︽2025 ᠣᠨ ᠳᠤ ᠲᠣᠮᠣ ᠬᠡᠪᠴᠢᠶᠡᠨ ᠤ ᠲᠥᠬᠦᠭᠡᠷᠦᠮᠵᠢ ᠶᠢ ᠰᠢᠨᠡᠳᠬᠡᠬᠦ ᠪᠠ ᠬᠡᠷᠡᠭᠯᠡᠭᠡᠨ ᠤ ᠵᠤᠶᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ | ᠲᠥᠷᠥ ᠶᠢᠨ ᠪᠣᠳᠣᠯᠭ᠎ᠠ ᠶᠢ ᠬᠦᠴᠦᠯᠡᠨ ᠥᠷᠭᠡᠳᠬᠡᠵᠦ ᠬᠡᠷᠡᠭᠵᠢᠭᠦᠯᠬᠦ ᠲᠤᠬᠠᠶ ᠮᠡᠳᠡᠭᠳᠡᠯ︾ ︵ᠬᠥᠭᠵᠢᠭᠦᠯᠦᠯᠲᠡ ᠥᠭᠡᠷᠡᠴᠢᠯᠡᠯᠲᠡ ᠣᠷᠴᠢᠨ ᠲᠤᠭᠤᠷᠢᠨ ᠡᠬᠢ | ᠪᠠᠶᠠᠯᠢᠭ〔2025〕13 ᠳ᠋ᠤᠭᠠᠷ ᠲᠣᠭᠠᠲᠤ︶ ︽2025 ᠣᠨ ᠤ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠠᠵᠢᠯ ᠢ | ᠰᠠᠶᠢᠲᠤᠷ ᠬᠢᠬᠦ ᠲᠤᠬᠠᠶ ᠮᠡᠳᠡᠭᠳᠡᠯ︾ ︵ᠬᠤᠳᠠᠯᠳᠤᠭ᠎ᠠ ᠠᠯᠪᠠᠨ ᠭᠦᠢᠯᠭᠡᠭᠡ ᠵᠠᠬᠢᠳᠠᠯ 〔2025〕6 ᠳ᠋ᠤᠭᠠᠷ ᠲᠣᠭᠠᠲᠤ︶ ᠤᠨ ᠱᠠᠭᠠᠷᠳᠠᠯᠭ᠎ᠠ ᠶᠣᠰᠣᠭᠠᠷ᠂ | 2025 ᠣᠨ ᠤ ᠪᠥᠬᠦ ᠣᠷᠣᠨ ᠤ ᠬᠡᠷ ᠤᠨ ᠴᠠᠬᠢᠯᠭᠠᠨ ᠬᠡᠷᠡᠭᠰᠡᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠳᠤ ᠨᠥᠬᠦᠪᠥᠷᠢ ᠥᠭᠬᠦ ᠠᠵᠢᠯ ᠢ ᠰᠠᠶᠢᠲᠤᠷ ᠬᠢᠨ᠎ᠡ᠃ | 12 ᠲᠣᠮᠣ ᠲᠥᠷᠥᠯ ᠤᠨ ᠦᠢᠯᠡᠳᠬᠦᠨ᠄ ᠬᠥᠷᠥᠭᠡᠭᠦᠷ ︵ᠬᠥᠯᠳᠡᠭᠡᠭᠦᠷ︶᠂ ᠬᠤᠪᠴᠠᠰᠤ ᠤᠬᠢᠶᠠᠬᠤ ᠮᠠᠰᠢᠨ ︵ᠬᠤᠪᠴᠠᠰᠤ ᠬᠠᠳᠠᠭᠠᠬᠤ ᠮᠠᠰᠢᠨ︶᠂ | ᠲᠧᠯᠸᠢᠰ ︵ᠲᠤᠰᠬᠠᠭᠤᠷ︶᠂ ᠠᠭᠠᠷ ᠲᠣᠬᠢᠷᠠᠭᠤᠯᠤᠭᠴᠢ ︵ᠠᠭᠠᠷ ᠡᠭᠦᠰᠭᠡᠭᠴᠢ ᠶᠢᠨ ᠢᠯᠴᠢ ᠶᠢᠨ ᠬᠥᠭᠡᠷᠭᠡ︶᠂ ᠺᠣᠮᠫᠢᠤᠲ᠋ᠧᠷ᠂ ᠭᠡᠷ ᠲᠤ ᠭᠡᠷᠡᠭᠯᠡᠬᠦ ᠵᠤᠤᠬ᠎ᠠ ︵ | ᠬᠤᠷᠠᠮᠠᠯ ᠵᠤᠤᠬ᠎ᠠ︶᠂ ᠲᠣᠰᠣᠨ ᠤᠲᠤᠭ᠎ᠠ ᠰᠣᠷᠣᠬᠤ ᠮᠠᠰᠢᠨ᠂ ᠪᠢᠴᠢᠯ ᠳᠣᠯᠭᠢᠶᠠᠨ ᠵᠤᠤᠬ᠎ᠠ᠂ ᠤᠰᠤ ᠬᠠᠯᠠᠭᠠᠭᠤᠷ ︵ᠬᠠᠨ᠎ᠠ ᠶᠢᠨ ᠡᠯᠭᠦᠭᠦᠷ ᠵᠤᠤᠬ᠎ᠠ︶᠂ ᠠᠶᠠᠭ᠎ᠠ | ᠤᠬᠢᠶᠠᠬᠤ ᠮᠠᠰᠢᠨ᠂ ᠤᠰᠤ ᠴᠡᠪᠡᠷᠰᠢᠭᠦᠯᠬᠦ ᠮᠠᠰᠢᠨ ︵ᠵᠥᠭᠡᠯᠡᠨ ᠤᠰᠤᠨ ᠤ ᠮᠠᠰᠢᠨ᠂ ᠤᠤᠭᠤᠬᠤ ᠤᠰᠤᠨ ᠤ ᠮᠠᠰᠢᠨ︶᠂ ᠴᠠᠬᠢᠯᠭᠠᠨ ᠲᠣᠭᠤᠭ᠎ᠠ ︵ᠴᠠᠬᠢᠯᠭᠠᠨ | ᠳᠠᠷᠤᠯᠲᠠᠲᠤ ᠲᠣᠭᠤᠭ᠎ᠠ︶᠃ | ᠰᠢᠨ᠎ᠡ ᠪᠠᠷ ᠨᠡᠮᠡᠭᠳᠡᠭᠰᠡᠨ 6 ᠲᠥᠷᠥᠯ ᠤᠨ ᠦᠢᠯᠡᠳᠬᠦᠨ᠄ ᠬᠤᠪᠴᠠᠰᠤ ᠬᠤᠨᠠᠷ ᠢᠯᠢᠭᠦᠷᠳᠡᠵᠦ ᠲᠡᠭᠰᠢᠯᠡᠬᠦ ᠮᠠᠰᠢᠨ ︵ᠢᠯᠢᠭᠦᠷᠳᠡᠬᠦ ᠮᠠᠰᠢᠨ᠂ ᠡᠯᠬᠦᠵᠦ | ᠢᠯᠢᠭᠦᠷᠳᠡᠬᠦ ᠮᠠᠰᠢᠨ︶᠂ ᠭᠠᠵᠠᠷ ᠱᠦᠭᠦᠷᠳᠡᠬᠦ ᠮᠠᠰᠢᠨ ︵ᠭᠠᠵᠠᠷ ᠵᠦᠯᠭᠦᠬᠦ ᠮᠠᠰᠢᠨ᠂ ᠭᠠᠵᠠᠷ ᠤᠬᠢᠶᠠᠬᠤ ᠮᠠᠰᠢᠨ᠂ ᠲᠣᠭᠤᠰᠣ ᠰᠣᠷᠣᠬᠤ ᠮᠠᠰᠢᠨ︶᠂ ᠵᠢᠩᠨᠡᠵᠦ | ᠰᠢᠷᠠᠬᠤ ᠬᠠᠶᠢᠷᠴᠠᠭ ︵ᠵᠢᠩᠨᠡᠵᠦ ᠰᠢᠷᠠᠬᠤ ᠶᠢ ᠨᠢᠭᠡ ᠴᠣᠭᠴᠠᠵᠢᠭᠤᠯᠤᠭᠰᠠᠨ ᠮᠠᠰᠢᠨ᠂ ᠵᠢᠩᠨᠡᠬᠤ ᠬᠠᠶᠢᠷᠴᠠᠭ᠂ ᠰᠢᠷᠠᠬᠤ ᠬᠠᠶᠢᠷᠴᠠᠭ︶᠂ ᠬᠠᠯᠠᠭᠤᠨ ᠠᠭᠤᠷ ᠢᠶᠠᠷ | ᠪᠤᠯᠭᠤᠭᠠᠬᠤ ᠲᠣᠭᠤᠭ᠎ᠠ᠂ ᠠᠭᠠᠷ ᠴᠡᠪᠡᠷᠰᠢᠭᠦᠯᠦᠭᠴᠢ ᠮᠠᠰᠢᠨ ︵ᠰᠢᠨ᠎ᠡ ᠦᠯᠢᠶᠡᠭᠦᠷ ᠮᠠᠰᠢᠨ᠂ ᠴᠢᠭᠢᠭᠲᠦᠭᠦᠯᠬᠦ ᠮᠠᠰᠢᠨ᠂ ᠴᠠᠬᠢᠯᠭᠠᠨ ᠳᠤᠯᠠᠭᠠᠮᠵᠢ︶᠂ ᠴᠠᠬᠢᠯᠭᠠᠨ | ᠠᠭᠤᠷ ᠤᠨ ᠲᠣᠭᠤᠭ᠎ᠠ ︵ᠬᠠᠯᠠᠭᠤᠨ ᠤᠰᠤᠨ ᠤ ᠴᠠᠬᠢᠯᠭᠠᠨ ᠳᠡᠪᠦᠷ᠎ᠡ᠂ ᠪᠡᠶ᠎ᠡ ᠰᠤᠪᠢᠯᠠᠬᠤ ᠳᠡᠪᠦᠷ᠎ᠡ᠂ ᠴᠠᠬᠢᠯᠭᠠᠨ ᠬᠠᠯᠠᠭᠤᠨ ᠲᠣᠭᠤᠭ᠎ᠠ᠂ ᠴᠠᠬᠢᠯᠭᠠᠨ ᠬᠠᠭᠠᠷᠢᠭᠤᠯ | ᠲᠣᠭᠤᠭ᠎ᠠ᠂ ᠴᠠᠬᠢᠯᠭᠠᠨ ᠰᠣᠷᠢᠨᠵᠢᠨ ᠵᠤᠤᠬ᠎ᠠ︶᠃ | ᠨᠥᠬᠦᠪᠥᠷᠢ ᠨᠢᠭᠡᠪᠦᠷᠢ ᠶᠢ 2000 ᠲᠥᠭᠦᠷᠢᠭ ᠠᠴᠠ ᠭᠡᠳᠦᠷᠡᠬᠦᠯᠬᠦ ᠥᠬᠡᠶ᠂ 2024 ᠣᠨ ᠳᠤ ᠨᠢᠭᠡᠨᠲᠡ ᠶᠠᠮᠠᠷ ᠨᠢᠭᠡᠨ ᠲᠥᠷᠥᠯ ᠤᠨ ᠬᠡᠷ ᠤᠨ ᠴᠠᠬᠢᠯᠭᠠᠨ | ᠬᠡᠷᠡᠭᠰᠡᠯ ᠤᠨ ᠤᠶᠢᠯᠡᠳᠬᠦᠨ ᠤ ᠬᠠᠭᠤᠴᠢᠨ ᠢᠶᠠᠷ ᠰᠢᠨ᠎ᠡ ᠶᠢ ᠰᠣᠯᠢᠬᠤ ᠨᠥᠬᠦᠪᠥᠷᠢ ᠶᠢ ᠭᠥᠷᠳᠡᠭᠰᠡᠨ ᠬᠤᠪᠢ ᠶᠢᠨ ᠬᠡᠷᠡᠭᠯᠡᠭᠴᠢ ᠨᠢ 2025 ᠣᠨ ᠳᠤ ᠠᠳᠠᠯᠢ | ᠲᠥᠷᠥᠯ ᠤᠨ ᠬᠡᠷ ᠤᠨ ᠴᠠᠬᠢᠯᠭᠠᠨ ᠬᠡᠷᠡᠭᠰᠡᠯ ᠤᠨ ᠤᠶᠢᠯᠡᠳᠬᠦᠨ ᠬᠤᠳᠠᠯᠳᠤᠨ ᠠᠪᠤᠪᠠᠯ ᠦᠷᠭᠦᠯᠵᠢᠯᠡᠨ ᠨᠥᠬᠦᠪᠥᠷᠢ ᠭᠥᠷᠳᠡᠵᠦ ᠪᠣᠯᠤᠨ᠎ᠠ᠃ ᠨᠥᠬᠦᠪᠥᠷᠢᠯᠡᠬᠦ ᠴᠠᠭ | ᠬᠤᠭᠤᠴᠠᠭ᠎ᠠ ᠨᠢ 2025 ᠣᠨ ᠪᠣᠯᠤᠨ᠎ᠠ᠃ |