ᠥᠪᠥᠷ ᠮᠣᠩᠭᠤᠯ ᠤᠨ ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠶᠡᠷᠦᠩᠬᠡᠶ ᠬᠡᠮᠵᠢᠶ᠎ᠡ ᠳᠠᠬᠢᠨ ᠰᠢᠨ᠎ᠡ ᠳᠡᠭᠲᠡᠷ ᠲᠤ ᠭᠠᠷᠪᠠ
ᠨᠡᠶᠢᠲᠡᠯᠡᠭᠰᠡᠨ ᠴᠠᠭ᠄
2025/3/31
      ᠥᠪᠥᠷ ᠮᠣᠩᠭᠤᠯ ᠤᠨ ᠬᠤᠳᠠᠯᠳᠤᠭᠠᠨ ᠤ ᠶᠠᠪᠤᠳᠠᠯ ᠤᠨ ᠲᠦᠷᠢᠮ ᠤᠨ ᠥᠭᠡᠷᠡᠴᠢᠯᠡᠯᠲᠡ ᠲᠠᠰᠤᠷᠠᠯᠲᠠ ᠥᠬᠡᠶ ᠭᠦᠨᠵᠡᠭᠡᠶᠢᠷᠡᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠦᠴᠡᠯ ᠦᠷᠭᠦᠯᠵᠢᠯᠡᠨ ᠰᠠᠶᠢᠵᠢᠷᠠᠬᠤ ᠶᠢ ᠳᠠᠭᠠᠯᠳᠤᠨ᠂ ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ ᠲᠠᠰᠤᠷᠠᠯᠲᠠ ᠥᠬᠡᠶ ᠨᠡᠮᠡᠭᠳᠡᠵᠦ᠂ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠤᠯᠠᠮ ᠪᠠᠳᠠᠷᠠᠪᠠ᠃ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠠᠪᠤᠳᠤᠭᠠᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ︵ᠳᠣᠷᠣᠭᠰᠢ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠭᠡᠵᠦ ᠲᠣᠪᠴᠢᠯᠠᠨ᠎ᠠ︶ ᠶᠢᠨ ᠦᠷ᠎ᠡ ᠳ᠋ᠦᠩ ᠳᠤ ᠢᠯᠡᠷᠡᠭᠦᠯᠦᠭᠰᠡᠨ ᠢᠶᠠᠷ᠂ 2019-2023 ᠣᠨ ᠳᠤ᠂ ᠪᠥᠬᠦ ᠣᠷᠣᠨ ᠳᠤ ᠰᠢᠨ᠎ᠡ ᠪᠠᠷ ᠪᠠᠶᠢᠭᠤᠯᠤᠭᠳᠠᠭᠰᠠᠨ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠡᠷᠭᠢᠯᠡᠵᠦ ᠪᠠᠶᠢᠭ᠎ᠠ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ 19.9 ᠲᠦᠮᠡ ᠪᠠᠶᠢᠵᠤ᠂ ᠲᠠᠪᠤᠳᠤᠭᠠᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ 58. 1% ᠶᠢ ᠡᠵᠡᠯᠡᠵᠦ᠂ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠳᠥᠷᠪᠡᠳᠦᠭᠡᠷ ᠤᠳᠠᠭᠠᠨ ᠤ ᠪᠥᠬᠦ ᠤᠯᠤᠰ ᠤᠨ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ︵ᠳᠣᠷᠣᠭᠰᠢ ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠭᠡᠵᠦ ᠲᠣᠪᠴᠢᠯᠠᠨ᠎ᠠ︶ ᠠᠴᠠ 3.9 ᠲᠦᠮᠡ ᠨᠡᠮᠡᠭᠳᠡᠨ᠂ ᠡᠳᠦᠷ ᠪᠦᠷᠢ ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ ᠪᠠᠷᠤᠭ 109 ᠡᠷᠦᠬᠡ ᠪᠠᠶᠢᠵᠤ᠂ ᠪᠥᠬᠦ ᠣᠷᠣᠨ ᠤ ᠠᠵᠤ ᠠᠬᠤᠶ ᠨᠡᠶᠢᠭᠡᠮ ᠤᠨ ᠬᠥᠭᠵᠢᠯᠲᠡ ᠳᠤ ᠲᠠᠰᠤᠷᠠᠯᠲᠠ ᠥᠬᠡᠶ ᠠᠮᠢᠵᠢᠷᠠᠯ ᠤᠨ ᠬᠦᠴᠦᠨ ᠣᠯᠭᠤᠪᠠ᠃ ᠰᠢᠨ᠎ᠡ ᠪᠠᠷ ᠪᠠᠶᠢᠭᠤᠯᠤᠭᠳᠠᠭᠰᠠᠨ ᠬᠤᠶᠠᠳᠤᠭᠠᠷ ᠠᠵᠤ ᠦᠢᠯᠡᠰ ᠪᠠ ᠭᠤᠷᠪᠠᠳᠤᠭᠠᠷ ᠠᠵᠤ ᠦᠢᠯᠡᠰ ᠤᠨ ᠠᠵᠢᠯᠯᠠᠭ᠎ᠠ ᠡᠷᠬᠢᠯᠡᠵᠦ ᠪᠠᠶᠢᠭ᠎ᠠ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠭᠤᠣᠯᠳᠠᠭᠤ ᠳᠣᠣᠷᠠᠬᠢ ᠳᠥᠷᠪᠡᠨ ᠶᠡᠭᠡ ᠣᠨᠴᠠᠯᠢᠭ ᠲᠠᠢ᠄       ᠨᠢᠭᠡ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ ᠵᠢᠯ ᠳᠠᠷᠠᠭᠠᠯᠠᠨ ᠨᠡᠮᠡᠭᠳᠡᠵᠦ᠂ ᠭᠤᠷᠪᠠᠳᠤᠭᠠᠷ ᠠᠵᠤ ᠦᠢᠯᠡᠰ ᠤᠨ ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠡᠵᠡᠯᠡᠬᠦ ᠬᠠᠷᠢᠴᠠᠯ ᠨᠡᠯᠢᠶᠡᠳ ᠥᠨᠳᠥᠷ ᠪᠠᠶᠢᠨ᠎ᠠ᠃ ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠠᠴᠠ ᠨᠠᠰᠢ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠶᠡᠷᠦᠩᠬᠡᠶ ᠬᠡᠮᠵᠢᠶ᠎ᠡ ᠲᠠᠰᠤᠷᠠᠯᠲᠠ ᠥᠬᠡᠶ ᠳᠡᠭᠡᠭᠰᠢᠯᠡᠪᠡ᠃ 2019 - 2023 ᠣᠨ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠲᠣᠰ ᠲᠣᠰ 3.0 ᠲᠦᠮᠡᠨ ᠡᠷᠦᠬᠡ᠂ 3.5 ᠲᠦᠮᠡᠨ ᠡᠷᠦᠬᠡ᠂ 4.1 ᠲᠦᠮᠡᠨ ᠡᠷᠦᠬᠡ᠂ 4.4 ᠲᠦᠮᠡᠨ ᠡᠷᠦᠬᠡ᠂ 4.9 ᠲᠦᠮᠡᠨ ᠡᠷᠦᠬᠡ ᠪᠠᠶᠢᠵᠤ᠂ ᠵᠢᠯ ᠪᠦᠷᠢ ᠳᠤᠮᠳᠠᠴᠢ ᠪᠠᠷ 14.3% ᠨᠡᠮᠡᠭᠳᠡᠪᠡ᠃       ᠭᠤᠷᠪᠠᠨ ᠠᠵᠤ ᠦᠢᠯᠡᠰ ᠠᠴᠠ ᠦᠵᠡᠪᠡᠯ᠂ ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠭᠤᠣᠯᠳᠠᠭᠤ ᠭᠤᠷᠪᠠᠳᠤᠭᠠᠷ ᠠᠵᠤ ᠦᠢᠯᠡᠰ ᠲᠤ ᠲᠥᠪᠯᠡᠷᠡᠵᠦ᠂ ᠨᠡᠶᠢᠲᠡ 15.6 ᠲᠦᠮᠡᠨ ᠡᠷᠦᠬᠡ ᠪᠠᠶᠢᠵᠤ᠂ ᠡᠵᠡᠯᠡᠬᠦ ᠬᠠᠷᠢᠴᠠᠯ ᠨᠢ 78.3% ᠪᠣᠯᠤᠨ᠎ᠠ︔ ᠬᠤᠶᠠᠳᠤᠭᠠᠷ ᠠᠵᠤ ᠦᠢᠯᠡᠰ 4.3 ᠲᠦᠮᠡᠨ ᠡᠷᠦᠬᠡ ᠳᠤ ᠬᠦᠷᠴᠦ᠂ 21.7% ᠶᠢ ᠡᠵᠡᠯᠡᠪᠡ᠃ ᠰᠢᠨ᠎ᠡ ᠪᠠᠷ ᠪᠠᠶᠢᠭᠤᠯᠤᠭᠳᠠᠭᠰᠠᠨ ᠭᠤᠷᠪᠠᠳᠤᠭᠠᠷ ᠠᠵᠤ ᠦᠢᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠵᠢᠯ ᠳᠤᠮᠳᠠᠴᠢ ᠪᠠᠷ 14.7% ᠪᠠᠷ ᠨᠡᠮᠡᠭᠳᠡᠵᠦ᠂ ᠬᠤᠶᠠᠳᠤᠭᠠᠷ ᠠᠵᠤ ᠦᠢᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠡᠮᠡᠭᠳᠡᠯ ᠤᠨ ᠬᠤᠷᠳᠤᠴᠠ ᠠᠴᠠ 2.0 ᠵᠠᠭᠤᠨ ᠤ ᠬᠤᠪᠢ ᠶᠢᠨ ᠴᠡᠭ ᠲᠦᠷᠭᠡᠨ ᠪᠣᠯᠪᠠ᠃       ᠬᠤᠶᠠᠷ᠂ ᠬᠥᠬᠡᠬᠤᠲᠠ ᠪᠤᠭᠤᠲᠤ ᠣᠷᠳᠣᠰ ᠭᠠᠵᠠᠷ ᠣᠷᠣᠨ ᠤ ᠲᠥᠪᠯᠡᠷᠡᠭᠰᠡᠨ ᠦᠢᠯᠡᠳᠦᠯ ᠢ ᠪᠠᠳᠠᠷᠠᠭᠤᠯᠵᠤ᠂ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ ᠪᠥᠬᠦ ᠣᠷᠣᠨ ᠤ ᠲᠠᠪᠤᠨ ᠬᠤᠪᠢ ᠰᠢᠬᠠᠮ ᠢ ᠡᠵᠡᠯᠡᠪᠡ᠃ ᠬᠥᠬᠡᠬᠤᠲᠠ ᠪᠤᠭᠤᠲᠤ ᠣᠷᠳᠣᠰ ᠤᠨ ᠭᠠᠵᠠᠷ ᠣᠷᠣᠨ ᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠢ ᠲᠠᠲᠠᠬᠤ ᠬᠦᠴᠦᠨ ᠨᠡᠯᠢᠶᠡᠳ ᠶᠡᠭᠡ ᠪᠠᠶᠢᠨ᠎ᠠ᠃ 2019 - 2023 ᠣᠨ ᠳᠤ᠂ ᠬᠥᠬᠡᠬᠤᠲᠠ᠂ ᠪᠤᠭᠤᠲᠤ ᠬᠤᠲᠠ ᠪᠠ ᠣᠷᠳᠣᠰ ᠬᠤᠲᠠ ᠶᠢᠨ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ ᠨᠡᠯᠢᠶᠡᠳ ᠣᠯᠠᠨ ᠪᠠᠶᠢᠵᠤ᠂ ᠲᠣᠰ ᠲᠣᠰ 4.2 ᠲᠦᠮᠡᠨ ᠡᠷᠦᠬᠡ᠂ 2.8 ᠲᠦᠮᠡᠨ ᠡᠷᠦᠬᠡ ᠪᠠ 2.7 ᠲᠦᠮᠡᠨ ᠡᠷᠦᠬᠡ ᠪᠠᠶᠢᠵᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ ᠳᠤ ᠡᠵᠡᠯᠡᠬᠦ ᠬᠤᠪᠢ ᠶᠢᠨ ᠵᠢᠩ ᠨᠢ ᠴᠥᠮ 10% ᠠᠴᠠ ᠳᠡᠭᠡᠭᠰᠢ ᠪᠠᠶᠢᠵᠤ᠂ ᠨᠡᠶᠢᠲᠡ 49.1% ᠶᠢ ᠡᠵᠡᠯᠡᠵᠦ᠂ ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠠᠴᠠ 6.5 ᠵᠠᠭᠤᠨ ᠤ ᠬᠤᠪᠢ ᠶᠢᠨ ᠴᠡᠭ ᠳᠡᠭᠡᠭᠰᠢᠯᠡᠪᠡ︔ ᠬᠢᠩᠭᠠᠨ ᠠᠶᠢᠮᠠᠭ᠂ ᠦᠬᠠᠶ ᠬᠤᠲᠠ᠂ ᠠᠯᠠᠱᠠ ᠠᠶᠢᠮᠠᠭ ᠤᠨ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ ᠨᠡᠯᠢᠶᠡᠳ ᠴᠥᠭᠡᠨ ᠪᠠᠶᠢᠵᠤ᠂ ᠴᠥᠮ 1 ᠲᠦᠮᠡᠨ ᠡᠷᠦᠬᠡ ᠠᠴᠠ ᠳᠣᠷᠣᠭᠰᠢ ᠪᠠᠶᠢᠵᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ ᠳᠤ ᠡᠵᠡᠯᠡᠬᠦ ᠬᠤᠪᠢ ᠶᠢᠨ ᠵᠢᠩ ᠨᠢ ᠨᠡᠶᠢᠲᠡ 8.6% ᠪᠠᠶᠢᠵᠤ᠂ ᠳᠥᠷᠪᠡᠳᠦᠭᠡᠷ ᠤᠳᠠᠭᠠᠨ ᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠠᠴᠠ 0.7 ᠵᠠᠭᠤᠨ ᠤ ᠬᠤᠪᠢ ᠶᠢᠨ ᠴᠡᠭ ᠪᠠᠭᠤᠷᠠᠪᠠ᠃       ᠭᠤᠷᠪᠠ᠂ ᠠᠵᠢᠯ ᠲᠥᠷᠥᠯ ᠤᠨ ᠣᠨᠴᠠᠯᠢᠭ ᠢᠶᠠᠷ ᠢᠯᠡᠷᠬᠡᠶ᠂ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠡᠵᠡᠯᠡᠬᠦ ᠬᠠᠷᠢᠴᠠᠯ ᠲᠡᠷᠢᠭᠦᠨ ᠪᠠᠶᠢᠷᠢᠨ ᠳᠤ ᠪᠠᠶᠢᠨ᠎ᠠ᠃ ᠪᠦᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠭᠤᠣᠯᠳᠠᠭᠤ ᠤᠯᠠᠮᠵᠢᠯᠠᠯᠲᠤ ᠠᠵᠢᠯ ᠲᠥᠷᠥᠯ ᠳᠤ ᠲᠥᠪᠯᠡᠷᠡᠵᠦ ᠪᠠᠶᠢᠨ᠎ᠠ᠃ 2019 - 2023 ᠣᠨ ᠳᠤ᠂ ᠰᠢᠨ᠎ᠡ ᠪᠠᠷ ᠪᠠᠶᠢᠭᠤᠯᠤᠭᠰᠠᠨ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ᠂ ᠪᠠᠷᠢᠯᠭ᠎ᠠ ᠶᠢᠨ ᠦᠢᠯᠡᠰ ᠤᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠲᠣᠰ ᠲᠣᠰ 6.7 ᠲᠦᠮᠡᠨ ᠡᠷᠦᠬᠡ᠂ 3.1 ᠲᠦᠮᠡᠨ ᠡᠷᠦᠬᠡ ᠪᠠ 3.0 ᠲᠦᠮᠡᠨ ᠡᠷᠦᠬᠡ ᠪᠠᠶᠢᠵᠤ᠂ ᠲᠣᠰ ᠲᠣᠰ ᠪᠥᠬᠦ ᠣᠷᠣᠨ ᠤ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ ᠶᠢᠨ 33.6%᠂ 15.5% ᠪᠠ 14.9% ᠶᠢ ᠡᠵᠡᠯᠡᠪᠡ᠃ ᠠᠭᠤᠷᠬᠠᠶ ᠮᠠᠯᠲᠠᠬᠤ ᠦᠢᠯᠡᠰ᠂ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠵᠢᠭᠠᠰᠤᠨ ᠠᠵᠤ ᠠᠬᠤᠶ᠂ ᠮᠥᠩᠭᠦᠨ ᠭᠦᠢᠯᠭᠡᠭᠡᠨ ᠤ ᠦᠢᠯᠡᠰ ᠵᠡᠷᠭᠡ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ ᠬᠡᠳᠦ ᠴᠥᠭᠡᠨ ᠪᠠᠶᠢᠵᠤ᠂ ᠨᠡᠶᠢᠲᠡ 0.2 ᠲᠦᠮᠡᠨ ᠡᠷᠦᠬᠡ ᠪᠠᠶᠢᠵᠤ᠂ ᠡᠵᠡᠯᠡᠬᠦ ᠬᠠᠷᠢᠴᠠᠯ ᠨᠢ 0.9% ᠪᠣᠯᠤᠨ᠎ᠠ᠃       ᠬᠤᠨᠤᠭ ᠪᠠᠭᠤᠳᠠᠯ ᠪᠠ ᠢᠳᠡᠭᠡᠨ ᠤᠮᠳᠠᠭᠠᠨ ᠤ ᠦᠢᠯᠡᠰ᠂ ᠡᠷᠡᠭᠦᠯ ᠬᠠᠮᠠᠭᠠᠯᠠᠯ ᠪᠠ ᠨᠡᠶᠢᠭᠡᠮ ᠤᠨ ᠠᠵᠢᠯ᠂ ᠰᠤᠷᠭᠠᠨ ᠬᠥᠮᠦᠵᠢᠯ ᠤᠨ ᠦᠢᠯᠡᠰ ᠤᠨ ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠬᠠᠤᠯᠢ ᠶᠢᠨ ᠬᠥᠮᠦᠨ ᠤ ᠲᠤᠭ᠎ᠠ ᠨᠡᠯᠢᠶᠡᠳ ᠲᠦᠷᠭᠡᠨ ᠨᠡᠮᠡᠭᠳᠡᠵᠦ᠂ ᠵᠢᠯ ᠳᠤᠮᠳᠠᠴᠢ ᠪᠠᠷ ᠲᠣᠰ ᠲᠣᠰ 26.9%᠂ 25.6% ᠪᠠ 23.4% ᠨᠡᠮᠡᠭᠳᠡᠪᠡ᠃ ᠠᠭᠤᠷᠬᠠᠶ ᠮᠠᠯᠲᠠᠬᠤ ᠦᠢᠯᠡᠰ᠂ ᠬᠡᠷ ᠪᠠᠶᠢᠰᠢᠩ ᠭᠠᠵᠠᠷ ᠬᠥᠷᠥᠩᠭᠡ ᠶᠢᠨ ᠦᠢᠯᠡᠰ᠂ ᠮᠥᠩᠭᠦᠨ ᠭᠦᠢᠯᠭᠡᠭᠡᠨ ᠤ ᠦᠢᠯᠡᠰ ᠤᠨ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠲᠤᠭ᠎ᠠ ᠬᠡᠮᠵᠢᠶ᠎ᠡ ᠶᠢᠨ ᠨᠡᠮᠡᠭᠳᠡᠯ ᠤᠨ ᠬᠤᠷᠳᠤᠴᠠ ᠨᠡᠯᠢᠶᠡᠳ ᠤᠳᠠᠭᠠᠨ ᠪᠠᠶᠢᠵᠤ᠂ ᠵᠢᠯ ᠪᠦᠷᠢ ᠳᠤᠮᠳᠠᠴᠢ ᠪᠠᠷ ᠲᠣᠰ ᠲᠣᠰ 3.0%᠂ 1.7% ᠪᠠᠷ ᠨᠡᠮᠡᠭᠳᠡᠭᠰᠡᠨ ᠪᠠ 0.6% ᠪᠠᠷ ᠪᠠᠭᠤᠷᠠᠪᠠ᠃       ᠳᠥᠷᠪᠡ᠂ ᠬᠤᠪᠢ ᠡᠵᠡᠮᠳᠡᠭᠰᠡᠨ ᠲᠥᠷᠥᠯ ᠬᠡᠯᠪᠡᠷᠢ ᠲᠥᠪᠯᠡᠷᠡᠵᠦ᠂ ᠬᠤᠪᠢ ᠬᠥᠮᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠨᠡᠮᠡᠭᠳᠡᠯ ᠤᠨ ᠬᠤᠷᠳᠤᠴᠠ ᠲᠡᠷᠢᠭᠦᠯᠡᠪᠡ᠃ ᠬᠤᠪᠢ ᠬᠥᠮᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠤᠨ ᠴᠡᠴᠡᠭᠯᠡᠯ ᠬᠥᠭᠵᠢᠯ ᠨᠢ ᠵᠠᠬ᠎ᠠ ᠳᠡᠯᠭᠡᠭᠦᠷ ᠤᠨ ᠠᠮᠢᠵᠢᠷᠠᠯ ᠤᠨ ᠬᠦᠴᠦᠨ ᠢ ᠦᠷᠭᠦᠯᠵᠢᠯᠡᠨ ᠨᠡᠮᠡᠭᠳᠡᠭᠦᠯᠬᠦ ᠳᠤ ᠬᠦᠴᠦᠨ ᠨᠡᠮᠡᠷᠢᠯᠡᠪᠡ᠃ ᠰᠢᠨ᠎ᠡ ᠪᠠᠷ ᠪᠠᠶᠢᠭᠤᠯᠤᠭᠳᠠᠭᠰᠠᠨ ᠬᠤᠪᠢ ᠬᠥᠮᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠦᠳᠲᠡᠷ ᠲᠦᠷᠭᠡᠨ ᠬᠥᠭᠵᠢᠵᠦ᠂ ᠲᠤᠭ᠎ᠠ ᠬᠡᠮᠵᠢᠶᠡᠨ ᠤ ᠡᠵᠡᠯᠡᠬᠦ ᠬᠠᠷᠢᠴᠠᠯ ᠨᠢ 98.8% ᠳᠤ ᠬᠦᠷᠴᠡᠶ᠃ 2019-2023 ᠣᠨ ᠳᠤ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠳᠠᠭᠰᠠᠨ ᠬᠤᠪᠢ ᠬᠥᠮᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠲᠣᠰ ᠲᠣᠰ 3.0 ᠲᠦᠮᠡᠨ ᠡᠷᠦᠬᠡ᠂ 3.4 ᠲᠦᠮᠡᠨ ᠡᠷᠦᠬᠡ᠂ 4.1 ᠲᠦᠮᠡᠨ ᠡᠷᠦᠬᠡ᠂ 4.3 ᠲᠦᠮᠡᠨ ᠡᠷᠦᠬᠡ᠂ 4.9 ᠲᠦᠮᠡᠨ ᠡᠷᠦᠬᠡ ᠪᠠᠶᠢᠵᠤ᠂ ᠨᠡᠶᠢᠲᠡ 19.7 ᠲᠦᠮᠡᠨ ᠡᠷᠦᠬᠡ ᠪᠣᠯᠵᠣ᠂ ᠵᠢᠯ ᠳᠤᠮᠳᠠᠴᠢ ᠪᠠᠷ 14.5% ᠪᠠᠷ ᠨᠡᠮᠡᠭᠳᠡᠨ᠂ ᠪᠥᠬᠦ ᠣᠷᠣᠨ ᠤ ᠰᠢᠨ᠎ᠡ ᠪᠠᠷ ᠪᠠᠶᠢᠭᠤᠯᠤᠭᠳᠠᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠵᠢᠯ ᠤᠨ ᠳᠤᠮᠳᠠᠴᠢ ᠨᠡᠮᠡᠭᠳᠡᠯ ᠤᠨ ᠬᠤᠷᠳᠤᠴᠠ ᠠᠴᠠ 0.2 ᠵᠠᠭᠤᠨ ᠤ ᠬᠤᠪᠢ ᠶᠢᠨ ᠴᠡᠭ ᠥᠨᠳᠥᠷ ᠪᠣᠯᠵᠠᠶ᠃       ᠰᠢᠨ᠎ᠡ ᠪᠠᠷ ᠪᠠᠶᠢᠭᠤᠯᠤᠭᠰᠠᠨ ᠬᠤᠪᠢ ᠬᠥᠮᠦᠨ ᠤ ᠬᠤᠪᠢ ᠡᠵᠡᠮᠳᠡᠭᠰᠡᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠣᠨᠴᠠᠯᠢᠭ ᠨᠢ ᠰᠢᠨ᠎ᠡ ᠪᠠᠷ ᠪᠠᠶᠢᠭᠤᠯᠤᠭᠰᠠᠨ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠣᠨᠴᠠᠯᠢᠭ ᠯᠤᠭ᠎ᠠ ᠦᠨᠳᠦᠰᠦᠨ ᠳᠡᠭᠡᠨ ᠨᠢᠭᠡᠳᠦᠯᠲᠡᠶ ᠪᠠᠶᠢᠵᠤ᠂ ᠭᠤᠤᠯᠳᠠᠭᠤ ᠪᠥᠭᠡᠮ ᠢᠶᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢᠯᠡᠰ᠂ ᠪᠠᠷᠢᠯᠭ᠎ᠠ ᠶᠢᠨ ᠦᠢᠯᠡᠰ᠂ ᠲᠦᠷᠢᠶᠡᠰᠦᠯᠡᠬᠦ ᠪᠠ ᠬᠤᠳᠠᠯᠳᠤᠭᠠᠨ ᠤ ᠶᠠᠪᠤᠳᠠᠯ ᠤᠨ ᠦᠢᠯᠡᠴᠢᠯᠡᠭᠡᠨ ᠤ ᠦᠢᠯᠡᠰ ᠵᠡᠷᠭᠡ ᠠᠵᠢᠯ ᠲᠥᠷᠥᠯ ᠳᠤ ᠲᠥᠪᠯᠡᠷᠡᠵᠦ᠂ ᠭᠤᠤᠯᠳᠠᠭᠤ ᠬᠥᠬᠡᠬᠤᠲᠠ᠂ ᠪᠤᠭᠤᠲᠤ ᠬᠤᠲᠠ ᠪᠣᠯᠤᠨ ᠣᠷᠳᠣᠰ ᠬᠤᠲᠠ ᠳᠤ ᠲᠠᠷᠬᠠᠵᠤ ᠪᠣᠶ᠃
ᠢᠷᠡᠯᠲᠡ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠲᠤᠭ᠎ᠠ ᠪᠦᠷᠢᠳᠬᠡᠯ ᠤᠨ ᠲᠣᠪᠴᠢᠶ᠎ᠠ