ᠬᠡᠷᠦᠯᠦᠨ ᠰᠤᠮᠤ ᠶᠢᠨ ᠰᠠᠷᠠᠭᠤᠯ ᠭᠠᠴᠠᠭ᠎ᠠ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠪᠠᠨ ᠬᠤᠪᠢᠶᠠᠷᠢᠯᠠᠪᠠ
ᠨᠡᠶᠢᠲᠡᠯᠡᠭᠰᠡᠨ ᠴᠠᠭ᠄
2025/4/1
      ᠬᠠᠮᠲᠤ ᠶᠢᠨ ᠠᠵᠤ ᠠᠬᠤᠢ ᠡᠯᠪᠡᠭ ᠪᠦᠲᠦᠮᠵᠢ ᠣᠯᠵᠤ᠂ ᠮᠠᠯᠴᠢᠳ ᠬᠥᠭᠵᠢᠯᠲᠡ ᠶᠢᠨ ᠠᠰᠢᠭ ᠲᠤᠰᠠ ᠶᠢ ᠬᠠᠮᠲᠤ ᠪᠠᠷ ᠡᠳ᠋ᠯᠡᠨ᠎ᠡ᠃ 3 ᠰᠠᠷ᠎ᠠ ᠶᠢᠨ 30 ᠤ ᠡᠳᠦᠷ᠂ ᠬᠡᠷᠦᠯᠦᠨ ᠰᠤᠮᠤ ᠶᠢᠨ ᠰᠠᠷᠠᠭᠤᠯ ᠭᠠᠴᠠᠭ᠎ᠠ ᠬᠠᠮᠲᠤ ᠶᠢᠨ ᠠᠵᠤ ᠠᠬᠤᠢ ᠶᠢᠨ ᠠᠰᠢᠭ ᠣᠷᠣᠯᠭ᠎ᠠ ᠪᠠᠨ ᠬᠤᠪᠢᠶᠠᠷᠢᠯᠠᠬᠤ ᠮᠠᠯᠴᠢᠳ ᠤᠨ ᠶᠡᠭᠡ ᠬᠤᠷᠠᠯ ᠢ ᠬᠤᠷᠠᠯᠳᠤᠭᠤᠯᠵᠤ᠂ 96 ᠡᠷᠦᠬᠡ ᠶᠢᠨ ᠮᠠᠯᠴᠢᠨ ᠬᠠᠮᠲᠤ ᠶᠢᠨ ᠠᠵᠤ ᠠᠬᠤᠶ ᠶᠢᠨ ᠠᠰᠢᠭ ᠣᠷᠣᠯᠭ᠎ᠠ ᠶᠢ ᠬᠤᠪᠢᠶᠠᠷᠢᠯᠠᠵᠤ᠂ ᠥᠭᠡᠷᠡᠴᠢᠯᠡᠯᠲᠡ ᠬᠥᠭᠵᠢᠯᠲᠡ ᠶᠢᠨ ᠰᠠᠶᠢᠨ ᠰᠠᠶᠢᠬᠠᠨ ᠦᠷ᠎ᠡ ᠪᠦᠲᠦᠭᠡᠯ ᠢ ᠬᠠᠮᠲᠤ ᠪᠠᠷ ᠡᠳ᠋ᠯᠡᠪᠡ᠃
4.1分红1.jpg
      ᠠᠰᠢᠭ ᠣᠷᠣᠯᠭ᠎ᠠ ᠪᠠᠨ ᠬᠤᠪᠢᠶᠠᠷᠢᠯᠠᠬᠤ ᠲᠤᠬᠠᠶ ᠶᠢᠨ ᠲᠠᠯᠠᠪᠠᠶ ᠶᠢᠨ ᠠᠭᠤᠷ ᠠᠮᠢᠰᠬᠤᠯ ᠬᠥᠷ ᠬᠥᠭᠵᠢᠶᠡᠨ ᠢᠶᠠᠷ ᠪᠢᠯᠬᠠᠵᠤ᠂ ᠮᠠᠯᠴᠢᠳ ᠴᠤᠭᠯᠠᠷᠠᠨ ᠨᠢᠭᠡ ᠨᠢᠭᠡ ᠪᠠᠷ ᠳᠠᠩᠰᠠᠯᠠᠨ ᠲᠡᠮᠳᠡᠭᠯᠡᠵᠦ᠂ ᠭᠠᠷ ᠤᠨ ᠥᠰᠥᠭ ᠵᠢᠷᠤᠵᠤ᠂ ᠠᠰᠢᠭ ᠣᠷᠣᠯᠭ᠎ᠠ ᠪᠠᠨ ᠬᠤᠪᠢᠶᠠᠷᠢᠯᠠᠵᠤ᠂ ᠭᠠᠷ ᠲᠠᠬᠢ ᠵᠣᠭᠤᠰ ᠮᠦᠩᠭᠦ ᠪᠠᠨ ᠬᠠᠷᠠᠵᠤ᠂ ︽ᠭᠤᠷᠪᠠ ᠳᠤ ᠬᠤᠪᠢᠷᠠᠭᠤᠯᠬᠤ︾ ᠥᠭᠡᠷᠡᠴᠢᠯᠡᠯᠲᠡ ᠶᠢᠨ ᠲᠡᠳᠡᠨ ᠳᠤ ᠣᠯᠭᠤᠭᠰᠠᠨ ᠦᠨᠡᠨ ᠪᠣᠳᠠᠲᠠᠶ ᠠᠰᠢᠭ ᠲᠤᠰᠠ ᠶᠢ ᠮᠠᠭᠲᠠᠨ ᠰᠠᠶᠢᠰᠢᠶᠠᠵᠤ ᠪᠠᠶᠢᠪᠠ᠃ ᠣᠶᠢᠯᠠᠭᠠᠭᠰᠠᠨ ᠢᠶᠠᠷ᠂ ᠲᠣᠰ ᠤᠳᠠᠭᠠᠨ ᠤ ᠠᠰᠢᠭ ᠣᠷᠣᠯᠭ᠎ᠠ ᠶᠢᠨ ᠬᠤᠪᠢᠶᠠᠷᠢᠯᠠᠯᠲᠠ ᠳᠤ ᠬᠠᠮᠲᠤ ᠶᠢᠨ ᠠᠵᠤ ᠠᠬᠤᠶ ᠶᠢᠨ ᠣᠷᠣᠯᠭ᠎ᠠ ᠶᠢᠨ ᠶᠡᠷᠦᠩᠬᠡᠶ ᠲᠣᠭᠠᠨ ᠤ 70% ᠶᠢ ᠡᠷᠦᠬᠡ ᠪᠦᠷᠢ ᠳᠤ ᠳᠤᠮᠳᠠᠴᠢ ᠪᠠᠷ ᠬᠤᠪᠢᠶᠠᠷᠢᠯᠠᠬᠤ ᠵᠠᠷᠴᠢᠮ ᠢᠶᠠᠷ ᠲᠠᠷᠬᠠᠭᠠᠨ ᠥᠭᠴᠦ᠂ 96 ᠡᠷᠦᠬᠡ ᠠᠰᠢᠭ ᠬᠦᠷᠲᠡᠵᠦ᠂ ᠡᠷᠦᠬᠡ ᠪᠦᠷᠢ 1770 ᠲᠥᠭᠦᠷᠢᠭ ᠤᠨ ᠪᠡᠯᠡᠨ ᠮᠥᠩᠭᠦᠨ ᠤ ᠠᠰᠢᠭ ᠬᠦᠷᠲᠡᠭᠡᠪᠡ᠃      ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠪᠣᠯ ᠮᠠᠨ ᠤ ᠬᠤᠰᠢᠭᠤᠨ ᠤ ᠣᠳᠣᠬᠠᠨ ᠤ ᠭᠤᠤᠯᠳᠠᠯᠭ᠎ᠠ ᠲᠠᠢ ᠠᠵᠢᠯ ᠪᠣᠯᠤᠨ᠎ᠠ᠂ ᠲᠣᠰ ᠤᠳᠠᠭᠠᠨ ᠤ ᠠᠰᠢᠭ ᠣᠷᠣᠯᠭ᠎ᠠ ᠶᠢᠨ ᠬᠤᠪᠢᠶᠠᠷᠢᠯᠠᠯᠲᠠ ᠨᠢ ᠬᠡᠷᠦᠯᠦᠨ ᠰᠤᠮᠤ ᠶᠢᠨ ᠰᠠᠷᠠᠭᠤᠯ ᠭᠠᠴᠠᠭᠠᠨ ᠤ ᠥᠩᠭᠡᠷᠡᠭᠰᠡᠨ ᠨᠢᠭᠡ ᠵᠢᠯ ᠤᠨ ᠠᠵᠢᠯ ᠤᠨ ᠦᠷ᠎ᠡ ᠪᠦᠲᠦᠭᠡᠯ ᠢ ᠨᠤᠲᠠᠯᠠᠭᠰᠠᠨ ᠶᠠᠪᠤᠳᠠᠯ ᠪᠣᠯᠬᠤ ᠪᠠᠷ ᠪᠠᠷᠠᠬᠤ ᠥᠬᠡᠶ᠂ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠯ ᠠᠰᠢᠭ ᠲᠤᠰᠠ ᠶᠢ ᠲᠠᠰᠤᠷᠠᠯᠲᠠ ᠥᠬᠡᠶ ᠪᠠᠳᠠᠷᠠᠭᠤᠯᠬᠤ ᠶᠠᠪᠤᠴᠠ ᠭᠡᠳᠡᠭ ᠢ ᠨᠠᠩ ᠬᠠᠷᠠᠭᠤᠯᠵᠤ᠂ ᠮᠠᠯᠴᠢᠳ ᠲᠤ ᠬᠠᠮᠲᠤ ᠶᠢᠨ ᠠᠵᠤ ᠠᠬᠤᠶ ᠶᠢᠨ ᠬᠥᠭᠵᠢᠯᠲᠡ ᠶᠢᠨ ᠠᠰᠢᠭ ᠲᠤᠰᠠ ᠶᠢ ᠰᠢᠭᠤᠳ ᠮᠡᠳᠡᠷᠡᠭᠦᠯᠦᠨ᠂ ᠣᠯᠠᠨ ᠲᠦᠮᠡᠨ ᠤ ᠥᠭᠡᠷᠡᠴᠢᠯᠡᠯᠲᠡ ᠳᠤ ᠣᠷᠣᠯᠴᠠᠬᠤ ᠬᠠᠯᠠᠭᠤᠨ ᠰᠡᠳᠬᠢᠯᠭᠡ ᠪᠠ ᠢᠲᠡᠭᠡᠯ ᠵᠣᠷᠢᠭ ᠢ ᠪᠦᠲᠦᠮᠵᠢᠲᠡᠶ ᠬᠥᠭᠵᠢᠭᠡᠭᠰᠡᠨ ᠪᠠᠶᠢᠨ᠎ᠠ᠃ ᠳᠠᠷᠠᠭᠠᠴᠢ ᠶᠢᠨ ᠠᠯᠬᠤᠮ ᠳᠤ᠂ ᠬᠡᠷᠦᠯᠦᠨ ᠰᠤᠮᠤ ᠶᠢᠨ ᠰᠠᠷᠠᠭᠤᠯ ᠭᠠᠴᠠᠭ᠎ᠠ ︽ᠭᠤᠷᠪᠠ ᠶᠢ ᠬᠤᠪᠢᠷᠠᠭᠤᠯᠬᠤ︾ ᠥᠭᠡᠷᠡᠴᠢᠯᠡᠯᠲᠡ ᠪᠠᠷ ᠭᠠᠷᠳᠠᠨ ᠬᠢᠬᠦ ᠴᠡᠭ ᠪᠣᠯᠭᠠᠵᠤ ᠂ ᠡᠬᠢ ᠪᠠᠶᠠᠯᠢᠭ ᠤᠨ ᠳᠠᠪᠠᠭᠤᠯᠢᠭ ᠲᠤ ᠪᠠᠨ ᠰᠠᠭᠤᠷᠢᠯᠠᠵᠤ᠂ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠭᠤᠯᠬᠤ ᠰᠢᠨ᠎ᠡ ᠵᠠᠭᠪᠤᠷ ᠢ ᠢᠳᠡᠪᠬᠢᠲᠡᠢ ᠰᠦᠪᠡᠭᠴᠢᠯᠡᠨ᠂ ᠮᠠᠯ ᠠᠵᠤ ᠠᠬᠤᠢ ᠶᠢᠨ ᠠᠵᠤ ᠦᠢᠯᠡᠰ ᠤᠨ ᠪᠦᠲᠦᠴᠡ ᠶᠢ ᠰᠢᠯᠢᠳᠡᠭᠵᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠬᠠᠮᠲᠤ ᠶᠢᠨ ᠠᠵᠤ ᠠᠬᠤᠢ ᠶᠢᠨ ᠬᠡᠪᠴᠢᠶ᠎ᠡ ᠶᠢ ᠦᠷᠭᠦᠯᠵᠢᠯᠡᠨ ᠪᠤᠵᠠᠭᠠᠶᠢᠷᠠᠭᠤᠯᠵᠤ᠂ ᠤᠯᠠᠮᠵᠢᠯᠠᠯᠲᠤ ᠮᠠᠯ ᠠᠵᠤ ᠠᠬᠤᠢ ᠶᠢᠨ ᠣᠳᠣᠬᠢᠴᠢᠯᠠᠯᠲᠠ ᠶᠢᠨ ᠴᠢᠭᠯᠡᠯ ᠲᠡᠰᠢ ᠬᠡᠯᠪᠡᠷᠢ ᠪᠠᠨ ᠬᠤᠪᠢᠷᠠᠭᠤᠯᠬᠤ ᠶᠢ ᠠᠬᠢᠭᠤᠯᠵᠤ᠂ ᠮᠠᠯᠴᠢᠨ ᠲᠦᠮᠡᠨ ᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤᠮᠳᠠ ᠨᠡᠩ ᠤᠯᠠᠨ ᠬᠦᠷᠲᠡᠮᠵᠢ ᠶᠢᠨ ᠲᠦᠷᠦᠭᠳᠡᠯ᠂ ᠵᠣᠯ ᠵᠢᠷᠭᠠᠯᠲᠤ ᠲᠦᠷᠦᠭᠳᠡᠯ ᠪᠠ ᠠᠮᠤᠷ ᠲᠦᠪᠰᠢᠨ ᠤ ᠲᠦᠷᠦᠭᠳᠡᠯ ᠲᠠᠢ ᠪᠣᠯᠭᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ