ᠣᠶᠢᠷ᠎ᠠ ᠶᠢᠨ ᠡᠳᠦᠷ᠂ ᠬᠤᠰᠢᠭᠤᠨ ᠤ ᠲᠠᠷᠢᠶᠠᠯᠠᠩ ᠮᠠᠯ ᠠᠵᠤ ᠠᠬᠤᠶ ᠪᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠲᠣᠪᠴᠢᠶᠠᠨ ᠤ ︽ᠠᠵᠢᠨᠠᠢ︾ | ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠢᠯᠡᠴᠢᠯᠡᠭᠡᠨ ᠤ ᠠᠩᠭᠢ ᠪᠥᠬᠦ ᠬᠤᠰᠢᠭᠤᠨ ᠤ ᠡᠯ᠎ᠡ ᠰᠤᠮᠤ ᠪᠠᠯᠭᠠᠰᠤᠨ ᠳᠤ ᠭᠦᠨᠵᠡᠭᠡᠶᠢᠷᠡᠨ | ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠵᠢᠭᠠᠨ ᠵᠢᠯᠣᠭᠤᠳᠬᠤ ᠠᠵᠢᠯ ᠥᠷᠨᠢᠭᠦᠯᠵᠦ᠂ ᠮᠠᠯᠴᠢᠳ ᠤᠨ ᠲᠥᠯ ᠲᠤᠰᠴᠤ ᠪᠤᠶᠢᠵᠢᠭᠤᠯᠬᠤ | ᠠᠵᠢᠯ ᠤᠨ ᠬᠢᠷᠢ ᠲᠦᠪᠰᠢᠨ ᠢ ᠳᠡᠭᠡᠭᠰᠢᠯᠡᠭᠦᠯᠦᠨ᠂ ᠮᠠᠯ ᠠᠵᠤ ᠠᠬᠤᠶ ᠳᠤ ᠲᠤᠰᠠ ᠳᠡᠮᠵᠢᠯᠭᠡ ᠦᠵᠡᠭᠦᠯᠪᠡ᠃ | | | | ᠮᠠᠯᠴᠢᠨ ᠪᠤᠶᠠᠨᠳᠡᠯᠭᠡᠷ ᠤᠨ ᠬᠡᠷ ᠲᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠲᠤᠰᠬᠠᠶ ᠮᠡᠷᠭᠡᠵᠢᠯ ᠤᠨ ᠠᠷᠢᠭᠤᠳᠬᠠᠬᠤ | ᠲᠥᠬᠦᠭᠡᠷᠦᠮᠵᠢ ᠪᠠᠷ ᠬᠠᠰᠢᠶ᠎ᠠ ᠰᠠᠷᠠᠪᠴᠢ ᠶᠢ ᠨᠢ ᠪᠥᠬᠦ ᠲᠠᠯ᠎ᠠ ᠪᠠᠷ ᠠᠷᠢᠭᠤᠳᠬᠠᠬᠤ ᠶᠢᠨ ᠬᠠᠮᠲᠤ᠂ ᠮᠠᠯᠴᠢᠳ ᠲᠤ ︽ᠬᠢᠵᠢᠭ ᠢ ᠰᠡᠷᠭᠡᠶᠢᠯᠡᠬᠦ ᠤᠭᠤᠲᠠ︾ | ᠲᠠᠷᠬᠠᠭᠠᠵᠤ᠂ ᠬᠢᠵᠢᠭ ᠢ ᠰᠡᠷᠭᠡᠶᠢᠯᠡᠨ ᠡᠵᠡᠮᠳᠡᠬᠦ ᠪᠠ ᠲᠦᠯ ᠲᠤᠰᠴᠤ ᠪᠤᠶᠢᠵᠢᠭᠤᠯᠬᠤ ᠬᠠᠮᠢᠶ᠎ᠠ ᠪᠥᠬᠦᠶ ᠮᠡᠳᠡᠯᠭᠡ ᠶᠢ ᠤᠬᠠᠭᠤᠯᠵᠤ᠂ ᠲᠦᠯᠯᠡᠬᠦ ᠡᠬᠡ ᠮᠠᠯ ᠢ ᠠᠷᠠᠴᠢᠯᠠᠨ | ᠬᠠᠮᠢᠶᠠᠷᠬᠤ᠂ ᠬᠠᠰᠢᠶ᠎ᠠ ᠰᠠᠷᠠᠪᠴᠢ ᠶᠢ ᠳᠤᠯᠠᠭᠠᠯᠠᠬᠤ᠂ ᠪᠠᠶᠢᠩᠭᠤ ᠲᠣᠬᠢᠶᠠᠯᠳᠤᠳᠠᠭ ᠡᠪᠡᠳᠴᠢᠨ ᠬᠢᠵᠢᠭ ᠢ ᠰᠡᠷᠭᠡᠶᠢᠯᠡᠨ ᠵᠠᠰᠠᠬᠤ ᠵᠡᠷᠭᠡ ᠲᠠᠯ᠎ᠠ ᠪᠠᠷ ᠵᠢᠭᠠᠨ | ᠵᠢᠯᠣᠭᠤᠳᠴᠤ᠂ ᠮᠠᠯᠴᠢᠳ ᠤᠨ ᠰᠢᠨᠵᠢᠯᠡᠬᠦ ᠤᠬᠠᠭᠠᠨᠴᠢ ᠪᠠᠷ ᠬᠢᠵᠢᠭ ᠢ ᠰᠡᠷᠭᠡᠶᠢᠯᠡᠬᠦ ᠠᠷᠭ᠎ᠠ ᠶᠢ ᠡᠵᠡᠮᠰᠢᠬᠦ ᠶᠢ ᠦᠨᠡᠨᠬᠦ ᠪᠠᠲᠤᠯᠠᠪᠠ᠃ | ᠣᠶᠢᠯᠠᠭᠠᠭᠰᠠᠨ ᠢᠶᠠᠷ᠂ ︽ᠠᠵᠢᠨᠠᠢ︾ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠣᠨᠴᠠ ᠲᠣᠮᠢᠯᠠᠭᠳᠠᠭᠰᠠᠳ ᠤᠨ ᠦᠢᠯᠡᠴᠢᠯᠡᠭᠡᠨ ᠤ ᠠᠩᠭᠢ 13 | ᠤᠳᠠᠭ᠎ᠠ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢ ᠬᠥᠳᠡᠭᠡ ᠪᠠᠭᠤᠯᠭᠠᠬᠤ ᠦᠢᠯᠡᠴᠢᠯᠡᠭᠡᠨ ᠤ ᠠᠵᠢᠯᠯᠠᠭ᠎ᠠ ᠥᠷᠨᠢᠭᠦᠯᠵᠦ᠂ 42 ᠬᠤᠪᠢ ︽ᠬᠢᠵᠢᠭ ᠢ ᠰᠡᠷᠭᠡᠶᠢᠯᠡᠬᠦ | ᠪᠡᠯᠡᠭ︾ ᠲᠠᠷᠬᠠᠭᠠᠵᠤ᠂ ᠪᠥᠬᠦ ᠬᠤᠰᠢᠭᠤᠨ ᠤ 7 ᠰᠤᠮᠤ ᠪᠠᠯᠭᠠᠰᠤ ᠶᠢ ᠬᠠᠮᠤᠷᠴᠤ᠂ ᠮᠠᠯᠵᠢᠬᠤ ᠣᠷᠣᠨ ᠤ ᠬᠢᠵᠢᠭ ᠢ ᠰᠡᠷᠭᠡᠶᠢᠯᠡᠬᠦ ᠬᠢᠷᠢ ᠲᠦᠪᠰᠢᠨ ᠢ ᠪᠦᠲᠦᠮᠵᠢᠲᠡᠶ | ᠳᠡᠭᠡᠭᠰᠢᠯᠡᠭᠦᠯᠵᠦ᠂ ᠮᠠᠯᠴᠢᠳ ᠤᠨ ᠣᠷᠣᠯᠭ᠎ᠠ ᠶᠢ ᠨᠡᠮᠡᠭᠳᠡᠭᠦᠯᠦᠨ ᠪᠠᠶᠠᠵᠢᠭᠤᠯᠬᠤ ᠳᠤ ᠬᠦᠴᠦᠨ ᠨᠡᠮᠡᠷᠢᠯᠡᠵᠦ᠂ ᠪᠥᠬᠦ ᠬᠤᠰᠢᠭᠤᠨ ᠤ ᠮᠠᠯ ᠠᠵᠤ ᠠᠬᠤᠶ ᠶᠢᠨ ᠴᠢᠨᠠᠷ | ᠰᠠᠶᠢᠲᠠᠶ ᠬᠥᠭᠵᠢᠯᠲᠡ ᠳᠤ ᠪᠠᠲᠤ ᠪᠠᠬᠢ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠬᠠᠮᠠᠭᠠᠯᠠᠯᠲᠠ ᠶᠢᠨ ᠲᠣᠣᠷ︾ ᠢ ᠪᠠᠶᠢᠭᠤᠯᠪᠠ᠃ ᠲᠠᠷᠠᠭᠠᠴᠢ ᠶᠢᠨ | ᠠᠯᠬᠤᠮ ᠳᠤ᠂ ᠮᠠᠨ ᠤ ᠬᠤᠰᠢᠭᠤ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡᠨ ᠤ ᠵᠢᠭᠠᠨ ᠵᠢᠯᠣᠭᠤᠳᠬᠤ ᠠᠵᠢᠯ ᠢ ᠦᠷᠭᠦᠯᠵᠢᠯᠡᠨ ᠥᠷᠨᠢᠭᠦᠯᠵᠦ᠂ | ᠮᠠᠯᠴᠢᠳ ᠤᠨ ᠬᠡᠷᠡᠭᠴᠡᠭᠡ ᠱᠠᠭᠠᠷᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠢᠯᠡᠴᠢᠯᠡᠭᠡ ᠶᠢ ᠮᠠᠯ ᠠᠵᠤ | ᠠᠬᠤᠶ ᠶᠢᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ | ᠦᠢᠯᠡᠴᠢᠯᠡᠭᠡ ᠪᠠᠷ ᠮᠠᠯᠵᠢᠬᠤ ᠣᠷᠣᠨ ᠢ ᠬᠥᠭᠵᠢᠭᠦᠯᠦᠨ ᠮᠠᠨᠳᠤᠭᠤᠯᠬᠤ ᠶᠢᠨ ᠬᠤᠷᠳᠤᠴᠠ ᠶᠢ ᠲᠦᠷᠭᠡᠳᠭᠡᠨ᠎ᠡ᠃ | | |