠠᠨ ᠨᠢᠭᠡᠳᠬᠡᠨ ᠬᠦᠴᠦ ᠪᠠᠨ ᠬᠠᠮᠲᠤᠳᠬᠠᠵᠤ᠂ | ᠰᠤᠷᠲᠠᠯ ᠢ ᠴᠡᠭᠴᠡᠯᠡᠬᠦ ᠠᠵᠢᠯᠯᠠᠭ᠎ᠠ ᠶᠢ ᠥᠷᠨᠢᠭᠦᠯᠬᠦ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠬᠤ | ᠬᠡᠷᠡᠭᠲᠡᠢ ᠭᠡᠵᠦ ᠱᠠᠭᠠᠷᠳᠠᠪᠠ᠃ | ᠬᠤᠷᠠᠯ ᠠᠴᠠ᠂ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠪᠥᠬᠦ ᠺᠠᠳ᠋ᠷ ᠠᠵᠢᠯᠲᠠᠳ ᠭᠤᠤᠯ ᠰᠡᠳᠦᠪ ᠲᠠᠢ ᠨᠢᠭᠲᠠ ᠤᠶᠠᠯᠳᠤᠭᠤᠯᠤᠨ᠂ ᠲᠣᠪᠤᠶᠢᠮ᠎ᠠ | ᠠᠰᠠᠭᠤᠳᠠᠯ ᠳᠤ ᠠᠩᠬᠠᠷᠤᠯ ᠢᠶᠠᠨ ᠲᠥᠪᠯᠡᠷᠡᠭᠦᠯᠵᠦ᠂ ᠰᠤᠷᠲᠠᠯ ᠤᠨ ᠬᠦᠷᠢᠶᠡᠨ ᠳᠠᠬᠢ ᠠᠷᠬᠠᠭ ᠬᠡᠮ ᠢ ᠠᠷᠢᠯᠭᠠᠵᠤ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠪᠠ | ᠡᠭᠦᠷᠭᠡ ᠶᠢ ᠴᠢᠩᠭ᠎ᠠ ᠪᠥᠭᠡᠳ ᠪᠣᠳᠠᠲᠠᠶ ᠪᠠᠷ ᠪᠡᠶᠡᠯᠡᠭᠦᠯᠬᠦ ᠬᠡᠷᠡᠭᠲᠡᠶ᠃ ᠳᠠᠶᠢᠴᠢᠯᠠᠯᠲᠠ ᠬᠢᠵᠦ ᠪᠠᠶᠢᠷᠢᠯᠠᠭᠤᠯᠬᠤ᠂ ᠥᠪᠡᠰᠦᠪᠡᠨ ᠪᠠᠶᠢᠴᠠᠭᠠᠵᠤ ᠥᠪᠡᠰᠦᠪᠡᠨ | ᠵᠠᠯᠠᠷᠠᠭᠤᠯᠬᠤ᠂ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ᠂ ᠳ᠋ᠦᠩᠨᠡᠨ ᠳᠡᠭᠡᠭᠰᠢᠯᠡᠭᠦᠯᠬᠦ ᠵᠡᠷᠭᠡ ᠡᠯ᠎ᠡ ᠱᠠᠲᠤ ᠦᠶ᠎ᠡ ᠶᠢᠨ ᠠᠵᠢᠯ ᠢ ᠡᠮᠬᠢ ᠵᠢᠷᠤᠮ ᠲᠠᠢ ᠪᠠᠷ | ᠲᠦᠯᠬᠢᠨ ᠠᠬᠢᠭᠤᠯᠵᠤ᠂ ᠨᠢᠭᠲᠠ ᠬᠤᠯᠪᠣᠯᠳᠤᠭᠤᠯᠵᠤ᠂ ᠠᠯᠬᠤᠮ ᠠᠯᠬᠤᠮ ᠢᠶᠠᠷ ᠭᠦᠨᠵᠡᠭᠡᠶᠢᠷᠡᠭᠦᠯᠬᠦ ᠶᠢ ᠦᠨᠡᠨᠬᠦ ᠪᠠᠲᠤᠯᠠᠬᠤ ᠬᠡᠷᠡᠭᠲᠡᠢ᠃ ᠤᠨᠤᠯ ᠢᠶᠠᠷ ᠵᠡᠪᠰᠡᠭᠯᠡᠬᠦ᠂ | ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ᠂ ᠲᠦᠷᠢᠮ ᠢ ᠬᠡᠷᠡᠭᠵᠢᠭᠦᠯᠬᠦ᠂ ᠤᠯᠠᠨ ᠲᠦᠮᠡᠨ ᠳᠤ ᠦᠢᠯᠡᠴᠢᠯᠡᠬᠦ ᠵᠡᠷᠭᠡ ᠤᠯᠠᠨ ᠲᠠᠯ᠎ᠠ ᠠᠴᠠ ᠭᠦᠨᠵᠡᠭᠡᠢ ᠪᠠᠶᠢᠴᠠᠭᠠᠨ | ᠳᠡᠯᠭᠡᠵᠦ ᠵᠠᠳᠠᠯᠤᠨ ᠰᠢᠨᠵᠢᠯᠡᠵᠦ᠂ ᠠᠰᠠᠭᠤᠳᠠᠯ ᠢ ᠪᠠᠶᠢᠴᠠᠭᠠᠨ ᠳᠡᠯᠭᠡᠬᠦ ᠳᠤ ︽ᠨᠠᠷᠢᠯᠢᠭ ᠣᠨᠣᠪᠴᠢᠲᠠᠢ ᠪᠠᠷ ᠪᠣᠳᠠᠲᠠᠶᠢᠵᠢᠭᠤᠯᠬᠤ︾᠂ ᠠᠰᠠᠭᠤᠳᠠᠯ ᠢ ᠴᠡᠭᠴᠡᠯᠡᠨ | ᠰᠠᠶᠢᠵᠢᠷᠠᠭᠤᠯᠬᠤ ᠳᠤ ︽ᠪᠣᠳᠠᠲᠠᠢ ᠶᠢ ᠡᠷᠬᠢᠮᠯᠡᠵᠦ ᠪᠣᠯᠬᠤ︾᠂ ᠴᠡᠭᠴᠡᠯᠡᠨ ᠰᠠᠶᠢᠵᠢᠷᠠᠭᠤᠯᠤᠭᠰᠠᠨ ᠦᠷ᠎ᠡ ᠪᠦᠲᠦᠮᠵᠢ ᠨᠢ ︽ᠰᠢᠨᠵᠢᠯᠡᠬᠦ ᠤᠬᠠᠭᠠᠨᠴᠢ ᠬᠦᠴᠦᠨ ᠲᠠᠢ | ᠪᠠᠶᠢᠬᠤ︾ ᠶᠢ ᠪᠡᠶᠡᠯᠡᠭᠦᠯᠬᠦ ᠬᠡᠷᠡᠭᠲᠡᠢ᠃ ︽ᠡᠩᠨᠡᠭᠡᠨ ᠤ ᠰᠤᠷᠲᠠᠯ ᠤᠨ ᠪᠠᠶᠢᠭᠤᠯᠤᠯᠲᠠ ᠶᠢ ᠰᠢᠯᠢᠳᠡᠭᠵᠢᠭᠦᠯᠦᠨ ᠳᠡᠭᠡᠭᠰᠢᠯᠡᠭᠦᠯᠬᠦ ᠣᠨ︾ ᠤ ᠠᠵᠢᠯᠯᠠᠭ᠎ᠠ ᠶᠢ ᠲᠥᠪ ᠤᠨ | ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭᠠᠨ ᠤ ᠰᠤᠷᠤᠯᠴᠠᠯᠭ᠎ᠠ ᠬᠥᠮᠦᠵᠢᠯ ᠢ ᠭᠦᠨᠵᠡᠭᠡᠢ ᠲᠤᠤᠱᠯᠠᠭᠤᠯᠬᠤ ᠲᠠᠢ ᠨᠢᠭᠡᠳᠦᠯᠲᠡᠢ ᠲᠥᠯᠥᠪᠵᠢᠭᠦᠯᠦᠨ | ᠤᠶᠠᠯᠳᠤᠭᠤᠯᠵᠤ᠂ ᠰᠤᠷᠲᠠᠯ ᠤᠨ ᠪᠠᠶᠢᠭᠤᠯᠤᠯᠲᠠ ᠶᠢ ᠬᠢᠨᠠᠨ ᠪᠤᠳᠤᠬᠤ ᠠᠵᠢᠯ ᠤᠨ ᠡᠯ᠎ᠡ ᠭᠤᠭᠴᠤᠭ᠎ᠠ ᠳᠤ ᠠᠭᠤᠰᠤᠯᠴᠠᠭᠤᠯᠵᠤ᠂ ᠬᠤᠶᠠᠷ ᠲᠠᠯ᠎ᠠ ᠶᠢ ᠠᠳᠬᠤᠵᠤ᠂ | ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃ | ᠲᠣᠰ ᠤᠳᠠᠭᠠᠨ ᠤ ᠬᠤᠷᠠᠯ ᠨᠢ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠡᠩᠨᠡᠭᠡ ᠶᠢᠨ ᠰᠤᠷᠲᠠᠯ ᠤᠨ ᠪᠠᠶᠢᠭᠤᠯᠤᠯᠲᠠ ᠶᠢ ᠰᠢᠯᠢᠳᠡᠭᠵᠢᠭᠦᠯᠦᠨ | ᠳᠡᠭᠡᠭᠰᠢᠯᠡᠭᠦᠯᠬᠦ ᠠᠵᠢᠯ ᠤᠨ ᠪᠦᠷᠢᠶ᠎ᠡ ᠶᠢ ᠬᠠᠩᠭᠢᠨᠠᠭᠤᠯᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠦᠷᠭᠦᠯᠵᠢᠯᠡᠨ | ᠬᠦᠴᠦᠯᠡᠵᠦ᠂ ᠠᠵᠢᠯ ᠤᠨ ᠰᠤᠷᠲᠠᠯ ᠢᠶᠠᠨ ᠦᠨᠡᠨᠬᠦ ᠬᠤᠪᠢᠷᠠᠭᠤᠯᠵᠤ᠂ ᠬᠢᠨᠠᠨ ᠪᠤᠳᠤᠬᠤ ᠦᠷ᠎ᠡ ᠪᠦᠲᠦᠮᠵᠢ ᠪᠠᠨ ᠳᠡᠭᠡᠭᠰᠢᠯᠡᠭᠦᠯᠦᠨ᠂ ᠬᠢᠨᠠᠨ ᠪᠤᠳᠤᠬᠤ ᠠᠵᠢᠯ ᠤᠨ | ᠳᠠᠬᠢᠨ ᠰᠢᠨ᠎ᠡ ᠳᠡᠭᠲᠡᠷ ᠲᠤ ᠭᠠᠷᠬᠤ ᠶᠢ ᠠᠬᠢᠭᠤᠯᠤᠨ᠎ᠠ᠃ | |