ᠡᠯ᠎ᠡ ᠠᠶᠢᠮᠠᠭ ᠬᠤᠲᠠ ᠶᠢᠨ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠣᠪᠴᠢᠶ᠎ᠠ ︵ᠠᠭᠤᠷᠬᠠᠶ ᠶᠢᠨ ᠠᠮᠤᠷ ᠲᠦᠪᠰᠢᠨ ᠤ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ︶᠂ ᠤᠯᠤᠰ ᠤᠨ ᠠᠭᠤᠷᠬᠠᠶ ᠶᠢᠨ ᠠᠮᠤᠷ ᠲᠦᠪᠰᠢᠨ ᠤ ᠬᠢᠨᠠᠨ ᠪᠠᠶᠢᠴᠠᠭᠠᠬᠤ ᠲᠣᠪᠴᠢᠶ᠎ᠠ ᠶᠢᠨ ᠥᠪᠥᠷ ᠮᠣᠩᠭᠤᠯ ᠤᠨ | ᠲᠣᠪᠴᠢᠶ᠎ᠠ ᠶᠢᠨ ᠡᠯ᠎ᠡ ᠬᠠᠤᠯᠢ ᠬᠡᠷᠡᠭᠵᠢᠭᠦᠯᠬᠦ ᠭᠠᠵᠠᠷ᠄ | ᠪᠦᠬᠦ ᠣᠷᠣᠨ ᠤ ᠨᠡᠭᠦᠷᠡᠰᠦᠨ ᠠᠭᠤᠷᠬᠠᠶ ᠶᠢᠨ ᠠᠶᠤᠯ ᠦᠭᠡᠶ ᠦᠢᠯᠡᠳᠪᠦᠷᠢᠯᠡᠯ ᠤᠨ ᠰᠠᠭᠤᠷᠢ ᠪᠦᠲᠦᠭᠡᠨ ᠪᠠᠶᠢᠭᠤᠯᠤᠯᠲᠠ ᠶᠢ ᠴᠢᠩᠭᠠᠳᠬᠠᠬᠤ ᠶᠢᠨ ᠲᠤᠰᠠᠳᠠ᠂ | ᠨᠡᠭᠦᠷᠡᠰᠦᠨ ᠠᠭᠤᠷᠬᠠᠶ ᠶᠢᠨ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ ᠧᠮᠵᠢ ᠶᠢᠨ ᠪᠠᠶᠢᠴᠠᠭᠠᠵᠤ ᠬᠢᠨᠠᠨ ᠰᠢᠯᠭᠠᠬᠤ | ᠠᠵᠢᠯ ᠢ ᠵᠢᠷᠤᠮᠵᠢᠭᠤᠯᠬᠤ ᠬᠡᠷᠡᠭᠲᠡᠶ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠠᠯᠪᠠᠨ ᠲᠢᠩᠬᠢᠮ ᠥᠪᠡᠷᠲᠡᠭᠡᠨ ᠵᠠᠰᠠᠬᠤ | ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠠᠵᠢᠯ ᠢ ᠤᠯᠠᠮ ᠨᠢᠭᠡ ᠠᠯᠬᠤᠮ | ᠴᠢᠩᠭᠠᠳᠬᠠᠬᠤ ᠲᠤᠬᠠᠢ ᠬᠡᠷᠡᠭᠵᠢᠭᠦᠯᠬᠦ ᠰᠠᠨᠠᠯ︾ ︵ᠥᠪᠥᠷ ᠨᠠᠮ ᠠᠯᠪᠠᠨ ᠲᠠᠷᠬᠠᠭᠠᠭᠰᠠᠨ ︹2024︺ 10 ᠳ᠋ᠤᠭᠠᠷ ᠲᠣᠭᠠᠲᠤ︶ ᠪᠠ ᠠᠭᠤᠷᠬᠠᠶ ᠶᠢᠨ ᠠᠶᠤᠯ | ᠥᠬᠡᠶ ᠦᠢᠯᠡᠳᠪᠦᠷᠢᠯᠡᠯ ᠤᠨ ᠦᠨᠳᠦᠰᠦ ᠠᠴᠠ ᠨᠢ ᠵᠠᠰᠠᠵᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ︵2024 — 2026︶ ᠶᠢᠨ ᠡᠭᠦᠷᠭᠡ ᠶᠢ | ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠂ ᠤᠯᠤᠰ ᠤᠨ ᠠᠭᠤᠷᠬᠠᠢ ᠶᠢᠨ ᠠᠶᠤᠯᠭᠦᠢ ᠶᠢ ᠬᠢᠨᠠᠨ ᠪᠠᠶᠢᠴᠠᠭᠠᠬᠤ ᠲᠣᠪᠴᠢᠶ᠎ᠠ ᠶᠢᠨ ᠳᠠᠷᠤᠮᠠᠯᠯᠠᠨ ᠲᠠᠷᠬᠠᠭᠠᠭᠰᠠᠨ ︽ | ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠢ ᠬᠢᠨᠠᠨ ᠰᠢᠯᠭᠠᠵᠤ ᠲᠡᠰ ᠲᠣᠭᠲᠠᠭᠠᠬᠤ | ᠠᠷᠭ᠎ᠠ︾ ᠪᠠ ︽ᠨᠡᠭᠦᠷᠡᠰᠦᠨ ᠠᠭᠤᠷᠬᠠᠢ ᠶᠢᠨ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠤᠨ ᠦᠨᠳᠦᠰᠦᠨ | ᠱᠠᠭᠠᠷᠳᠠᠯᠭ᠎ᠠ ᠵᠢᠴᠢ ᠬᠤᠪᠢ ᠲᠣᠭᠲᠠᠭᠠᠬᠤ ᠠᠷᠭ᠎ᠠ︾ ︵ᠠᠭᠤᠷᠬᠠᠢ ᠶᠢᠨ ᠠᠶᠤᠯᠭᠦᠢ ︹2024︺ 109 ᠳ᠋ᠦ᠋ᠭᠡᠷ ᠲᠣᠭᠠᠲᠤ︶ ᠶᠢ ᠦᠨᠳᠦᠰᠦᠯᠡᠨ᠂ ᠨᠡᠭᠦᠷᠡᠰᠦᠨ | ᠠᠭᠤᠷᠬᠠᠶ ᠶᠢᠨ ᠠᠶᠤᠯ ᠥᠬᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠶᠢᠭᠤᠯᠤᠯᠲᠠ ᠶᠢ ᠤᠯᠠᠮ ᠨᠢᠭᠡ ᠠᠯᠬᠤᠮ | ᠴᠢᠩᠭᠠᠳᠬᠠᠬᠤ ᠬᠤᠯᠪᠣᠭᠳᠠᠯ ᠪᠥᠬᠦᠶ ᠤᠴᠢᠷ ᠢ ᠡᠳᠦᠭᠡ ᠳᠤᠤᠷᠠᠬᠢ ᠮᠡᠲᠦ ᠮᠡᠳᠡᠭᠳᠡᠪᠡ᠃ | ᠨᠢᠭᠡ᠂ ᠨᠡᠭᠦᠷᠡᠰᠦᠨ ᠠᠭᠤᠷᠬᠠᠶ ᠶᠢᠨ ᠠᠶᠤᠯ ᠥᠬᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ | ᠪᠠᠶᠢᠭᠤᠯᠤᠯᠲᠠ ᠶᠢᠨ ᠭᠤᠤᠯ ᠴᠣᠭᠴᠠ ᠶᠢᠨ ᠬᠠᠷᠢᠭᠤᠴᠠᠯᠭ᠎ᠠ ᠶᠢ ᠴᠢᠩᠭᠠᠷᠠᠭᠤᠯᠤᠨ ᠨᠠᠶᠢᠳᠠᠪᠤᠷᠢᠵᠢᠭᠤᠯᠤᠨ᠎ᠠ᠃ ᠡᠯ᠎ᠡ ᠭᠠᠵᠠᠷ ᠣᠷᠣᠨ᠂ ᠡᠯ᠎ᠡ ᠨᠡᠭᠦᠷᠡᠰᠦᠨ | ᠠᠭᠤᠷᠬᠠᠶ ᠶᠢᠨ ᠠᠵᠤ ᠠᠬᠤᠶᠢᠯᠠᠯ ᠤᠳ ᠨᠡᠭᠦᠷᠡᠰᠦᠨ ᠠᠭᠤᠷᠬᠠᠶ ᠶᠢᠨ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ | ᠰᠢᠰᠲ᠋ᠧᠮᠵᠢ ᠶᠢᠨ ᠪᠠᠶᠢᠭᠤᠯᠤᠯᠲᠠ ᠶᠢ ᠲᠦᠯᠬᠢᠨ ᠠᠬᠢᠭᠤᠯᠬᠤ ᠪᠣᠯ ᠶᠡᠷᠦᠩᠬᠡᠶ ᠱᠦᠵᠢ ᠰᠢ ᠶᠢᠨ ᠫᠢᠩ ᠤᠨ ᠠᠶᠤᠯ ᠦᠭᠡᠶ ᠦᠢᠯᠡᠳᠪᠦᠷᠢᠯᠡᠯ ᠤᠨ ᠲᠤᠬᠠᠶ ᠴᠢᠬᠤᠯᠠ | ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ ᠶᠢ ᠲᠤᠤᠱᠯᠠᠭᠤᠯᠤᠨ ᠨᠠᠶᠢᠳᠠᠪᠤᠷᠢᠵᠢᠭᠤᠯᠬᠤ ᠪᠣᠳᠠᠲᠠᠶ ᠦᠢᠯᠡᠳᠦᠯᠭᠡ ᠪᠣᠯᠬᠤ᠂ ᠨᠡᠭᠦᠷᠡᠰᠦᠨ ᠠᠭᠤᠷᠬᠠᠶ ᠶᠢᠨ | ᠲᠤᠬᠠᠶ ᠶᠢᠨ ᠲᠠᠯᠠᠪᠠᠶ ᠶᠢᠨ ᠬᠠᠮᠢᠶᠠᠷᠤᠯᠲᠠ ᠶᠢᠨ ᠬᠢᠷᠢ ᠬᠡᠮᠵᠢᠶ᠎ᠡ ᠶᠢ ᠳᠡᠭᠡᠭᠰᠢᠯᠡᠭᠦᠯᠬᠦ᠂ ᠨᠡᠭᠦᠷᠡᠰᠦᠨ ᠠᠭᠤᠷᠬᠠᠶ ᠶᠢᠨ ᠦᠢᠯᠡᠳᠪᠦᠷᠢᠯᠡᠯ ᠤᠨ ᠠᠶᠤᠯ ᠦᠭᠡᠶ ᠶᠢᠨ ᠠᠳᠡᠯ ᠢ | ᠰᠡᠷᠭᠡᠶᠢᠯᠡᠬᠦ ᠪᠠ ᠪᠠᠭᠠᠰᠬᠠᠬᠤ ᠪᠦᠲᠦᠮᠵᠢᠲᠡᠶ ᠠᠷᠭ᠎ᠠ ᠬᠡᠮᠵᠢᠶ᠎ᠡ ᠪᠣᠯᠬᠤ ᠶᠢ ᠭᠦᠨᠵᠡᠭᠡᠶ ᠲᠠᠨᠢᠵᠤ᠂ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ | ᠬᠠᠮᠢᠶᠠᠷᠤᠯᠲᠠ ᠶᠢᠨ ᠰᠢᠰᠲ᠋ᠧᠮᠵᠢ ᠶᠢᠨ ᠪᠠᠷᠢᠮᠵᠢᠶ᠎ᠠ ᠳᠤ ᠬᠦᠷᠦᠭᠦᠯᠬᠦ ᠶᠢ ᠡᠭᠦᠳᠦᠨ ᠪᠠᠶᠢᠭᠤᠯᠬᠤ ᠠᠵᠢᠯ ᠥᠷᠨᠢᠭᠦᠯᠬᠦ ᠶᠢ ᠢᠳᠡᠪᠬᠢᠲᠡᠶ ᠪᠠᠷ ᠲᠦᠯᠬᠢᠨ ᠠᠬᠢᠭᠤᠯᠬᠤ | ᠬᠡᠷᠡᠭᠲᠡᠶ᠃ ᠡᠯ᠎ᠡ ᠠᠵᠤ ᠠᠬᠤᠶᠢᠯᠠᠯ ᠤᠨ ᠭᠤᠤᠯ ᠬᠠᠷᠢᠭᠤᠴᠠᠯᠭᠠᠲᠠᠨ ᠨᠢ ᠪᠡᠶ᠎ᠡ ᠪᠠᠷ ᠢᠶᠠᠨ ᠲᠥᠯᠥᠪᠵᠢᠭᠦᠯᠵᠦ᠂ ᠪᠥᠬᠦ ᠶᠠᠪᠤᠴᠠ ᠪᠠᠷ ᠣᠷᠣᠯᠴᠠᠨ᠂ ᠲᠤᠰᠬᠠᠶ | ᠠᠵᠢᠯᠲᠠᠨ ᠲᠣᠬᠢᠷᠠᠭᠤᠯᠵᠤ᠂ ᠲᠣᠭᠲᠠᠮᠠᠯ ᠬᠤᠭᠤᠴᠠᠭ᠎ᠠ ᠲᠠᠢ ᠪᠠᠷ ᠲᠤᠰᠬᠠᠶ ᠪᠣᠯᠪᠠᠰᠤᠷᠠᠭᠤᠯᠤᠯ ᠥᠷᠨᠢᠭᠦᠯᠦᠨ᠂ ᠠᠶᠤᠯ ᠥᠬᠡᠶ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠡᠯ᠎ᠡ ᠬᠦᠴᠦᠨ ᠵᠦᠢᠯ᠂ ᠡᠯ᠎ᠡ ᠲᠤᠰᠬᠠᠶ ᠮᠡᠷᠭᠡᠵᠢᠯ ᠤᠨ ᠬᠠᠮᠢᠶᠠᠷᠤᠯᠲᠠ ᠶᠢ ᠰᠠᠶᠢᠲᠤᠷ ᠠᠳᠬᠤᠵᠤ᠂ | ᠪᠡᠶ᠎ᠡ ᠪᠠᠨ ᠳᠠᠭᠠᠭᠠᠨ ᠠᠵᠢᠯᠯᠠᠬᠤ᠂ ᠦᠷᠭᠦᠯᠵᠢᠯᠡᠨ ᠰᠠᠶᠢᠵᠢᠷᠠᠭᠤᠯᠬᠤ ᠳᠣᠲᠣᠭᠠᠳᠤ ᠶᠢᠨ ᠲᠣᠭᠲᠠᠴᠠ ᠶᠢ ᠦᠨᠡᠨᠬᠦ ᠪᠤᠢ ᠪᠣᠯᠭᠠᠬᠤ ᠬᠡᠷᠡᠭᠲᠡᠶ᠃ ᠪᠤᠢ ᠪᠦᠬᠦᠢ ᠬᠠᠤᠯᠢ | ᠶᠣᠰᠣᠨ ᠤ ᠦᠢᠯᠡᠳᠪᠦᠷᠢᠯᠡᠯ ᠨᠡᠭᠦᠷᠡᠰᠦᠨ ᠠᠭᠤᠷᠬᠠᠢ ᠨᠢ ᠡᠷᠬᠡᠪᠰᠢ ᠠᠶᠤᠯᠭᠦᠢ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮ ᠤᠨ | ᠵᠡᠷᠭᠡ ᠳᠡᠰ ᠢ ᠤᠯᠬᠤ ᠬᠡᠷᠡᠭᠲᠡᠢ ︵3 ᠰᠠᠷ᠎ᠠ ᠶᠢᠨ ᠳᠣᠲᠣᠷ᠎ᠠ ᠡᠭᠦᠳᠡ ᠪᠠᠨ ᠬᠠᠭᠠᠵᠤ ᠤᠬᠤᠷᠢᠨ ᠭᠠᠷᠤᠭᠰᠠᠨ ᠨᠡᠭᠦᠷᠡᠰᠦᠨ ᠠᠭᠤᠷᠬᠠᠢ ᠡᠭᠦᠨ ᠳᠤ ᠪᠠᠭᠲᠠᠬᠤ ᠦᠭᠡᠢ︶ | ︔ ᠪᠠᠶᠢᠭᠤᠯᠵᠤ ᠪᠠᠶᠢᠭ᠎ᠠ ᠨᠡᠭᠦᠷᠡᠰᠦᠨ ᠠᠭᠤᠷᠬᠠᠶ ᠨᠢ ᠬᠠᠮᠲᠤᠷᠠᠨ ᠲᠤᠷᠰᠢᠨ ᠠᠵᠢᠯᠯᠠᠵᠤ ᠪᠠᠶᠢᠭ᠎ᠠ ᠬᠤᠭᠤᠴᠠᠭᠠᠨ ᠳᠤ ᠠᠶᠤᠯ ᠦᠭᠡᠶ ᠦᠢᠯᠡᠳᠪᠦᠷᠢᠯᠡᠯ ᠤᠨ | ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠳᠡᠰ ᠲᠣᠭᠲᠠᠭᠠᠬᠤ ᠶᠢ ᠭᠤᠶᠤᠴᠢᠯᠠᠵᠤ ᠪᠣᠯᠤᠨ᠎ᠠ︔ ᠦᠢᠯᠡᠳᠪᠦᠷᠢᠯᠡᠯ ᠵᠣᠭᠰᠣᠭᠰᠠᠨ ᠨᠡᠭᠦᠷᠡᠰᠦᠨ | ᠠᠭᠤᠷᠬᠠᠶ ︵ᠠᠶᠤᠯ ᠥᠬᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠲᠠᠰ ᠥᠬᠡᠶ︶ ᠨᠢ ᠦᠢᠯᠡᠳᠪᠦᠷᠢᠯᠡᠯ ᠢᠶᠠᠨ | ᠰᠡᠷᠭᠦᠭᠡᠵᠦ ᠰᠢᠯᠭᠠᠨ ᠠᠪᠬᠤ ᠠᠴᠠ ᠡᠮᠦᠨ᠎ᠡ᠂ ᠠᠶᠤᠯ ᠥᠬᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠲᠠᠰ | ᠲᠣᠭᠲᠠᠭᠠᠬᠤ ᠶᠢ ᠭᠤᠶᠤᠴᠢᠯᠠᠬᠤ ᠬᠡᠷᠡᠭᠲᠡᠶ᠃ | ᠬᠤᠶᠠᠷ᠂ ᠨᠡᠭᠦᠷᠡᠰᠦᠨ ᠠᠭᠤᠷᠬᠠᠶ ᠶᠢᠨ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ ᠰᠢᠰᠲ᠋ᠧᠮᠵᠢ ᠶᠢᠨ ᠬᠢᠨᠠᠨ | ᠰᠢᠯᠭᠠᠵᠤ ᠳᠡᠰ ᠲᠣᠭᠲᠠᠭᠠᠬᠤ ᠳᠡᠰ ᠳᠠᠷᠠᠭᠠᠯᠠᠯ ᠢ ᠵᠢᠷᠤᠮᠵᠢᠭᠤᠯᠬᠤ ᠬᠡᠷᠡᠭᠲᠡᠶ᠃ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠤᠭᠰᠠᠨ ᠬᠠᠮᠢᠶᠠᠷᠤᠯᠲᠠ ᠶᠢᠨ | ᠰᠢᠰᠲ᠋ᠧᠮᠵᠢ ᠶᠢᠨ ᠨᠢᠭᠡᠳᠦᠭᠡᠷ ᠳᠡᠰ ᠢᠶᠠᠷ ᠮᠡᠳᠡᠭᠦᠯᠦᠭᠰᠡᠨ ᠨᠡᠭᠦᠷᠡᠰᠦᠨ ᠠᠭᠤᠷᠬᠠᠶ ᠶᠢ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ | ᠬᠠᠮᠢᠶᠠᠷᠤᠯᠲᠠ ᠶᠢᠨ ᠲᠣᠪᠴᠢᠶ᠎ᠠ ᠠᠩᠬ᠎ᠠ ᠬᠢᠨᠠᠵᠤ ᠪᠠᠲᠤᠯᠠᠭᠰᠠᠨ ᠤ ᠳᠠᠷᠠᠭ᠎ᠠ᠂ ᠤᠯᠤᠰ ᠤᠨ ᠠᠭᠤᠷᠬᠠᠶ ᠶᠢᠨ ᠠᠶᠤᠯ ᠦᠭᠡᠶ ᠶᠢ ᠬᠢᠨᠠᠨ ᠪᠠᠶᠢᠴᠠᠭᠠᠬᠤ ᠲᠣᠪᠴᠢᠶ᠎ᠠ ᠳᠤ | ᠮᠡᠳᠡᠭᠦᠯᠦᠨ ᠬᠢᠨᠠᠨ ᠰᠢᠯᠭᠠᠵᠤ ᠳᠡᠰ ᠲᠣᠭᠲᠠᠭᠠᠬᠤ ᠶᠢ ᠵᠣᠬᠢᠶᠠᠨ ᠪᠠᠶᠢᠭᠤᠯᠤᠨ᠎ᠠ᠃ ᠬᠤᠶᠠᠳᠤᠭᠠᠷ ᠳᠡᠰ᠂ ᠭᠤᠷᠪᠠᠳᠤᠭᠠᠷ ᠳᠡᠰ ᠢᠶᠠᠷ ᠮᠡᠳᠡᠭᠦᠯᠦᠭᠰᠡᠨ ᠲᠥᠪ ᠤᠨ ᠠᠵᠤ | ᠠᠬᠤᠶᠢᠯᠠᠯ ᠤᠨ ᠨᠡᠭᠦᠷᠡᠰᠦᠨ ᠠᠭᠤᠷᠬᠠᠶ ︵ᠲᠥᠪ ᠤᠨ ᠠᠵᠤ ᠠᠬᠤᠶᠢᠯᠠᠯ ᠤᠨ ᠬᠤᠪᠢ ᠡᠵᠡᠯᠡᠬᠦ ᠬᠠᠷᠢᠴᠠᠯ ᠨᠢ 50 % ᠠᠴᠠ ᠶᠡᠭᠡ︶ ᠶᠢ ᠠᠶᠢᠮᠠᠭ ᠬᠤᠲᠠ ᠶᠢᠨ | ᠨᠡᠭᠦᠷᠡᠰᠦᠨ ᠠᠭᠤᠷᠬᠠᠶ ᠶᠢᠨ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠠᠩᠬ᠎ᠠ | ᠬᠢᠨᠠᠬᠤ ᠶᠢ ᠵᠣᠬᠢᠶᠠᠨ ᠪᠠᠶᠢᠭᠤᠯᠵᠤ᠂ ᠥᠪᠡᠷᠲᠡᠭᠡᠨ ᠵᠠᠰᠠᠬᠤ ᠣᠷᠣᠨ ᠤ ᠠᠭᠤᠷᠬᠠᠶ ᠶᠢᠨ ᠠᠶᠤᠯ ᠦᠭᠡᠶ ᠶᠢᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠬᠢᠨᠠᠨ | ᠰᠢᠯᠭᠠᠵᠤ ᠳᠡᠰ ᠲᠣᠭᠲᠠᠭᠠᠬᠤ ᠶᠢ ᠵᠣᠬᠢᠶᠠᠨ ᠪᠠᠶᠢᠭᠤᠯᠤᠨ᠎ᠠ᠃ ᠬᠤᠶᠠᠳᠤᠭᠠᠷ ᠳᠡᠰ᠂ ᠭᠤᠷᠪᠠᠳᠤᠭᠠᠷ ᠳᠡᠰ ᠢᠶᠠᠷ ᠮᠡᠳᠡᠭᠦᠯᠦᠭᠰᠡᠨ ᠪᠤᠰᠤᠳ ᠨᠡᠭᠦᠷᠡᠰᠦᠨ ᠠᠭᠤᠷᠬᠠᠶ ᠶᠢ | ᠬᠤᠰᠢᠭᠤ ᠰᠢᠶᠠᠨ ︵ᠬᠤᠲᠠ᠂ ᠲᠣᠭᠤᠷᠢᠭ︶ ᠤ ᠨᠡᠭᠦᠷᠡᠰᠦᠨ ᠠᠭᠤᠷᠬᠠᠶ ᠶᠢᠨ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠠᠴᠠ ᠠᠩᠬ᠎ᠠ ᠬᠢᠨᠠᠬᠤ ᠶᠢ ᠵᠣᠬᠢᠶᠠᠨ ᠪᠠᠶᠢᠭᠤᠯᠵᠤ᠂ ᠠᠶᠢᠮᠠᠭ ᠬᠤᠲᠠ ᠶᠢᠨ ᠨᠡᠭᠦᠷᠡᠰᠦᠨ ᠠᠭᠤᠷᠬᠠᠶ ᠶᠢᠨ ᠠᠶᠤᠯ ᠦᠭᠡᠶ | ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠠᠵᠢᠯ ᠤᠨ ᠭᠤᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠠᠴᠠ ᠬᠢᠨᠠᠨ ᠰᠢᠯᠭᠠᠵᠤ ᠳᠡᠰ ᠲᠣᠭᠲᠠᠭᠠᠬᠤ ᠶᠢ ᠵᠣᠬᠢᠶᠠᠨ | ᠪᠠᠶᠢᠭᠤᠯᠤᠨ᠎ᠠ᠃ ᠠᠶᠢᠮᠠᠭ ᠬᠤᠲᠠ ᠶᠢᠨ ᠨᠡᠭᠦᠷᠡᠰᠦᠨ ᠠᠭᠤᠷᠬᠠᠶ ᠶᠢᠨ ᠠᠶᠤᠯ ᠦᠭᠡᠶ ᠦᠢᠯᠡᠳᠪᠦᠷᠢᠯᠡᠯ ᠤᠨ ᠪᠠᠷᠢᠮᠵᠢᠶᠠᠵᠢᠭᠤᠯᠬᠤ ᠠᠵᠢᠯ ᠤᠨ ᠭᠤᠣᠯᠴᠢᠯᠠᠨ | ᠬᠠᠮᠢᠶᠠᠷᠬᠤ ᠰᠠᠯᠠᠭ᠎ᠠ ᠮᠥᠴᠢᠷ ᠤᠳ ᠬᠢᠨᠠᠨ ᠰᠢᠯᠭᠠᠵᠤ ᠳᠡᠰ ᠲᠣᠭᠲᠠᠭᠠᠬᠤ ᠡᠷᠬᠡ ᠮᠡᠳᠡᠯ ᠢ ᠳᠣᠷᠣᠭᠰᠢ ᠪᠠᠭᠤᠯᠭᠠᠬᠤ ᠪᠤᠶᠤ ᠨᠠᠶᠢᠳᠠᠵᠤ ᠪᠣᠯᠬᠤ ᠦᠭᠡᠶ᠃ | | |