3 ᠰᠠᠷ᠎ᠠ ᠶᠢᠨ 31 ᠤ ᠡᠳᠦᠷ᠂ ᠬᠤᠰᠢᠭᠤᠨ ᠤ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠣᠩᠭᠤᠨ ᠢ ᠴᠡᠭᠴᠡᠯᠡᠨ ᠵᠠᠰᠠᠵᠤ ᠰᠠᠭᠤᠷᠢ ᠶᠢ ᠪᠠᠬᠢᠵᠢᠭᠦᠯᠬᠦ | ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠪᠠᠶᠢᠷᠢᠯᠠᠭᠤᠯᠤᠯᠲᠠ ᠶᠢᠨ ᠬᠤᠷᠠᠯ ᠢ ᠨᠠᠮ ᠵᠠᠰᠠᠭ ᠤᠨ ᠠᠵᠢᠯᠯᠠᠬᠤ ᠠᠰᠠᠷ ᠤᠨ ᠨᠢᠭᠡᠳᠦᠭᠡᠷ | ᠳᠠᠪᠬᠤᠷᠭ᠎ᠠ ᠶᠢᠨ ᠬᠤᠷᠠᠯ ᠤᠨ ᠬᠡᠷ ᠲᠤ ᠬᠤᠷᠠᠯᠳᠤᠵᠤ᠂ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠵᠧᠤ ᠬᠠᠶ ᠯᠢᠩ ᠬᠤᠷᠠᠯ ᠳᠤ ᠣᠷᠣᠯᠴᠠᠪᠠ᠃ | ᠬᠤᠷᠠᠯ ᠠᠴᠠ ︽ᠥᠪᠡᠷᠲᠡᠭᠡᠨ ᠵᠠᠰᠠᠬᠤ ᠣᠷᠣᠨ ᠤ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠣᠩᠭᠤᠨ ᠢ ᠴᠡᠭᠴᠡᠯᠡᠨ ᠵᠠᠰᠠᠵᠤ ᠰᠠᠭᠤᠷᠢ ᠶᠢ | ᠪᠠᠬᠢᠵᠢᠭᠦᠯᠬᠦ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ︾ ᠪᠣᠯᠤᠨ ︽ᠰᠢᠨ᠎ᠡ ᠪᠠᠷᠭᠤ ᠪᠠᠷᠠᠭᠤᠨ ᠬᠤᠰᠢᠭᠤᠨ ᠤ ᠲᠣᠭᠲᠠᠭᠠᠯ ᠠᠴᠠ | ᠵᠥᠷᠢᠴᠡᠨ ᠪᠠᠶᠢᠭᠤᠯᠤᠭᠰᠠᠨ ᠣᠩᠭᠤᠨ ᠢ ᠴᠡᠭᠴᠡᠯᠡᠨ ᠵᠠᠰᠠᠵᠤ ᠰᠠᠭᠤᠷᠢ ᠶᠢ ᠪᠠᠬᠢᠵᠢᠭᠦᠯᠬᠦ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠲᠥᠰᠦᠯ ︵ | ᠬᠢᠨᠠᠨ ᠵᠥᠪᠯᠡᠬᠦ ᠨᠣᠤᠷᠠᠭ︶︾ ᠢ ᠤᠯᠠᠮᠵᠢᠯᠠᠵᠤ᠂ ᠪᠥᠬᠦ ᠬᠤᠰᠢᠭᠤᠨ ᠤ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠣᠩᠭᠤᠨ ᠢ ᠴᠡᠭᠴᠡᠯᠡᠨ ᠵᠠᠰᠠᠬᠤ ᠠᠵᠢᠯ ᠢ | ᠥᠷᠨᠢᠭᠦᠯᠦᠭᠰᠡᠨ ᠪᠠᠶᠢᠳᠠᠯ ᠢ ᠮᠡᠳᠡᠭᠳᠡᠵᠦ᠂ ᠡᠯ᠎ᠡ ᠰᠤᠮᠤ ᠪᠠᠯᠭᠠᠰᠤ ᠵᠢᠴᠢ ᠬᠠᠮᠢᠶ᠎ᠠ ᠪᠥᠬᠦᠶ ᠰᠠᠯᠠᠭ᠎ᠠ ᠮᠥᠴᠢᠷ ᠣᠪᠣᠷ ᠢᠶᠠᠨ ᠢᠯᠡᠳᠬᠡᠬᠦ ᠦᠭᠡ ᠬᠡᠯᠡᠪᠡ᠃ | ᠬᠤᠷᠠᠯ ᠠᠴᠠ᠂ ᠡᠯ᠎ᠡ ᠰᠤᠮᠤ ᠪᠠᠯᠭᠠᠰᠤ᠂ ᠰᠠᠯᠠᠭ᠎ᠠ ᠮᠥᠴᠢᠷ ᠤᠳ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ ᠣᠩᠭᠤᠨ ᠢ ᠴᠡᠭᠴᠡᠯᠡᠨ ᠵᠠᠰᠠᠬᠤ ᠠᠵᠢᠯ ᠢ | ᠥᠷᠨᠢᠭᠦᠯᠬᠦ ᠶᠢᠨ ᠴᠢᠬᠤᠯᠠ ᠴᠢᠨᠠᠷ ᠪᠠ ᠲᠤᠯᠭᠠᠮ᠎ᠠ ᠴᠢᠨᠠᠷ ᠢ ᠭᠦᠢᠴᠡᠳ ᠲᠠᠨᠢᠵᠤ᠂ ᠬᠠᠷᠢᠶ᠎ᠠ ᠣᠷᠣᠨ ᠳᠠᠬᠢ ᠲᠣᠭᠲᠠᠭᠠᠯ ᠠᠴᠠ ᠵᠥᠷᠢᠴᠡᠨ ᠪᠠᠶᠢᠭᠤᠯᠤᠭᠰᠠᠨ | ᠣᠩᠭᠤᠨ ᠢ ᠵᠢᠭᠰᠠᠭᠠᠨ ᠪᠠᠶᠢᠴᠠᠭᠠᠬᠤ ᠪᠠ ᠴᠡᠭᠴᠡᠯᠡᠨ ᠵᠠᠰᠠᠬᠤ ᠠᠵᠢᠯ ᠢ ᠬᠢᠨᠠᠮᠠᠭᠠᠶ ᠵᠣᠬᠢᠶᠠᠨ ᠪᠠᠶᠢᠭᠤᠯᠤᠨ ᠬᠡᠷᠡᠭᠵᠢᠭᠦᠯᠬᠦ ᠬᠡᠷᠡᠭᠲᠡᠶ᠃ ᠠᠷᠭ᠎ᠠ ᠬᠡᠯᠪᠡᠷᠢ ᠶᠢ ᠠᠩᠬᠠᠷᠴᠤ | ᠂ ᠤᠯᠠᠨ ᠲᠦᠮᠡᠨ ᠤ ᠬᠠᠶᠢᠷ᠎ᠠ ᠰᠡᠳᠬᠢᠯᠭᠡ ᠪᠠ ᠪᠣᠳᠠᠲᠠᠢ ᠬᠦᠴᠢᠷᠳᠡᠯ ᠢ ᠨᠢ ᠭᠦᠢᠴᠡᠳ ᠪᠣᠳᠣᠯᠬᠢᠯᠠᠵᠤ᠂ ᠤᠯᠠᠨ ᠲᠦᠮᠡᠨ ᠢ ᠲᠠᠶᠢᠴᠢᠯᠠᠨ ᠥᠪᠡᠷ ᠢᠶᠠᠨ ᠴᠡᠭᠴᠡᠯᠡᠨ | ᠵᠠᠰᠠᠬᠤ ᠪᠠᠷ ᠭᠤᠣᠯ ᠪᠣᠯᠭᠠᠬᠤ ᠬᠡᠷᠡᠭᠲᠡᠢ᠃ ᠣᠷᠣᠰᠢᠭᠤᠯᠭ᠎ᠠ ᠶᠢᠨ ᠥᠭᠡᠷᠡᠴᠢᠯᠡᠯᠲᠡ ᠶᠢᠨ ᠲᠡᠷᠢᠭᠦᠨ ᠤ ᠨᠡᠶᠢᠲᠡᠯᠢᠭ ᠵᠢᠱᠢᠶ᠎ᠡ ᠪᠠ ᠠᠮᠵᠢᠯᠲᠠ ᠲᠠᠢ ᠲᠤᠷᠰᠢᠯᠭ᠎ᠠ ᠶᠢ | ᠭᠦᠨᠵᠡᠭᠡᠢ ᠤᠬᠠᠭᠤᠯᠵᠤ᠂ ᠤᠯᠠᠨ ᠲᠦᠮᠡᠨ ᠢ ᠬᠦᠳᠦᠯᠦᠨ ᠵᠢᠯᠣᠭᠤᠳᠴᠤ ᠪᠠᠶᠢᠭᠠᠳ ᠲᠣᠭᠲᠠᠭᠠᠯ ᠠᠴᠠ ᠵᠦᠷᠢᠴᠡᠭᠰᠡᠨ ᠣᠷᠣᠰᠢᠭᠤᠯᠭ᠎ᠠ ᠶᠢᠨ ᠠᠵᠢᠯᠯᠠᠭ᠎ᠠ | ᠦᠷᠨᠢᠭᠦᠯᠬᠦ ᠶᠢ ᠤᠬᠠᠮᠰᠠᠷ ᠠᠴᠠ ᠪᠠᠨ ᠡᠰᠡᠷᠭᠦᠴᠡᠵᠦ᠂ ᠪᠣᠯᠪᠠᠰᠤᠨ ᠣᠷᠣᠰᠢᠭᠤᠯᠭ᠎ᠠ ᠶᠢᠨ ᠰᠢᠨ᠎ᠡ ᠰᠤᠷᠲᠠᠯ ᠢ ᠪᠤᠢ ᠪᠣᠯᠭᠠᠵᠤ᠂ ᠬᠡᠪ ᠵᠠᠩᠰᠢᠯ ᠢ ᠥᠭᠡᠷᠡᠴᠢᠯᠡᠬᠦ᠂ | ᠪᠣᠯᠪᠠᠰᠤᠨ ᠣᠷᠣᠰᠢᠭᠤᠯᠭ᠎ᠠ ᠶᠢᠨ ᠣᠶᠢᠯᠠᠭᠠᠭᠳᠠᠬᠤᠨ ᠢ ᠬᠥᠮᠦᠰ ᠤᠨ ᠰᠡᠳᠬᠢᠯ ᠳᠤ ᠬᠠᠳᠠᠩᠰᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | | | |