ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠡᠵᠢᠭᠡᠯ ᠪᠣᠷᠳᠣᠭᠠᠨ ᠤ ᠵᠠᠬ᠎ᠠ ᠳᠡᠯᠭᠡᠭᠦᠷ ᠤᠨ ᠵᠠᠷ ᠮᠡᠳᠡᠭᠡ ᠳᠤ ᠲᠤᠰᠬᠠᠶ ᠪᠠᠶᠢᠴᠠᠭᠠᠯᠲᠠ ᠥᠷᠨᠢᠭᠦᠯᠪᠡ
ᠨᠡᠶᠢᠲᠡᠯᠡᠭᠰᠡᠨ ᠴᠠᠭ᠄
2025/3/31
      ᠲᠥᠯ ᠲᠤᠰᠬᠤ ᠠᠵᠢᠯ ᠪᠣᠯ ᠮᠠᠯ ᠠᠵᠤ ᠠᠬᠤᠶ ᠶᠢᠨ ᠬᠥᠭᠵᠢᠯᠲᠡ ᠳᠤ ᠲᠦᠢᠯ ᠤᠨ ᠴᠢᠬᠤᠯᠠ ᠨᠢᠭᠡᠨ ᠠᠵᠢᠯ ᠮᠦᠨ᠂ ᠲᠡᠵᠢᠭᠡᠯ ᠪᠣᠷᠳᠣᠭᠠᠨ ᠤ ᠶᠠᠰᠤ ᠴᠢᠨᠠᠷ ᠵᠢᠴᠢ ᠬᠠᠮᠢᠶ᠎ᠠ ᠪᠥᠬᠦᠶ ᠵᠠᠷ ᠮᠡᠳᠡᠭᠡᠨ ᠤ ᠤᠬᠠᠭᠤᠯᠭ᠎ᠠ ᠨᠢ ᠲᠡᠵᠢᠭᠡᠨ ᠦᠷᠡᠵᠢᠭᠦᠯᠬᠦ ᠡᠷᠦᠬᠡ ᠶᠢᠨ ᠲᠣᠰ ᠪᠡᠶ᠎ᠡ ᠶᠢᠨ ᠠᠰᠢᠭ ᠲᠤᠰᠠ ᠳᠤ ᠰᠢᠭᠤᠳ ᠬᠤᠯᠪᠣᠭᠳᠠᠵᠤ ᠪᠠᠶᠢᠳᠠᠭ᠃ ᠮᠠᠯᠴᠢᠳ ᠤᠨ ᠡᠷᠬᠡ ᠠᠰᠢᠭ ᠢ ᠦᠨᠡᠨ ᠬᠦ ᠪᠠᠲᠤᠯᠠᠵᠤ᠂ ᠲᠡᠵᠢᠭᠡᠯ ᠪᠣᠷᠳᠣᠭᠠᠨ ᠤ ᠵᠠᠬ᠎ᠠ ᠳᠡᠯᠭᠡᠭᠦᠷ ᠤᠨ ᠵᠠᠷ ᠮᠡᠳᠡᠭᠡᠨ ᠤ ᠡᠮᠬᠢ ᠳᠢᠭᠯᠢᠮ ᠢ ᠬᠠᠮᠠᠭᠠᠯᠠᠬᠤ ᠶᠢᠨ ᠲᠤᠰᠠᠳᠠ᠂ ᠬᠤᠰᠢᠭᠤᠨ ᠤ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠲᠥᠯ ᠲᠤᠰᠬᠤ ᠤᠯᠠᠷᠢᠯ ᠳᠤ ᠲᠡᠵᠢᠭᠡᠯ ᠪᠣᠷᠳᠣᠭᠠᠨ ᠤ ᠵᠠᠬ᠎ᠠ ᠳᠡᠯᠭᠡᠭᠦᠷ ᠤᠨ ᠵᠠᠷ ᠮᠡᠳᠡᠭᠡ ᠶᠢ ᠲᠤᠰᠬᠠᠢ ᠪᠠᠶᠢᠴᠠᠭᠠᠬᠤ ᠠᠵᠢᠯᠯᠠᠭ᠎ᠠ ᠥᠷᠨᠢᠭᠦᠯᠪᠡ᠃
3.31市场1.jpg
      ᠲᠣᠰ ᠤᠳᠠᠭᠠᠨ ᠤ ᠪᠠᠶᠢᠴᠠᠭᠠᠯᠲᠠ ᠨᠢ ᠬᠠᠷᠢᠶᠠᠲᠤ ᠣᠷᠣᠨ ᠤ ᠡᠯ᠎ᠡ ᠲᠥᠷᠥᠯ ᠤᠨ ᠲᠡᠵᠢᠭᠡᠯ ᠪᠣᠷᠳᠤᠭ᠎ᠠ ᠡᠵᠡᠩᠨᠡᠨ ᠪᠣᠷᠣᠯᠠᠭᠤᠯᠬᠤ ᠭᠠᠵᠠᠷ᠂ ᠲᠠᠷᠢᠶᠠᠯᠠᠩ ᠤᠨ ᠦᠢᠯᠡᠳᠪᠦᠷᠢᠯᠡᠯ ᠤᠨ ᠬᠡᠷᠡᠭᠰᠡᠯ ᠤᠨ ᠲᠥᠪᠯᠡᠷᠡᠭᠰᠡᠨ ᠣᠷᠣᠨ ᠵᠢᠴᠢ ᠵᠠᠷ ᠮᠡᠳᠡᠭᠡ ᠡᠵᠡᠩᠨᠡᠬᠦ ᠨᠢᠭᠡᠴᠡ ᠶᠢ ᠬᠠᠮᠤᠷᠪᠠ᠃ ᠬᠠᠤᠯᠢ ᠬᠡᠷᠡᠭᠵᠢᠭᠦᠯᠬᠦ ᠠᠵᠢᠯᠲᠠᠨ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠤᠨ ᠬᠠᠤᠯᠢ︾᠂ ︽ᠮᠠᠯ ᠤᠨ ᠡᠮ ᠤᠨ ᠵᠠᠷ ᠮᠡᠳᠡᠭᠡ ᠶᠢ ᠬᠢᠨᠠᠨ ᠪᠠᠶᠢᠴᠠᠭᠠᠵᠤ ᠨᠡᠶᠢᠲᠡᠯᠡᠬᠦ ᠪᠠᠷᠢᠮᠵᠢᠶ᠎ᠠ︾ ᠵᠡᠷᠭᠡ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠲᠡᠵᠢᠭᠡᠯ ᠪᠣᠷᠳᠣᠭᠠᠨ ᠤ ᠦᠢᠯᠡᠳᠬᠦᠨ ᠤ ᠶᠠᠰᠤ ᠴᠢᠨᠠᠷ᠂ ᠦᠷ᠎ᠡ ᠪᠦᠲᠦᠮᠵᠢ᠂ ᠬᠡᠷᠡᠭᠯᠡᠬᠦ ᠬᠡᠪᠴᠢᠶ᠎ᠡ ᠶᠢᠨ ᠲᠣᠭᠤᠷᠢᠨ ᠳᠤ ᠬᠤᠳᠠᠯ ᠬᠠᠭᠤᠷᠮᠠᠭ ᠤᠬᠠᠭᠤᠯᠭ᠎ᠠ ᠶᠢᠨ ᠵᠠᠷ ᠪᠠᠶᠢᠬᠤ ᠡᠰᠡᠬᠦ ᠶᠢ ᠪᠠᠶᠢᠴᠠᠭᠠᠪᠠ᠃ ᠰᠢᠨᠵᠢᠯᠡᠬᠦ ᠤᠬᠠᠭᠠᠨᠴᠢ ᠪᠠᠷ ᠰᠢᠯᠭᠠᠨ ᠪᠠᠲᠤᠯᠠᠬᠤ ᠶᠢᠨ ᠠᠷᠭ᠎ᠠ ᠦᠭᠡᠶ ᠮᠠᠭᠠᠳᠯᠠᠯ᠂ ᠦᠢᠯᠡᠳᠦᠯ ᠪᠠ ᠠᠮᠤᠷ ᠲᠦᠪᠰᠢᠨ ᠴᠢᠨᠠᠷ ᠤᠨ ᠪᠠᠲᠤᠯᠠᠭ᠎ᠠ ᠵᠢᠴᠢ ᠪᠠᠶᠢᠭᠤᠯᠤᠮᠵᠢ ᠪᠤᠶᠤ ᠬᠤᠪᠢ ᠬᠥᠮᠦᠨ ᠤ ᠨᠡᠷ᠎ᠡ ᠪᠠᠷ ᠲᠠᠨᠢᠯᠴᠠᠭᠤᠯᠬᠤ᠂ ᠬᠤᠳᠠᠯ ᠬᠠᠭᠤᠷᠮᠠᠭ ᠬᠠᠤᠯᠢ ᠠᠴᠠ ᠵᠥᠷᠢᠴᠡᠭᠰᠡᠨ ᠵᠠᠷ ᠲᠤ ᠴᠢᠩᠭ᠎ᠠ ᠴᠣᠬᠢᠯᠲᠠ ᠥᠭᠬᠦ ᠶᠢᠨ ᠬᠠᠮᠲᠤ᠂ ᠬᠢᠨᠠᠨ ᠵᠥᠪᠰᠢᠶᠡᠷᠡᠭᠦᠯᠦᠭᠡᠳᠦᠶ ᠪᠠᠷ ᠳᠤᠷ᠎ᠠ ᠪᠠᠷ ᠢᠶᠠᠨ ᠪᠣᠷᠳᠣᠭᠠᠨ ᠤ ᠵᠠᠷ ᠮᠡᠳᠡᠭᠡ ᠨᠡᠶᠢᠲᠡᠯᠡᠭᠰᠡᠨ ᠦᠢᠯᠡ ᠠᠵᠢᠯᠯᠠᠭ᠎ᠠ ᠶᠢ ᠬᠢᠨᠠᠨ ᠪᠠᠶᠢᠴᠠᠭᠠᠪᠠ᠃      ᠲᠣᠰ ᠤᠳᠠᠭᠠᠨ ᠤ ᠠᠵᠢᠯᠯᠠᠭ᠎ᠠ ᠳᠤ ᠬᠠᠤᠯᠢ ᠬᠡᠷᠡᠭᠵᠢᠭᠦᠯᠬᠦ ᠠᠵᠢᠯᠲᠠᠨ 18 ᠬᠥᠮᠦᠨ ᠤᠳᠠᠭ᠎ᠠ ᠳᠣᠷᠣᠭᠰᠢ ᠪᠠᠭᠤᠵᠤ᠂ 6 ᠡᠵᠡᠩᠨᠡᠯᠲᠡ ᠶᠢᠨ ᠡᠷᠦᠬᠡ ᠶᠢ ᠪᠠᠶᠢᠴᠠᠭᠠᠪᠠ᠃ ᠶᠡᠷᠦᠩᠬᠡᠢ ᠳᠤᠨᠢ ᠠᠪᠴᠤ ᠬᠡᠯᠡᠪᠡᠯ᠂ ᠲᠡᠵᠢᠭᠡᠯ ᠪᠣᠷᠳᠣᠭᠠᠨ ᠤ ᠵᠠᠬ᠎ᠠ ᠳᠡᠯᠭᠡᠭᠦᠷ ᠤᠨ ᠵᠠᠷ ᠮᠡᠳᠡᠭᠡᠨ ᠤ ᠪᠠᠶᠢᠳᠠᠯ ᠰᠠᠶᠢᠨ ᠪᠠᠶᠢᠵᠤ᠂ ᠬᠦᠨᠳᠦ ᠨᠣᠴᠢᠲᠠᠶ ᠬᠠᠤᠯᠢ ᠠᠴᠠ ᠵᠥᠷᠢᠴᠡᠭᠰᠡᠨ ᠵᠠᠷ ᠮᠡᠳᠡᠭᠡᠨ ᠤ ᠦᠢᠯᠡ ᠠᠵᠢᠯᠯᠠᠭ᠎ᠠ ᠢᠯᠡᠷᠡᠭᠰᠡᠨ ᠥᠬᠡᠶ᠃ ᠭᠡᠪᠡᠴᠦ ᠬᠡᠰᠡᠭ ᠡᠵᠡᠩᠨᠡᠯᠲᠡ ᠶᠢᠨ ᠡᠷᠦᠬᠡ ᠳᠤ ᠵᠠᠷ ᠮᠡᠳᠡᠭᠡᠨ ᠤ ᠠᠭᠤᠯᠭ᠎ᠠ ᠶᠢᠨ ᠲᠣᠭᠠᠴᠢᠯᠲᠠ ᠨᠢ ᠵᠢᠷᠤᠮᠵᠢᠯ ᠦᠭᠡᠢ ᠠᠰᠠᠭᠤᠳᠠᠯ ᠣᠷᠣᠰᠢᠵᠤ ᠪᠠᠶᠢᠨ᠎ᠠ᠂ ᠵᠢᠱᠢᠶᠡᠯᠡᠪᠡᠯ ᠲᠡᠵᠢᠭᠡᠯ ᠪᠣᠷᠳᠣᠭᠠᠨ ᠤ ᠪᠦᠷᠢᠯᠳᠦᠭᠦᠨ ᠤ ᠲᠣᠳᠣᠷᠬᠠᠶᠢᠯᠠᠯᠲᠠ ᠨᠢ ᠲᠣᠳᠣᠷᠬᠠᠶ ᠦᠭᠡᠢ ᠣᠨᠣᠪᠴᠢᠲᠠᠶ ᠪᠠᠶᠢᠨ᠎ᠠ᠃ ᠡᠲᠡᠭᠡᠷ ᠠᠰᠠᠭᠤᠳᠠᠯ ᠳᠤ ᠴᠢᠭᠯᠡᠭᠦᠯᠦᠨ᠂ ᠬᠠᠤᠯᠢ ᠬᠡᠷᠡᠭᠵᠢᠭᠦᠯᠬᠦ ᠠᠵᠢᠯᠲᠠᠨ ᠲᠤᠬᠠᠶ ᠶᠢᠨ ᠲᠠᠯᠠᠪᠤᠷ ᠲᠤ ᠬᠠᠮᠢᠶ᠎ᠠ ᠪᠥᠬᠦᠶ ᠡᠵᠡᠩᠨᠡᠯᠲᠡ ᠶᠢᠨ ᠡᠷᠦᠬᠡ ᠶᠢ ᠵᠢᠯᠣᠭᠤᠳᠤᠨ ᠬᠥᠮᠦᠵᠢᠭᠦᠯᠵᠦ᠂ ᠲᠡᠭᠦᠨ ᠢ ᠵᠠᠷᠯᠢᠭᠳᠠᠵᠤ ᠪᠠᠶᠢᠭᠠᠳ ᠲᠡᠷᠡ ᠳᠠᠷᠤᠶ ᠳᠤᠨᠢ ᠵᠠᠷ ᠮᠡᠳᠡᠭᠡ ᠶᠢᠨ ᠠᠭᠤᠯᠭ᠎ᠠ ᠶᠢ ᠴᠡᠭᠴᠡᠯᠡᠨ ᠰᠠᠶᠢᠵᠢᠷᠠᠭᠤᠯᠵᠤ᠂ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠨ᠂ ᠵᠠᠷ ᠮᠡᠳᠡᠭᠡ ᠶᠢᠨ ᠤᠬᠠᠭᠤᠯᠭ᠎ᠠ ᠶᠢᠨ ᠦᠨᠡᠨ ᠪᠣᠳᠠᠲᠠᠶ᠂ ᠬᠠᠤᠯᠢ ᠳᠤ ᠨᠡᠶᠢᠴᠡᠬᠦ᠂ ᠣᠨᠣᠪᠴᠢᠲᠠᠶ ᠪᠠᠶᠢᠬᠤ ᠶᠢ ᠦᠨᠡᠨᠬᠦ ᠪᠠᠲᠤᠯᠠᠬᠤ ᠬᠡᠷᠡᠭᠲᠡᠶ ᠭᠡᠵᠦ ᠱᠠᠭᠠᠷᠳᠠᠪᠠ᠃      ᠪᠠᠶᠢᠴᠠᠭᠠᠬᠤ ᠶᠠᠪᠤᠴᠠ ᠳᠤ᠂ ᠬᠠᠤᠯᠢ ᠬᠡᠷᠡᠭᠵᠢᠭᠦᠯᠬᠦ ᠠᠵᠢᠯᠲᠠᠨ ᠲᠡᠵᠢᠭᠡᠯ ᠪᠣᠷᠳᠣᠭᠠᠨ ᠤ ᠦᠢᠯᠡᠳᠬᠦᠨ ᠡᠵᠡᠩᠨᠡᠭᠴᠢ ᠪᠠ ᠵᠠᠷ ᠮᠡᠳᠡᠭᠡ ᠡᠵᠡᠩᠨᠡᠬᠦ ᠨᠢᠭᠡᠴᠢ ᠳᠤ ᠬᠠᠨᠳᠤᠭᠤᠯᠤᠨ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠷ ᠮᠡᠳᠡᠭᠡ ᠶᠢᠨ ᠬᠠᠤᠯᠢ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠤᠨ ᠤᠬᠠᠭᠤᠯᠭ᠎ᠠ ᠶᠢ ᠥᠷᠨᠢᠭᠦᠯᠵᠦ᠂ ᠡᠵᠡᠩᠨᠡᠭᠴᠢ ᠳᠤ ᠦᠨᠡᠨᠴᠢ ᠢᠲᠡᠭᠡᠮᠵᠢᠲᠡᠶ ᠪᠠᠶᠢᠬᠤ ᠵᠠᠷᠴᠢᠮ ᠢ ᠪᠠᠷᠢᠮᠲᠠᠯᠠᠨ᠂ ᠡᠷᠬᠡ ᠲᠡᠭᠰᠢ ᠪᠠᠷ ᠥᠷᠢᠰᠥᠯᠳᠦᠬᠦ ᠶᠢ ᠰᠠᠨᠠᠭᠤᠯᠵᠤ᠂ ᠵᠠᠷ ᠮᠡᠳᠡᠭᠡ ᠡᠵᠡᠩᠨᠡᠬᠦ ᠨᠢᠭᠡᠴᠡ ᠶᠢ ᠱᠠᠯᠠᠪᠳᠠᠵᠤ ᠪᠠᠶᠢᠭᠠᠳ ᠵᠠᠷ ᠮᠡᠳᠡᠭᠡ ᠶᠢᠨ ᠠᠭᠤᠯᠭ᠎ᠠ ᠶᠢ ᠴᠢᠩᠭ᠎ᠠ ᠬᠢᠨᠠᠨ ᠬᠠᠷᠭᠤᠭᠤᠯᠵᠤ᠂ ᠵᠠᠷ ᠮᠡᠳᠡᠭᠡ ᠨᠡᠶᠢᠲᠡᠯᠡᠬᠦ ᠪᠣᠭᠤᠮᠲᠠ ᠶᠢ ᠪᠠᠲᠤ ᠰᠠᠬᠢᠪᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ