ᠲᠡᠵᠢᠭᠡᠯ ᠡᠪᠡᠰᠦ ᠶᠢ ᠳᠠᠷᠢᠵᠤ ᠪᠣᠷᠳᠣᠬᠤ ᠮᠡᠷᠭᠡᠵᠢᠯ — ᠨᠡᠮᠡᠯᠲᠡ ᠪᠣᠷᠳᠣᠭᠤᠷ ᠬᠡᠷᠡᠭᠯᠡᠬᠦ
ᠨᠡᠶᠢᠲᠡᠯᠡᠭᠰᠡᠨ ᠴᠠᠭ᠄
2025/3/7
      ᠨᠡᠮᠡᠯᠲᠡ ᠪᠣᠷᠳᠣᠭᠤᠷ ᠤᠨ ᠦᠢᠯᠡᠳᠦᠯ       ᠲᠡᠵᠢᠭᠡᠯ ᠡᠪᠡᠰᠦᠨ ᠤ ᠬᠡᠷᠡᠭᠴᠡᠭᠡ ᠶᠢ ᠦᠨᠳᠦᠰᠦᠯᠡᠵᠦ᠂ ᠲᠡᠵᠢᠭᠡᠯ ᠡᠪᠡᠰᠦᠨ ᠤ ᠥᠰᠦᠯᠲᠡ ᠪᠤᠶᠢᠵᠢᠯᠲᠠ ᠶᠢᠨ ᠬᠤᠭᠤᠴᠠᠭᠠᠨ ᠳᠤ ᠨᠡᠮᠡᠵᠦ ᠣᠷᠣᠭᠤᠯᠤᠭᠰᠠᠨ ᠪᠣᠷᠳᠣᠭᠤᠷ ᠢ ᠨᠡᠮᠡᠯᠲᠡ ᠪᠣᠷᠳᠣᠭᠤᠷ ᠭᠡᠳᠡᠭ᠃ ᠡᠭᠦᠨ ᠤ ᠵᠣᠷᠢᠯᠭ᠎ᠠ ᠨᠢ ᠲᠡᠵᠢᠭᠡᠯ ᠡᠪᠡᠰᠦᠨ ᠤ ᠦᠷᠡᠵᠢᠯ ᠤᠨ ᠬᠤᠭᠤᠴᠠᠭᠠᠨ ᠳᠠᠬᠢ ᠬᠡᠷᠡᠭᠰᠡᠬᠦ ᠰᠢᠮ᠎ᠡ ᠲᠡᠵᠢᠭᠡᠯ ᠢ ᠴᠠᠭ ᠲᠤᠬᠠᠢ ᠳᠤᠨᠢ ᠬᠠᠩᠭᠠᠵᠤ᠂ ᠥᠰᠦᠯᠲᠡ ᠪᠤᠶᠢᠵᠢᠯᠲᠠ ᠶᠢ ᠠᠬᠢᠭᠤᠯᠤᠨ᠂ ᠥᠨᠳᠥᠷ ᠤᠨᠠᠯᠲᠠ ᠲᠠᠢ ᠴᠢᠨᠠᠷ ᠰᠠᠶᠢᠲᠠᠢ ᠪᠣᠯᠭᠠᠬᠤ ᠶᠢᠨ ᠲᠥᠯᠥᠭᠡ ᠶᠤᠮ᠃       ᠪᠣᠷᠳᠣᠭᠤᠷ ᠨᠡᠮᠡᠬᠦ ᠠᠷᠭ᠎ᠠ       ᠨᠡᠮᠡᠯᠲᠡ ᠪᠣᠷᠳᠣᠭᠤᠷ ᠬᠢᠬᠦ ᠳᠤ ᠭᠤᠣᠯᠳᠠᠭᠤ ᠣᠷᠭᠠᠨᠢᠭ ᠪᠤᠰᠤ ᠲᠦᠷᠭᠡᠨ ᠦᠢᠯᠡᠳᠦᠯᠳᠦ ᠪᠣᠷᠳᠣᠭᠤᠷ ᠬᠡᠷᠡᠭᠯᠡᠳᠡᠭ᠃ ᠡᠭᠦᠨ ᠳᠤ ᠰᠠᠴᠤᠬᠤ᠂ ᠵᠤᠷᠪᠤᠰᠯᠠᠨ ᠣᠷᠤᠭᠤᠯᠬᠤ᠂ ᠨᠦᠬᠡᠯᠡᠨ ᠣᠷᠣᠭᠤᠯᠬᠤ ᠪᠠ ᠦᠨᠳᠦᠰᠦᠨ ᠠᠴᠠ ᠨᠢ ᠪᠣᠷᠳᠣᠬᠤ ᠵᠡᠷᠭᠡ ᠠᠷᠭ᠎ᠠ ᠪᠠᠶᠢᠳᠠᠭ᠃ ᠪᠣᠷᠳᠣᠭᠤᠷ ᠨᠡᠮᠡᠬᠦ ᠳᠡᠭᠡᠨ ᠲᠡᠵᠢᠭᠡᠯ ᠡᠪᠡᠰᠦᠨ ᠤ ᠤᠷᠭᠤᠯᠲᠠ ᠶᠢᠨ ᠪᠠᠶᠢᠳᠠᠯ ᠪᠠ ᠲᠤᠬᠠᠢ ᠶᠢᠨ ᠭᠠᠵᠠᠷ ᠤᠨ ᠠᠭᠤᠷ ᠠᠮᠢᠰᠬᠤᠯ ᠤᠨ ᠬᠤᠪᠢᠷᠠᠯᠲᠠ᠂ ᠪᠣᠷᠣᠭᠠᠨ ᠤ ᠬᠡᠮᠵᠢᠶ᠎ᠡ ᠵᠡᠷᠭᠡ ᠪᠣᠳᠠᠲᠠᠢ ᠨᠥᠬᠦᠴᠡᠯ ᠢ ᠦᠨᠳᠦᠰᠦᠯᠡᠨ ᠂ ᠪᠣᠷᠳᠣᠭᠤᠷ ᠨᠡᠮᠡᠬᠦ ᠲᠥᠷᠥᠯ ᠵᠦᠢᠯ ᠪᠠ ᠬᠡᠷᠡᠭᠯᠡᠬᠦ ᠬᠡᠮᠵᠢᠶ᠎ᠡ ᠶᠢ ᠲᠣᠭᠲᠠᠭᠠᠬᠤ ᠬᠡᠷᠡᠭᠲᠡᠢ᠃ ᠪᠣᠷᠳᠣᠭᠤᠷ ᠤᠨ ᠦᠢᠯᠡᠳᠦᠯ ᠢ ᠭᠦᠢᠴᠡᠳ ᠪᠠᠳᠠᠷᠠᠭᠤᠯᠵᠤ᠂ ᠲᠡᠵᠢᠭᠡᠯ ᠡᠪᠡᠰᠦ ᠶᠢ ᠪᠦᠷᠢᠯᠭᠡᠨ ᠰᠦᠢᠳᠬᠡᠬᠦ ᠪᠠ ᠬᠤᠣᠷᠳᠠᠭᠤᠯᠬᠤ ᠠᠴᠠ ᠰᠡᠷᠭᠡᠶᠢᠯᠡᠬᠦ ᠬᠡᠷᠡᠭᠲᠡᠢ᠃
ᠢᠷᠡᠯᠲᠡ᠄ ᠦᠪᠦᠷ ᠮᠣᠩᠭᠤᠯ ᠤᠨ ᠲᠠᠷᠢᠶᠠᠯᠠᠩ ᠮᠠᠯ ᠠᠵᠤ ᠠᠬᠤᠢ ᠪᠠ ᠬᠦᠳᠡᠭᠡ ᠲᠤᠰᠬᠤᠨ ᠮᠠᠯᠵᠢᠬᠤ ᠤᠷᠤᠨ ᠤ ᠲᠢᠩᠬᠢᠮ