ᠪᠦᠬᠦ ᠬᠤᠰᠢᠭᠤᠨ ᠤ ᠦᠷᠭᠡᠨ ᠤᠯᠠᠨ ᠮᠠᠯᠴᠢᠨ ᠲᠦᠮᠡᠨ ᠳᠤ ᠢᠯᠡᠭᠡᠬᠦ ᠨᠢᠭᠡᠨ ᠬᠤᠪᠢ ᠵᠠᠬᠢᠳᠠᠯ
ᠨᠡᠶᠢᠲᠡᠯᠡᠭᠰᠡᠨ ᠴᠠᠭ᠄
2025/4/10
ᠪᠦᠬᠦ ᠬᠤᠰᠢᠭᠤᠨ ᠤ ᠦᠷᠭᠡᠨ ᠤᠯᠠᠨ ᠮᠠᠯᠴᠢᠨ ᠨᠠᠶᠢᠵᠠ ᠨᠠᠷ ᠡ᠄      ᠲᠠ ᠪᠦᠬᠦᠨ ᠰᠠᠶᠢᠬᠠᠨ ᠬᠠᠪᠤᠷᠵᠢᠵᠤ ᠪᠠᠶᠢᠨ᠎ᠠ ᠤᠤ︕ ᠤᠷᠳᠤ ᠬᠤᠭᠤᠴᠠᠭᠠᠨ ᠤ ᠲᠤᠷᠰᠢ᠂ ᠲᠠ ᠨᠠᠷ ᠰᠢᠷᠭᠠᠭᠤ ᠬᠠᠲᠠᠭᠤᠵᠢᠯᠲᠠᠢ ᠪᠠᠷ ᠮᠠᠯ ᠤᠨᠤᠭ᠎ᠠ ᠪᠠᠨ ᠮᠠᠯᠵᠢᠵᠤ᠂ ᠮᠠᠨ ᠤ ᠬᠤᠰᠢᠭᠤᠨ ᠤ ᠮᠠᠯ ᠠᠵᠤ ᠠᠬᠤᠢ ᠶᠢᠨ ᠬᠥᠭᠵᠢᠯᠲᠡ ᠳᠤ ᠴᠢᠬᠤᠯᠠ ᠶᠡᠭᠡ ᠬᠤᠪᠢ ᠨᠡᠮᠡᠷᠢ ᠪᠠᠨ ᠦᠵᠡᠭᠦᠯᠦᠭᠰᠡᠭᠡᠷ ᠢᠷᠡᠭᠰᠡᠨ ᠶᠤᠮ᠃ ᠠᠳᠡ ᠲᠠ ᠨᠠᠷ ᠲᠤ ᠴᠢᠩ ᠰᠡᠳᠬᠢᠯ ᠤᠨ ᠲᠠᠯᠠᠷᠬᠠᠯ ᠢᠶᠠᠨ ᠳᠡᠪᠰᠢᠭᠦᠯᠵᠦ ᠪᠠᠶᠢᠨ᠎ᠠ︕ ᠭᠡᠪᠡᠴᠦ ᠣᠶᠢᠷ᠎ᠠ ᠶᠢᠨ ᠵᠢᠯ ᠳᠤ᠂ ᠠᠭᠤᠷ ᠠᠮᠢᠰᠬᠤᠯ ᠤᠨ ᠬᠤᠪᠢᠷᠠᠯᠲᠠ᠂ ᠵᠠᠬ᠎ᠠ ᠳᠡᠯᠭᠡᠭᠦᠷ ᠤᠨ ᠬᠡᠯᠪᠡᠯᠵᠡᠯ ᠵᠡᠷᠭᠡ ᠣᠯᠠᠨ ᠬᠦᠴᠦᠨ ᠵᠦᠢᠯ ᠤᠨ ᠨᠥᠯᠥᠭᠡ ᠵᠢᠴᠢ ᠥᠩᠭᠡᠷᠡᠭᠰᠡᠨ ᠳᠤ ᠵᠦᠶ ᠵᠣᠬᠢᠰ ᠥᠬᠡᠶ ᠠᠰᠢᠭᠯᠠᠬᠤ ᠪᠠᠶᠢᠳᠠᠯ ᠣᠷᠣᠰᠢᠵᠤ ᠪᠠᠶᠢᠭᠰᠠᠨ ᠠᠴᠠ ᠮᠠᠨ ᠤ ᠬᠤᠰᠢᠭᠤᠨ ᠤ ᠨᠤᠲᠤᠭ ᠪᠡᠯᠴᠢᠭᠡᠷ ᠲᠠᠴᠢᠷᠳᠠᠬᠤ᠂ ᠡᠯᠡᠰᠦᠷᠬᠡᠭᠵᠢᠬᠦ ᠵᠡᠷᠭᠡ ᠠᠰᠠᠭᠤᠳᠠᠯ ᠤᠯᠠᠮ ᠬᠦᠨᠳᠦ ᠨᠣᠴᠢᠲᠠᠶ ᠪᠣᠯᠵᠣ ᠪᠠᠶᠢᠬᠤ ᠶᠢ ᠪᠢᠳᠡ ᠡᠷᠬᠡᠪᠰᠢ ᠰᠡᠷᠭᠡᠭ ᠢᠶᠠᠷ ᠲᠠᠨᠢᠵᠤ ᠤᠯᠬᠤ ᠬᠡᠷᠡᠭᠲᠡᠶ᠃      2023 ᠣᠨ ᠤ 6 ᠰᠠᠷ᠎ᠠ ᠳᠤ᠂ ᠶᠡᠷᠦᠩᠬᠡᠢ ᠱᠦᠵᠢ ᠰᠢ ᠶᠢᠨ ᠫᠢᠩ ᠪᠠᠶᠠᠨᠨᠠᠭᠤᠷ ᠠᠶᠢᠮᠠᠭ ᠲᠤ ᠰᠢᠨᠵᠢᠯᠡᠨ ᠪᠠᠶᠢᠴᠠᠭᠠᠬᠤ ᠳᠠᠭᠠᠨ ︽ᠥᠪᠥᠷ ᠮᠣᠩᠭᠤᠯ ᠤᠨ ᠲᠠᠯ᠎ᠠ ᠨᠤᠲᠤᠭ ᠨᠢᠭᠡᠨᠲᠡ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠰᠠᠨ ᠪᠣᠯᠬᠤᠷ ᠠᠮᠤᠷᠵᠢᠭᠤᠯᠤᠨ ᠲᠡᠩᠬᠡᠷᠡᠭᠦᠯᠬᠦ ᠶᠢ ᠠᠩᠬᠠᠷᠬᠤ ᠬᠡᠷᠡᠭᠲᠡᠢ︾ ᠭᠡᠵᠦ ᠵᠢᠭᠠᠵᠤ ᠭᠠᠷᠭᠠᠪᠠ᠃ 2024 ᠣᠨ ᠳᠤ᠂ ᠮᠠᠨ ᠤ ᠬᠤᠰᠢᠭᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ 17 ᠲᠤᠷᠰᠢᠯᠲᠠ ᠶᠢᠨ ᠬᠤᠰᠢᠭᠤ ᠰᠢᠶᠠᠨ ᠤ ᠨᠢᠭᠡ ᠪᠣᠯᠪᠠ᠃ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠨᠤᠲᠤᠭ ᠪᠡᠯᠴᠢᠭᠡᠷ ᠤᠨ ᠨᠣᠭᠤᠭᠠᠷᠠᠭᠤᠯᠤᠯᠲᠠ ᠶᠢ ᠨᠡᠮᠡᠭᠳᠡᠭᠦᠯᠬᠦ᠂ ᠠᠵᠤ ᠦᠢᠯᠡᠰ ᠤᠨ ᠴᠢᠨᠠᠷ ᠴᠢᠨᠰᠠᠭ᠎ᠠ ᠶᠢ ᠳᠡᠭᠡᠭᠰᠢᠯᠡᠭᠦᠯᠬᠦ ᠪᠠ ᠮᠠᠯᠴᠢᠳ ᠤᠨ ᠣᠷᠣᠯᠭ᠎ᠠ ᠶᠢ ᠨᠡᠮᠡᠭᠳᠡᠭᠦᠯᠬᠦ ᠬᠠᠷᠠᠯᠲᠠ ᠶᠢ ᠪᠡᠶᠡᠯᠡᠭᠦᠯᠬᠦ ᠶᠢᠨ ᠲᠥᠯᠥᠭᠡ᠂ ᠪᠥᠬᠦ ᠬᠤᠰᠢᠭᠤᠨ ᠤ ᠥᠷᠭᠡᠨ ᠣᠯᠠᠨ ᠮᠠᠯᠴᠢᠨ ᠨᠠᠶᠢᠵᠠ ᠨᠠᠷ ᠲᠤ ᠣᠨᠴᠠᠭᠠᠶᠢᠯᠠᠨ ᠰᠠᠨᠠᠭᠠᠴᠢᠯᠠᠭ᠎ᠠ ᠭᠠᠷᠭᠠᠶ᠎ᠠ᠄      ᠨᠢᠭᠡ᠂ ᠨᠤᠲᠤᠭ ᠪᠡᠯᠴᠢᠭᠡᠷ ᠢᠶᠠᠨ ᠬᠠᠶᠢᠷᠠᠯᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ︽ᠤᠬᠠᠭᠤᠯᠤᠭᠴᠢ︾ ᠪᠣᠯᠬᠤ ᠪᠠᠷ ᠴᠢᠷᠮᠠᠶᠢᠶ᠎ᠠ      ᠲᠠᠯ᠎ᠠ ᠨᠤᠲᠤᠭ ᠪᠣᠯ ᠮᠠᠨ ᠤ ᠬᠡᠷ ᠣᠷᠣᠨ ᠪᠣᠯᠬᠤ ᠶᠤᠮ᠂ ᠪᠢᠳᠡᠨ ᠤ ᠣᠷᠣᠰᠢᠨ ᠲᠣᠭᠲᠠᠨᠢᠬᠤ ᠡᠬᠢ ᠪᠠᠶᠠᠯᠢᠭ ᠪᠣᠯᠬᠤ ᠶᠤᠮ᠂ ᠮᠠᠯᠴᠢᠨ ᠲᠦᠮᠡᠨ ᠪᠣᠯ ᠨᠤᠲᠤᠭ ᠪᠡᠯᠴᠢᠭᠡᠷ ᠢ ᠬᠠᠮᠠᠭᠠᠯᠠᠬᠤ ᠭᠤᠤᠯ ᠴᠣᠭᠴᠠ᠂ ᠡᠨᠡᠬᠦ ᠨᠤᠲᠤᠭ ᠤᠨ ᠢᠶᠠᠨ ᠡᠵᠡᠨ ᠨᠢ ᠪᠣᠯᠬᠤᠷ᠂ ᠢᠳᠡᠪᠬᠢᠲᠡᠶ ᠬᠥᠳᠡᠯᠦᠯᠴᠡᠵᠦ᠂ ᠥᠪᠡᠷ ᠤᠨ ᠪᠡᠶ᠎ᠡ ᠠᠴᠠ ᠪᠠᠨ ᠭᠠᠷᠳᠠᠨ ᠬᠢᠬᠦ ᠶᠢ ᠴᠢᠩ ᠰᠡᠳᠬᠢᠯ ᠠᠴᠠ ᠪᠠᠨ ᠬᠦᠰᠡᠵᠦ ᠪᠠᠶᠢᠨ᠎ᠠ᠃ ᠨᠤᠲᠤᠭ ᠪᠡᠯᠴᠢᠭᠡᠷ ᠢ ᠬᠠᠮᠠᠭᠠᠯᠠᠬᠤ ᠰᠢᠯᠢᠳᠡᠭ ᠤᠯᠠᠮᠵᠢᠯᠠᠯ ᠢᠶᠠᠨ ᠶᠡᠬᠡᠪᠡᠷ ᠪᠠᠳᠠᠷᠠᠭᠤᠯᠵᠤ᠂ ᠡᠵᠡᠨ ᠬᠥᠮᠦᠨ ᠤ ᠣᠪᠣᠷ ᠢᠶᠠᠷ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠠᠵᠢᠯᠯᠠᠭ᠎ᠠ ᠳᠤ ᠣᠷᠣᠯᠴᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠳᠦᠷᠢᠮ ᠢ ᠨᠠᠶᠢᠳᠠᠪᠤᠷᠢᠵᠢᠭᠤᠯᠬᠤ ᠶᠢᠨ ᠴᠢᠬᠤᠯᠠ ᠴᠢᠨᠠᠷ᠂ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠶᠢᠨ ᠬᠤᠤᠷ ᠬᠥᠨᠥᠭᠡᠯᠲᠦ ᠴᠢᠨᠠᠷ ᠢ ᠢᠳᠡᠪᠬᠢᠲᠡᠶ ᠤᠬᠠᠭᠤᠯᠤᠨ ᠨᠠᠶᠢᠳᠠᠪᠤᠷᠢᠵᠢᠭᠤᠯᠵᠤ᠂ ︽ᠨᠤᠲᠤᠭ ᠪᠡᠯᠴᠢᠭᠡᠷ ᠢ ᠬᠠᠮᠠᠭᠠᠯᠠᠬᠤ ᠳᠤ ᠬᠥᠮᠦᠨ ᠪᠦᠬᠦᠨ ᠬᠠᠷᠢᠭᠤᠴᠠᠯᠭ᠎ᠠ ᠲᠠᠢ︾ ᠪᠠᠶᠢᠬᠤ ᠤᠬᠠᠮᠰᠠᠷ ᠢ ᠪᠠᠲᠤ ᠪᠠᠬᠢ ᠪᠤᠢ ᠪᠣᠯᠭᠠᠵᠤ᠂ ᠬᠥᠮᠦᠨ ᠪᠦᠬᠦᠨ ᠣᠷᠣᠯᠴᠠᠬᠤ᠂ ᠬᠥᠮᠦᠨ ᠪᠦᠬᠦᠨ ᠳᠡᠮᠵᠢᠬᠦ᠂ ᠣᠯᠠᠨ ᠤ ᠤᠬᠠᠭᠠᠨ ᠬᠠᠮᠲᠤ ᠶᠢᠨ ᠬᠦᠴᠦᠨ᠂ ᠣᠯᠠᠨ ᠢᠶᠠᠷ ᠢᠶᠠᠨ ᠰᠡᠷᠭᠡᠶᠢᠯᠡᠵᠦ ᠲᠦᠮᠡᠨ ᠢᠶᠠᠷ ᠢᠶᠠᠨ ᠵᠠᠰᠠᠬᠤ ᠭᠦᠨ ᠵᠤᠵᠠᠭᠠᠨ ᠠᠭᠤᠷ ᠠᠮᠢᠰᠬᠤᠯ ᠢ ᠴᠢᠷᠮᠠᠶᠢᠨ ᠪᠤᠢ ᠪᠣᠯᠭᠠᠶ᠎ᠠ᠃      ᠬᠤᠶᠠᠷ᠂ ᠨᠤᠲᠤᠭ ᠪᠡᠯᠴᠢᠭᠡᠷ ᠢᠶᠠᠨ ᠨᠠᠨᠳᠢᠩᠨᠠᠵᠤ᠂ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ︽ᠦᠢᠯᠡᠳᠦᠯᠭᠡᠵᠢᠭᠦᠯᠦᠭᠴᠢ︾ ᠪᠣᠯᠬᠤ ᠪᠠᠷ ᠴᠢᠷᠮᠠᠶᠢᠶ᠎ᠠ      ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠠᠵᠢᠯ ᠤᠨ ᠲᠣᠭᠤᠷᠢᠨ ᠳᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠭᠦᠢᠴᠡᠳ ᠪᠠᠶᠢᠴᠠᠭᠠᠨ ᠰᠣᠳᠣᠯᠣᠯᠲᠠ ᠬᠢᠵᠦ᠂ ᠣᠯᠠᠨ ᠲᠠᠯ᠎ᠠ ᠪᠠᠷ ᠨᠤᠲᠠᠯᠠᠯᠲᠠ ᠬᠢᠵᠦ᠂ ᠰᠠᠨᠠᠯ ᠬᠤᠷᠢᠶᠠᠭᠰᠠᠨ ᠰᠠᠭᠤᠷᠢᠨ ᠳᠡᠭᠡᠷ᠎ᠡ᠂ ᠮᠠᠨ ᠤ ᠬᠤᠰᠢᠭᠤᠨ ᠤ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠤᠨ᠂ ︽ᠮᠠᠯ ᠠᠵᠤ ᠠᠬᠤᠶ ᠳᠤ ᠬᠠᠶᠢᠷᠠᠲᠠᠢ᠂ ᠮᠡᠳᠡᠯᠭᠡ ᠮᠡᠷᠭᠡᠵᠢᠯ ᠲᠠᠢ᠂ ᠡᠵᠡᠩᠨᠡᠵᠦ ᠴᠢᠳᠠᠬᠤ᠂ ᠵᠠᠬ᠎ᠠ ᠳᠡᠯᠭᠡᠭᠦᠷ ᠲᠤ ᠵᠣᠬᠢᠴᠠᠬᠤ︾ ᠮᠠᠯᠴᠢᠨ ᠴᠢᠳᠠᠪᠤᠷᠢᠲᠠᠨ ᠢ ᠢᠳᠡᠪᠬᠢᠲᠡᠶ ᠬᠥᠮᠦᠵᠢᠭᠦᠯᠵᠦ᠂ ᠬᠠᠰᠢᠶᠠᠯᠠᠨ ᠲᠡᠵᠢᠭᠡᠬᠦ ᠦᠢᠯᠡᠰ ᠬᠦᠭᠵᠢᠭᠦᠯᠬᠦ ᠶᠢ ᠬᠥᠲᠥᠯᠦᠨ ᠵᠢᠯᠣᠭᠤᠳᠴᠤ᠂ ᠪᠠᠷᠢᠮᠵᠢᠶᠠᠵᠢᠭᠰᠠᠨ ᠲᠡᠵᠢᠭᠡᠨ ᠦᠷᠡᠵᠢᠭᠦᠯᠬᠦ ᠬᠠᠰᠢᠶ᠎ᠠ ᠰᠠᠷᠠᠪᠴᠢ᠂ ᠲᠡᠵᠢᠭᠡᠯ ᠡᠪᠡᠰᠦᠨ ᠤ ᠦᠷ᠎ᠡ ᠶᠢᠨ ᠰᠠᠭᠤᠷᠢᠨ ᠭᠠᠵᠠᠷ ᠢ ᠪᠥᠲᠥᠭᠡᠨ ᠪᠠᠶᠢᠭᠤᠯᠬᠤ ᠵᠡᠷᠭᠡ ᠠᠷᠭ᠎ᠠ ᠬᠡᠮᠵᠢᠶ᠎ᠡ ᠪᠠᠷ ᠳᠠᠮᠵᠢᠨ᠂ ᠲᠡᠵᠢᠭᠡᠨ ᠦᠷᠡᠵᠢᠭᠦᠯᠬᠦ ᠦᠷ᠎ᠡ ᠠᠰᠢᠭ ᠪᠠ ᠠᠮᠢ ᠠᠬᠤᠶ ᠶᠢᠨ ᠦᠷ᠎ᠡ ᠠᠰᠢᠭ ᠢ ᠳᠡᠭᠡᠭᠰᠢᠯᠡᠭᠦᠯᠦᠨ᠎ᠡ᠃ ᠲᠤᠰᠬᠠᠶ ᠮᠡᠷᠭᠡᠵᠢᠯᠲᠡᠨ ᠪᠠ ᠮᠡᠷᠭᠡᠵᠢᠯ ᠤᠨ ᠠᠵᠢᠯᠲᠠᠨ ᠢ ᠴᠠᠭ ᠲᠤᠨᠢ ᠲᠣᠬᠢᠷᠠᠭᠤᠯᠤᠨ ᠤᠷᠢᠵᠤ ᠦᠨᠳᠦᠰᠦᠨ ᠱᠠᠲᠤᠨ ᠳᠤ ᠭᠦᠨᠵᠡᠭᠡᠶᠢᠷᠡᠭᠦᠯᠦᠨ᠂ ᠠᠮᠢ ᠠᠬᠤᠶ ᠶᠢᠨ ᠬᠠᠮᠠᠭᠠᠯᠠᠯᠲᠠ ᠶᠢᠨ ᠮᠡᠳᠡᠯᠭᠡ ᠶᠢᠨ ᠲᠠᠶᠢᠯᠤᠮᠵᠢ ᠪᠠ ᠪᠣᠯᠪᠠᠰᠤᠷᠠᠯ ᠤᠨ ᠠᠩᠭᠢ ᠡᠷᠬᠢᠯᠡᠵᠦ᠂ ᠮᠠᠯᠴᠢᠳ ᠢ ᠬᠠᠪᠰᠤᠷᠤᠨ ᠰᠢᠨᠵᠢᠯᠡᠬᠦ ᠤᠬᠠᠭᠠᠨᠴᠢ ᠪᠠᠷ ᠲᠡᠵᠢᠭᠡᠨ ᠦᠷᠡᠵᠢᠭᠦᠯᠬᠦ ᠮᠡᠷᠭᠡᠵᠢᠯ ᠪᠠ ᠠᠷᠭ᠎ᠠ ᠶᠢ ᠡᠵᠡᠮᠰᠢᠭᠦᠯᠵᠦ᠂ ᠰᠢᠯᠢᠳᠡᠭ ᠰᠠᠶᠢᠨ ᠮᠠᠯ ᠤᠨ ᠡᠭᠦᠯᠳᠡᠷ ᠢ ᠣᠷᠣᠭᠤᠯᠤᠨ ᠠᠪᠴᠢᠷᠠᠬᠤ ᠪᠠ ᠳᠡᠯᠭᠡᠷᠡᠭᠦᠯᠵᠦ᠂ ᠮᠠᠯ ᠤᠨ ᠠᠰᠢᠭ ᠰᠢᠮ᠎ᠡ ᠶᠢᠨ ᠴᠢᠨᠠᠷ ᠴᠢᠨᠰᠠᠭ᠎ᠠ ᠪᠠ ᠭᠠᠷᠤᠯᠲᠠ ᠶᠢ ᠳᠡᠭᠡᠭᠰᠢᠯᠡᠭᠦᠯᠬᠦ ᠶᠢᠨ ᠬᠠᠮᠲᠤ᠂ ᠵᠠᠬ᠎ᠠ ᠳᠡᠯᠭᠡᠭᠦᠷ ᠤᠨ ᠥᠷᠢᠰᠥᠯᠳᠦᠬᠦ ᠬᠦᠴᠦᠨ ᠢ ᠦᠨᠡᠨᠬᠦ ᠳᠡᠭᠡᠭᠰᠢᠯᠡᠭᠦᠯᠵᠦ᠂ ᠵᠠᠬ᠎ᠠ ᠳᠡᠯᠭᠡᠭᠦᠷ ᠯᠦᠭᠡ ᠶᠢᠨ ᠵᠣᠯᠭᠠᠯᠳᠤᠯ ᠪᠠ ᠬᠠᠷᠢᠯᠴᠠᠭ᠎ᠠ ᠶᠢ ᠵᠡᠷᠭᠡ ᠪᠠᠷ ᠴᠢᠩᠭᠠᠳᠬᠠᠨ᠂ ᠪᠣᠷᠣᠯᠠᠭᠤᠯᠭ᠎ᠠ ᠶᠢᠨ ᠲᠣᠭᠲᠠᠭᠤᠨ ᠠᠷᠭ᠎ᠠ ᠵᠠᠮ ᠪᠠ ᠰᠦᠯᠵᠢᠶ᠎ᠡ ᠶᠢ ᠪᠠᠶᠢᠭᠤᠯᠵᠤ᠂ ᠮᠠᠯᠴᠢᠳ ᠲᠤ ᠴᠠᠭ ᠲᠤᠬᠠᠶ ᠳᠤᠨᠢ᠂ ᠣᠨᠣᠪᠴᠢᠲᠠᠶ ᠵᠠᠬ᠎ᠠ ᠳᠡᠯᠭᠡᠭᠦᠷ ᠤᠨ ᠮᠡᠳᠡᠭᠡ ᠵᠠᠩᠭᠢ ᠶᠢ ᠬᠠᠩᠭᠠᠨ᠎ᠠ᠃ ᠮᠠᠯ ᠠᠵᠤ ᠠᠬᠤᠶ ᠶᠢᠨ ᠬᠥᠭᠵᠢᠯᠲᠡ ᠶᠢᠨ ᠠᠷᠭ᠎ᠠ ᠵᠠᠮ ᠢ ᠬᠠᠶᠢᠨ ᠰᠦᠪᠡᠭᠴᠢᠯᠡᠵᠦ᠂ ᠲᠠᠯ᠎ᠠ ᠨᠤᠲᠤᠭ ᠤᠨ ᠵᠢᠭᠤᠯᠴᠢᠯᠠᠯ᠂ ᠮᠠᠯ ᠤᠨ ᠠᠰᠢᠭ ᠰᠢᠮ᠎ᠡ ᠶᠢ ᠡᠳ᠋ᠰᠢᠭᠦᠯᠬᠦ ᠵᠡᠷᠭᠡ ᠣᠯᠠᠨ ᠡᠰᠢᠵᠢᠭᠰᠡᠨ ᠠᠵᠤ ᠦᠢᠯᠡᠰ ᠢ ᠵᠣᠷᠢᠭᠵᠢᠭᠤᠯᠤᠨ ᠬᠥᠭᠵᠢᠭᠦᠯᠵᠦ᠂ ᠣᠷᠣᠯᠭ᠎ᠠ ᠪᠠᠨ ᠨᠡᠮᠡᠭᠳᠡᠭᠦᠯᠬᠦ ᠠᠷᠭ᠎ᠠ ᠵᠠᠮ ᠢ ᠪᠦᠲᠦᠮᠵᠢᠲᠡᠶ ᠥᠷᠭᠡᠳᠬᠡᠨ᠎ᠡ᠃ ᠥᠷᠭᠡᠨ ᠣᠯᠠᠨ ᠮᠠᠯᠴᠢᠳ ᠪᠣᠯᠪᠠᠰᠤᠷᠠᠯ ᠰᠤᠷᠤᠯᠴᠠᠯᠭ᠎ᠠ ᠳᠤ ᠢᠳᠡᠪᠬᠢᠲᠡᠶ ᠣᠷᠣᠯᠴᠠᠵᠤ᠂ ᠤᠯᠠᠮᠵᠢᠯᠠᠯᠲᠤ ᠠᠷᠠᠴᠢᠯᠠᠨ ᠲᠡᠵᠢᠭᠡᠬᠦ ᠳᠠᠳᠬᠠᠯ ᠢᠶᠠᠨ ᠬᠤᠪᠢᠷᠠᠭᠤᠯᠵᠤ᠂ ᠰᠢᠯᠢᠳᠡᠭ ᠡᠭᠦᠯᠳᠡᠷ ᠤᠨ ᠮᠠᠯ ᠢ ᠲᠡᠵᠢᠭᠡᠨ ᠦᠷᠡᠵᠢᠭᠦᠯᠵᠦ᠂ ᠰᠢᠨᠵᠢᠯᠡᠬᠦ ᠤᠬᠠᠭᠠᠨᠴᠢ ᠪᠠᠷ ᠠᠷᠠᠴᠢᠯᠠᠨ ᠲᠡᠵᠢᠭᠡᠵᠦ᠂ ᠣᠲᠣ ᠦᠶ᠎ᠡ ᠶᠢᠨ ᠮᠠᠯ ᠠᠵᠤ ᠠᠬᠤᠶ ᠶᠢᠨ ᠠᠵᠤ ᠦᠢᠯᠡᠰ ᠤᠨ ᠬᠡᠯᠬᠢᠶ᠎ᠡ ᠶᠢᠨ ᠪᠥᠲᠥᠭᠡᠨ ᠪᠠᠶᠢᠭᠤᠯᠤᠯᠲᠠ ᠳᠤ ᠣᠷᠣᠯᠴᠠᠵᠤ᠂ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠪᠦᠲᠦᠮᠵᠢᠲᠡᠶ ᠰᠢᠢᠳᠪᠦᠷᠢᠯᠡᠬᠦ ᠶᠢ ᠠᠬᠢᠭᠤᠯᠵᠤ᠂ ᠦᠷ᠎ᠡ ᠬᠤᠶᠢᠴᠢᠰ ᠲᠠᠭᠠᠨ ︽ᠬᠥᠬᠡ ᠠᠭᠤᠯᠠ ᠬᠥᠬᠡᠮᠳᠦᠭ ᠤᠰᠤ︾ ᠦᠯᠡᠳᠡᠭᠡᠬᠦ ᠶᠢ ᠬᠦᠰᠡᠵᠦ ᠪᠠᠶᠢᠨ᠎ᠠ᠃      ᠭᠤᠷᠪᠠ᠂ ᠨᠤᠲᠤᠭ ᠪᠡᠯᠴᠢᠭᠡᠷ ᠢᠶᠠᠨ ᠬᠠᠮᠠᠭᠠᠯᠠᠵᠤ᠂ ᠲᠠᠯ᠎ᠠ ᠨᠤᠲᠤᠭ ᠤᠨ ᠢᠶᠠᠨ ︽ᠬᠠᠮᠠᠭᠠᠯᠠᠭᠴᠢ︾ ᠪᠣᠯᠬᠤ ᠪᠠᠷ ᠴᠢᠷᠮᠠᠶᠢᠶ᠎ᠠ      ᠪᠥᠬᠦ ᠬᠤᠰᠢᠭᠤᠨ ᠤ ᠡᠯ᠎ᠡ ᠱᠠᠲᠤᠨ ᠤ ᠮᠠᠯ ᠠᠵᠤ ᠠᠬᠤᠶ ᠳᠤ ᠬᠤᠯᠪᠣᠭᠳᠠᠬᠤ ᠬᠠᠤᠯᠢ ᠬᠡᠷᠡᠭᠵᠢᠭᠦᠯᠬᠦ ᠰᠠᠯᠠᠭ᠎ᠠ ᠮᠦᠴᠢᠷ ᠤᠳ ᠨᠤᠲᠤᠭ ᠪᠡᠯᠴᠢᠭᠡᠷ ᠤᠨ ᠬᠢᠨᠠᠯᠲᠠ ᠬᠠᠮᠢᠶᠠᠷᠤᠯᠲᠠ ᠶᠢᠨ ᠬᠠᠤᠯᠢ ᠬᠡᠷᠡᠭᠵᠢᠭᠦᠯᠦᠯᠲᠡ ᠶᠢ ᠴᠢᠩᠭᠠᠳᠬᠠᠵᠤ᠂ ᠬᠤᠰᠢᠭᠤ᠂ ᠰᠤᠮᠤ ᠪᠠᠯᠭᠠᠰᠤ᠂ ᠭᠠᠴᠠᠭ᠎ᠠ ᠲᠣᠰᠬᠤᠨ ᠭᠤᠷᠪᠠᠨ ᠱᠠᠲᠤᠨ ᠤ ᠨᠤᠲᠤᠭ ᠪᠡᠯᠴᠢᠭᠡᠷ ᠤᠨ ᠲᠣᠣᠷᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢᠨ ᠰᠢᠰᠲ᠋ᠧᠮ ᠢ ᠪᠠᠶᠢᠭᠤᠯᠵᠤ᠂ ᠨᠢᠰᠬᠡᠭᠴᠢ ᠦᠭᠡᠢ ᠨᠢᠰᠬᠦ ᠬᠡᠷᠡᠭᠰᠡᠯ ᠢᠶᠠᠷ ᠰᠡᠭᠦᠳᠡᠷᠯᠡᠬᠦ ᠵᠡᠷᠭᠡ ᠰᠢᠨᠵᠢᠯᠡᠬᠦ ᠤᠬᠠᠭᠠᠨ ᠮᠡᠷᠭᠡᠵᠢᠯ ᠢᠶᠠᠷ ᠬᠦᠴᠦᠨ ᠴᠢᠳᠠᠯ ᠣᠯᠭᠤᠬᠤ ᠬᠢᠨᠠᠯᠲᠠ ᠬᠠᠮᠢᠶᠠᠷᠤᠯᠲᠠ ᠶᠢᠨ ᠠᠵᠢᠯ ᠢ ᠬᠡᠷᠡᠭᠯᠡᠵᠦ᠂ ᠲᠣᠭᠠᠴᠢᠯᠠᠭᠰᠠᠨ᠂ ᠪᠠᠶᠢᠩᠭᠤᠵᠢᠭᠰᠠᠨ᠂ ᠨᠢᠭᠡ ᠴᠤᠭᠴᠠᠵᠢᠭᠤᠯᠤᠭᠰᠠᠨ ᠬᠢᠨᠠᠯᠲᠠ ᠬᠠᠮᠢᠶᠠᠷᠤᠯᠲᠠ ᠶᠢ ᠬᠡᠷᠡᠭᠵᠢᠭᠦᠯᠦᠨ᠎ᠡ᠃ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠵᠡᠷᠭᠡ ᠨᠤᠲᠤᠭ ᠪᠡᠯᠴᠢᠭᠡᠷ ᠢ ᠡᠪᠳᠡᠭᠰᠡᠨ᠂ ᠬᠠᠮᠲᠤ ᠶᠢᠨ ᠠᠰᠢᠭ ᠲᠤᠰᠠ ᠶᠢ ᠬᠤᠬᠢᠷᠠᠭᠤᠯᠤᠭᠰᠠᠨ ᠬᠠᠤᠯᠢ ᠠᠴᠠ ᠵᠥᠷᠢᠴᠡᠭᠰᠡᠨ ᠠᠵᠢᠯᠯᠠᠭ᠎ᠠ ᠳᠤ ᠬᠠᠤᠯᠢ ᠶᠣᠰᠣᠭᠠᠷ ᠵᠠᠰᠠᠭ ᠵᠠᠬᠢᠷᠭᠠᠨ ᠤ ᠰᠢᠢᠳᠬᠡᠯ ᠥᠭᠴᠦ᠂ ᠦᠢᠯᠡ ᠪᠠᠶᠢᠳᠠᠯ ᠨᠢ ᠬᠦᠨᠳᠦ ᠨᠣᠴᠢᠲᠠᠶ ᠪᠣᠯ᠂ ᠨᠤᠲᠤᠭ ᠪᠡᠯᠴᠢᠭᠡᠷ ᠤᠨ ᠨᠥᠬᠦᠪᠥᠷᠢ ᠱᠠᠩᠨᠠᠯ ᠤᠨ ᠮᠥᠩᠭᠦ ᠶᠢ ᠬᠠᠤᠯᠢ ᠲᠣᠭᠲᠠᠭᠠᠯ ᠶᠣᠰᠣᠭᠠᠷ ᠵᠣᠭᠰᠣᠭᠠᠨ᠎ᠠ᠃ ᠥᠷᠭᠡᠨ ᠣᠯᠠᠨ ᠮᠠᠯᠴᠢᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠦᠷᠢᠮ︾ ᠵᠡᠷᠭᠡ ᠬᠠᠮᠢᠶ᠎ᠠ ᠪᠥᠬᠦᠶ ᠬᠠᠤᠯᠢ ᠴᠠᠭᠠᠵᠠ ᠬᠠᠥᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠬᠢᠨᠠᠨ ᠲᠣᠭᠲᠠᠭᠠᠵᠤ ᠵᠠᠷᠯᠠᠨ ᠨᠡᠶᠢᠲᠡᠯᠡᠭᠰᠡᠨ ᠪᠡᠯᠴᠢᠭᠡᠷ ᠤᠨ ᠪᠠᠭᠲᠠᠭᠠᠮᠵᠢ ᠶᠢᠨ ᠬᠡᠮᠵᠢᠶ᠎ᠡ ᠪᠠᠷ ᠪᠡᠯᠴᠢᠭᠡᠷᠯᠡᠭᠦᠯᠬᠦ ᠶᠢ ᠰᠠᠨᠠᠭᠤᠯᠵᠤ ᠪᠠᠶᠢᠨ᠎ᠠ᠃      2025 ᠣᠨ ᠳᠤ᠂ ᠬᠤᠰᠢᠭᠤᠨ ᠤ ᠨᠠᠮ ᠤᠨ ᠬᠤᠷᠢᠶ᠎ᠠ᠂ ᠬᠤᠰᠢᠭᠤᠨ ᠤ ᠵᠠᠰᠠᠭ ᠤᠨ ᠣᠷᠳᠣᠨ ᠲᠠ ᠪᠦᠬᠦᠨ ᠲᠠᠢ ᠬᠠᠮᠲᠤᠪᠠᠷ ᠬᠦᠳᠡᠯᠦᠯᠴᠡᠨ᠂ ᠰᠠᠬᠢᠨ ᠪᠠᠷᠠᠯᠠᠵᠤ ᠬᠠᠷᠢᠯᠴᠠᠨ ᠬᠠᠪᠰᠤᠷᠤᠯᠴᠠᠵᠤ᠂ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠬᠤ ᠪᠠ ᠰᠡᠷᠭᠦᠭᠡᠬᠦ ᠶᠢ ᠬᠠᠮᠲᠤᠪᠠᠷ ᠠᠬᠢᠭᠤᠯᠵᠤ᠂ ᠠᠮᠢ ᠠᠬᠤᠢ ᠶᠢᠨ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠵᠦ᠂ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠦᠨ᠎ᠡ᠃                           ᠰᠢᠨ᠎ᠡ ᠪᠠᠭᠤ ᠪᠠᠷᠠᠭᠤᠨ ᠬᠤᠰᠢᠭᠤᠨ ᠤ ᠣᠢ ᠰᠢᠭᠤᠢ ᠶᠢᠨ ᠳᠠᠷᠤᠭ᠎ᠠ ᠶᠢᠨ ᠳᠦᠷᠢᠮ ᠤᠨ ᠠᠯᠪᠠᠨ ᠭᠡᠷ                                              2025 ᠣᠨ ᠤ 4 ᠰᠠᠷ᠎ᠠ ᠶᠢᠨ 8 ᠤ ᠡᠳᠦᠷ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ