ᠮᠠᠨ ᠤ ᠬᠤᠰᠢᠭᠤ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠦᠷᠢᠶᠡᠨ ᠳᠠᠬᠢ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2025/3/31
      3 ᠰᠠᠷ᠎ᠠ ᠶᠢᠨ 27 ᠤ ᠡᠳᠦᠷ᠂ ᠮᠠᠨ ᠤ ᠬᠤᠰᠢᠭᠤ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠦᠷᠢᠶᠡᠨ ᠳᠠᠬᠢ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠤᠷᠠᠯ ᠬᠤᠷᠠᠯᠳᠤᠭᠤᠯᠪᠠ᠃ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠤ ᠬᠠᠶ ᠯᠢᠩ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠬᠠᠷᠢᠭᠤᠴᠠᠯᠭᠠᠲᠠᠨ ᠬᠤᠷᠠᠯ ᠢ ᠡᠷᠭᠢᠯᠡᠪᠡ᠃ ᠬᠤᠰᠢᠭᠤᠨ ᠤ ᠠᠵᠢᠯᠴᠢᠨ ᠤ ᠶᠡᠷᠦᠩᠬᠡᠶ ᠡᠪᠯᠡᠯ ᠤᠨ ᠤᠳᠤᠷᠢᠳᠬᠤ ᠪᠠᠭ ᠤᠨ ᠪᠦᠷᠢᠯᠳᠦᠬᠦᠨ᠂ ᠬᠥᠳᠡᠯᠮᠦᠷᠢ ᠶᠢᠨ ᠬᠦᠷᠢᠶᠡᠨ ᠳᠠᠬᠢ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠪᠦᠷᠢᠯᠳᠦᠬᠦᠨ ᠨᠢᠭᠡᠴᠡ᠂ ᠪᠥᠬᠦ ᠬᠤᠰᠢᠭᠤᠨ ᠤ ᠭᠤᠤᠯᠳᠠᠯᠭ᠎ᠠ ᠲᠠᠢ ᠠᠵᠤ ᠠᠬᠤᠶᠢᠯᠠᠯ ᠪᠠ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢᠨ ᠠᠵᠢᠯᠴᠢᠨ ᠤ ᠡᠪᠯᠡᠯ ᠤᠨ ᠲᠡᠷᠢᠭᠦᠯᠡᠭᠴᠢ ᠶᠢᠨ ᠲᠥᠯᠥᠭᠡᠯᠡᠭᠴᠢ ᠬᠤᠷᠠᠯ ᠳᠤ ᠣᠷᠣᠯᠴᠠᠪᠠ᠃      ᠬᠤᠷᠠᠯ ᠳᠡᠭᠡᠷ᠎ᠡ᠂ ᠪᠦᠬᠦ ᠤᠯᠤᠰ᠂ ᠥᠪᠡᠷᠲᠡᠭᠡᠨ ᠵᠠᠰᠠᠬᠤ ᠣᠷᠣᠨ ᠪᠠ ᠬᠥᠯᠥᠨ ᠪᠤᠶᠢᠷ ᠬᠤᠳᠠ ᠶᠢᠨ ᠠᠵᠢᠯᠴᠢᠨ ᠤ ᠡᠪᠯᠡᠯ ᠤᠨ ᠬᠥᠳᠡᠯᠮᠦᠷᠢ ᠶᠢᠨ ᠬᠦᠷᠢᠶᠡᠨ ᠳᠠᠬᠢ ᠤᠯᠤᠰ ᠲᠦᠷᠦ ᠶᠢᠨ ᠠᠮᠤᠷ ᠲᠦᠪᠰᠢᠨ ᠢ ᠬᠠᠮᠠᠭᠠᠯᠠᠬᠤ ᠠᠵᠢᠯ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠪᠠ︔ ᠠᠯᠳ᠋ᠬᠠᠮᠡᠭᠡᠯ ᠪᠠᠯᠭᠠᠰᠤ ᠶᠢᠨ ᠠᠵᠢᠯᠴᠢᠨ ᠤ ᠡᠪᠯᠡᠯ ᠤᠨ ᠬᠤᠯᠪᠣᠭᠠᠲᠤ ᠬᠤᠷᠠᠯ᠂ ᠠᠷᠤᠬᠠᠰᠢᠶᠠᠲᠤ ᠬᠢᠯᠢ ᠶᠢᠨ ᠪᠠᠶᠢᠴᠠᠭᠠᠯᠲᠠ ᠶᠢᠨ ᠦᠷᠳᠡᠭᠡ ᠶᠢᠨ ᠠᠵᠢᠯᠴᠢᠨ ᠤ ᠡᠪᠯᠡᠯ ᠪᠠ ᠷᠦᠩ ᠳ᠋ᠠ ᠠᠭᠤᠷᠬᠠᠢ ᠶᠢᠨ ᠦᠢᠯᠡᠰ ᠤᠨ ᠠᠵᠢᠯᠴᠢᠨ ᠤ ᠡᠪᠯᠡᠯ ᠤᠨ ᠲᠥᠯᠥᠭᠡᠯᠡᠭᠴᠢ ᠨᠥᠬᠦᠳ 2024 ᠣᠨ ᠤ ᠠᠵᠢᠯᠳᠠᠨ ᠠᠵᠢᠯᠴᠢᠨ ᠤ ᠡᠷᠬᠡ ᠠᠰᠢᠭ ᠤᠨ ᠪᠠᠲᠤᠯᠠᠭ᠎ᠠ᠂ ᠬᠥᠳᠡᠯᠮᠦᠷᠢ ᠶᠢᠨ ᠬᠠᠷᠢᠴᠠᠭ᠎ᠠ ᠶᠢ ᠵᠣᠬᠢᠴᠠᠭᠤᠯᠬᠤ᠂ ᠦᠵᠡᠯ ᠰᠠᠨᠠᠭ᠎ᠠ ᠶᠢ ᠬᠦᠳᠦᠯᠦᠨ ᠳᠠᠭᠠᠭᠤᠯᠬᠤ ᠵᠡᠷᠭᠡ ᠤᠯᠠᠨ ᠲᠠᠯ᠎ᠠ ᠶᠢᠨ ᠠᠵᠢᠯ ᠤᠨ ᠲᠣᠭᠤᠷᠢᠨ ᠳᠤ ᠰᠠᠨᠠᠯ ᠢᠶᠠᠨ ᠰᠣᠯᠢᠯᠴᠠᠵᠤ ᠶᠠᠷᠢᠶ᠎ᠠ ᠲᠠᠯᠪᠢᠪᠠ᠃      ᠬᠤᠷᠠᠯ ᠠᠴᠠ᠂ ᠪᠥᠬᠦ ᠬᠤᠰᠢᠭᠤᠨ ᠤ ᠡᠯ᠎ᠡ ᠱᠠᠲᠤᠨ ᠤ ᠠᠵᠢᠯᠴᠢᠨ ᠤ ᠡᠪᠯᠡᠯ ᠦᠵᠡᠯ ᠰᠠᠨᠠᠭ᠎ᠠ ᠲᠠᠨᠢᠯᠲᠠ ᠪᠠᠨ ᠴᠢᠩᠭᠠᠳᠬᠠᠵᠤ᠂ ᠬᠥᠳᠡᠯᠮᠦᠷᠢ ᠶᠢᠨ ᠬᠦᠷᠢᠶᠡᠨ ᠳᠠᠬᠢ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠬᠠᠷᠢᠭᠤᠴᠠᠯᠭᠠᠲᠤ ᠰᠡᠳᠬᠢᠯᠭᠡ᠂ ᠡᠭᠦᠷᠭᠡᠲᠦ ᠰᠡᠳᠬᠢᠯᠭᠡ ᠪᠠᠨ ᠴᠢᠩᠭᠠᠳᠬᠠᠵᠤ᠂ ᠬᠥᠳᠡᠯᠮᠦᠷᠢ ᠶᠢᠨ ᠬᠦᠷᠢᠶᠡᠨ ᠳᠠᠬᠢ ᠤᠯᠤᠰ ᠲᠥᠷᠥ ᠶᠢᠨ ᠠᠮᠤᠷ ᠲᠦᠪᠰᠢᠨ ᠢ ᠬᠠᠮᠠᠭᠠᠯᠠᠬᠤ ᠡᠯ᠎ᠡ ᠵᠦᠢᠯ ᠤᠨ ᠠᠵᠢᠯ ᠢ ᠯᠠᠪᠳᠠᠭᠤᠨ ᠪᠠᠲᠤᠲᠠᠶ ᠰᠠᠶᠢᠲᠤᠷ ᠬᠢᠬᠦ ᠬᠡᠷᠡᠭᠲᠡᠶ ᠭᠡᠵᠦ ᠴᠢᠬᠤᠯᠠᠴᠢᠯᠠᠪᠠ᠃      ᠬᠤᠷᠠᠯ ᠠᠴᠠ᠂ ᠪᠥᠬᠦ ᠬᠤᠰᠢᠭᠤᠨ ᠤ ᠡᠯ᠎ᠡ ᠦᠨᠳᠦᠰᠦᠨ ᠱᠠᠲᠤᠨ ᠤ ᠠᠵᠢᠯᠴᠢᠨ ᠤ ᠡᠪᠯᠡᠯ ᠠᠵᠢᠯᠲᠠᠨ ᠠᠵᠢᠯᠴᠢᠨ ᠤ ᠦᠵᠡᠯ ᠰᠠᠨᠠᠭ᠎ᠠ ᠶᠢ ᠬᠥᠲᠥᠯᠦᠨ ᠳᠠᠭᠠᠭᠤᠯᠬᠤ ᠶᠢ ᠤᠯᠠᠮ ᠨᠢᠭᠡ ᠠᠯᠬᠤᠮ ᠴᠢᠩᠭᠠᠳᠬᠠᠵᠤ᠂ ᠤᠬᠠᠭᠤᠯᠭ᠎ᠠ ᠬᠥᠮᠦᠵᠢᠯ ᠢ ᠥᠷᠭᠡᠨ ᠢᠶᠠᠷ ᠥᠷᠨᠢᠭᠦᠯᠵᠦ᠂ ᠬᠥᠳᠡᠯᠮᠦᠷᠢ ᠶᠢᠨ ᠬᠦᠷᠢᠶᠡᠨ ᠳᠠᠬᠢ ᠤᠯᠤᠰ ᠲᠥᠷᠥ ᠶᠢᠨ ᠠᠮᠤᠷ ᠲᠦᠪᠰᠢᠨ ᠤ ᠠᠷᠠᠳ ᠤᠨ ᠰᠡᠷᠭᠡᠶᠢᠯᠡᠯᠲᠡ ᠶᠢᠨ ᠱᠤᠭᠤᠮ ᠢ ᠪᠠᠲᠤ ᠬᠠᠮᠠᠭᠠᠯᠠᠬᠤ ᠬᠡᠷᠡᠭᠲᠡᠶ︔ ᠡᠷᠬᠡ ᠠᠰᠢᠭ ᠢ ᠬᠠᠮᠠᠭᠠᠯᠠᠬᠤ ᠲᠣᠭᠲᠠᠭᠤᠨ ᠢ ᠬᠠᠮᠠᠭᠠᠯᠠᠬᠤ ᠨᠢᠭᠡᠳᠦᠯᠲᠡᠶ ᠠᠵᠢᠯ ᠤᠨ ᠲᠣᠭᠲᠠᠴᠠ ᠶᠢ ᠪᠠᠷᠢᠮᠲᠠᠯᠠᠵᠤ᠂ ᠠᠵᠢᠯᠲᠠᠨ ᠠᠵᠢᠯᠴᠢᠨ ᠣᠯᠠᠨ ᠲᠦᠮᠡᠨ ᠤ ᠪᠠᠴᠢᠮ ᠪᠡᠷᠬᠡ ᠬᠦᠴᠢᠷ ᠲᠦᠪᠡᠭ ᠲᠠᠢ ᠠᠰᠠᠭᠤᠳᠠᠯ ᠢ ᠰᠠᠶᠢᠲᠤᠷ ᠰᠢᠢᠳᠪᠦᠷᠢᠯᠡᠬᠦ ᠬᠡᠷᠡᠭᠲᠡᠶ︔ ᠬᠠᠤᠯᠢ ᠪᠠᠷ ᠵᠠᠰᠠᠬᠤ ᠠᠷᠭ᠎ᠠ ᠬᠡᠯᠪᠡᠷᠢ ᠪᠠᠷ ᠵᠥᠷᠢᠴᠡᠯ ᠤᠨ ᠳᠠᠯᠳᠠ ᠬᠡᠮ ᠢ ᠠᠷᠢᠯᠭᠠᠬᠤ ᠶᠢ ᠪᠠᠷᠢᠮᠲᠠᠯᠠᠵᠤ᠂ ᠡᠬᠢ ᠡᠭᠦᠰᠦᠯ ᠠᠴᠠ ᠨᠢ ᠣᠷᠣᠯᠴᠠᠬᠤ ᠶᠢ ᠴᠢᠩᠭᠠᠳᠬᠠᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠲᠤᠤᠱᠯᠠᠭᠤᠯᠤᠨ ᠨᠠᠶᠢᠳᠠᠪᠤᠷᠢᠵᠢᠭᠤᠯᠬᠤ ᠬᠡᠷᠡᠭᠲᠡᠶ︔ ᠠᠶᠤᠯ ᠲᠦᠭᠰᠢᠭᠦᠷᠢ ᠶᠢᠨ ᠳᠠᠯᠳᠠ ᠬᠡᠮ ᠢ ᠪᠠᠶᠢᠴᠠᠭᠠᠨ ᠰᠢᠢᠳᠪᠦᠷᠢᠯᠡᠬᠦ ᠠᠵᠢᠯ ᠢ ᠪᠠᠶᠢᠩᠭᠤᠵᠢᠭᠤᠯᠤᠨ ᠥᠷᠨᠢᠭᠦᠯᠵᠦ᠂ ᠪᠥᠬᠦ ᠬᠤᠰᠢᠭᠤᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠨᠠᠩ ᠶᠡᠭᠡ ᠰᠢᠨ᠎ᠡ ᠬᠤᠪᠢ ᠨᠡᠮᠡᠷᠢ ᠦᠵᠡᠭᠦᠯᠬᠦ ᠬᠡᠷᠡᠭᠲᠡᠶ ᠭᠡᠵᠦ ᠱᠠᠭᠠᠷᠳᠠᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ