ᠰᠢᠨᠬᠤᠸᠠ ᠬᠤᠷᠢᠶ᠎ᠠ ᠶᠢᠨ ᠪᠡᠭᠡᠵᠢᠩ ᠤᠨ 4 ᠰᠠᠷ᠎ᠠ ᠶᠢᠨ 8 ᠤ ᠴᠠᠭᠢᠯᠭᠠᠨ ᠮᠡᠳᠡᠭᠡ ᠣᠶᠢᠷ᠎ᠠ ᠳᠤ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ | ᠬᠤᠷᠢᠶ᠎ᠠ ᠶᠢᠨ ᠠᠯᠪᠠᠨ ᠲᠢᠩᠬᠢᠮ᠂ ᠲᠥᠷᠥ ᠶᠢᠨ ᠶᠠᠪᠤᠳᠠᠯ ᠤᠨ ᠬᠤᠷᠢᠶ᠎ᠠ ᠶᠢᠨ ᠠᠯᠪᠠᠨ ᠲᠢᠩᠬᠢᠮ ︽ᠡᠩ ᠤᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ | ᠰᠠᠶᠢᠲᠠᠢ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠲᠦᠷᠭᠡᠳᠬᠡᠨ ᠪᠠᠶᠢᠭᠤᠯᠬᠤ ᠲᠤᠬᠠᠢ ᠰᠠᠨᠠᠯ︾ ︵ᠳᠣᠷᠣᠭᠰᠢ ︽ᠰᠠᠨᠠᠯ︾ ᠭᠡᠵᠦ ᠳᠥᠭᠦᠮᠴᠢᠯᠡᠨ᠎ᠡ | ︶ ᠢ ᠳᠠᠷᠤᠮᠠᠯᠯᠠᠨ ᠲᠠᠷᠬᠠᠭᠠᠵᠤ᠂ ᠴᠢᠨᠠᠷ ᠰᠠᠶᠢᠲᠠᠢ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠰᠲ᠋ᠧᠮ ᠢ ᠪᠠᠶᠢᠭᠤᠯᠵᠤ ᠶᠡᠭᠡ ᠳᠡᠭᠡᠳᠦ ᠰᠤᠷᠭᠠᠭᠤᠯᠢ | ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠢ ᠬᠤᠯᠪᠣᠭᠳᠠᠯ ᠪᠦᠬᠦᠢ ᠠᠵᠢᠯ ᠳᠤ ᠪᠠᠶᠢᠷᠢᠯᠠᠭᠤᠯᠤᠯᠲᠠ ᠬᠢᠪᠡ᠃ | ︽ᠰᠠᠨᠠᠯ︾ ᠨᠢ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠪᠦᠬᠦᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ | ᠵᠢᠯᠣᠭᠤᠳᠤᠯᠭ᠎ᠠ ᠪᠤᠯᠭᠠᠬᠤ ᠶᠢ ᠪᠠᠷᠢᠮᠲᠠᠯᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠠ ᠬᠤᠷᠢᠳᠤᠭᠠᠷ ᠬᠤᠭᠤᠴᠠᠭᠠᠨ ᠤ ᠲᠥᠪ ᠬᠤᠷᠢᠶ᠎ᠠ ᠶᠢᠨ ᠬᠤᠶᠠᠳᠤᠭᠠᠷ᠂ | ᠭᠤᠷᠪᠠᠳᠤᠭᠠᠷ ᠪᠦᠭᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ ᠪᠠᠶᠢᠯᠳᠤᠬᠤ | ᠪᠣᠳᠣᠯᠭ᠎ᠠ ᠶᠢ ᠬᠡᠷᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠵᠤ᠂ | ᠰᠤᠷᠭᠠᠨ ᠬᠥᠮᠦᠵᠢᠯ᠂ ᠪᠣᠯᠪᠠᠰᠤᠷᠠᠯ ᠪᠠ ᠠᠵᠢᠯ ᠣᠯᠭᠤᠯᠲᠠ ᠶᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠠᠳᠬᠤᠵᠤ᠂ ᠠᠵᠤ ᠦᠢᠯᠡᠰ ᠤᠨ ᠦᠵᠦᠭᠦᠷᠯᠢᠭ ᠤᠨ | ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠪᠠ ᠠᠵᠢᠯ ᠣᠯᠭᠤᠯᠲᠠ ᠶᠢᠨ ᠦᠵᠦᠭᠦᠷᠯᠢᠭ ᠤᠨ ᠦᠨᠡᠯᠡᠯᠲᠡ ᠶᠢᠨ ᠬᠠᠷᠢᠭᠤ ᠲᠤᠰᠬᠠᠯ ᠢᠶᠠᠷ ᠵᠢᠯᠣᠭᠤᠳᠤᠯᠭ᠎ᠠ ᠪᠤᠯᠭᠠᠵᠤ᠂ | ᠬᠥᠮᠥᠵᠢᠭᠦᠯᠵᠦ ᠬᠠᠩᠭᠠᠬᠤ᠂ ᠠᠵᠢᠯ ᠣᠯᠭᠤᠯᠲᠠ ᠶᠢᠨ ᠵᠢᠯᠣᠭᠤᠳᠤᠯᠭ᠎ᠠ ᠬᠢᠬᠦ᠂ ᠠᠵᠢᠯ ᠡᠷᠢᠵᠦ ᠠᠵᠢᠯᠲᠠᠨ ᠡᠯᠰᠡᠬᠦ᠂ ᠬᠠᠪᠰᠤᠷᠤᠨ ᠲᠡᠳᠬᠦᠵᠦ ᠲᠤᠰᠠᠯᠠᠬᠤ᠂ ᠬᠢᠨᠠᠨ | ᠬᠡᠮᠵᠢᠵᠦ ᠦᠨᠡᠯᠡᠬᠦ ᠵᠡᠷᠭᠡ ᠦᠢᠯᠡᠴᠢᠯᠡᠭᠡ ᠶᠢ ᠪᠦᠭᠦ ᠬᠡᠯᠬᠢᠶ᠎ᠡ ᠪᠠᠷ ᠰᠢᠯᠢᠳᠡᠭᠵᠢᠭᠦᠯᠵᠦ᠂ ᠨᠡᠩ ᠤᠯᠠᠨ ᠰᠤᠷᠤᠬᠰᠠᠨ ᠪᠠ ᠳᠠᠪᠠᠭᠤᠯᠢᠭ ᠢᠶᠠᠨ ᠪᠠᠳᠠᠷᠠᠭᠤᠯᠬᠤ ᠳᠤ | ᠠᠰᠢᠭᠲᠠᠢ ᠠᠵᠢᠯ ᠣᠯᠭᠤᠬᠤ ᠠᠵᠢᠯ ᠤᠨ ᠪᠠᠶᠢᠷᠢ ᠶᠢ ᠨᠡᠭᠡᠭᠡᠵᠦ᠂ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠥᠨ ᠪᠠ | ᠠᠵᠢᠯ ᠤᠨ ᠪᠠᠶᠢᠷᠢ ᠶᠢ ᠬᠠᠷᠢᠯᠴᠠᠨ ᠵᠣᠬᠢᠴᠠᠭᠤᠯᠬᠤ᠂ ᠬᠥᠮᠥᠨ ᠤ ᠳᠠᠪᠠᠭᠤᠯᠢᠭ ᠢ ᠨᠢ ᠦᠵᠡᠵᠦ ᠬᠡᠷᠡᠭᠯᠡᠬᠦ᠂ ᠬᠥᠮᠥᠨ ᠤ ᠴᠢᠳᠠᠪᠤᠷᠢ ᠶᠢ ᠨᠢ ᠪᠦᠷᠢᠨ ᠪᠠᠳᠠᠷᠠᠭᠤᠯᠬᠤ ᠶᠢ | ᠴᠢᠷᠮᠠᠶᠢᠨ ᠪᠡᠶᠡᠯᠡᠭᠦᠯᠵᠦ᠂ ᠠᠵᠢᠯ ᠣᠯᠭᠤᠯᠲᠠ ᠶᠢᠨ ᠶᠠᠰᠤ ᠴᠢᠨᠠᠷ ᠪᠠ ᠲᠣᠭᠲᠠᠪᠤᠷᠢᠲᠤ ᠴᠢᠨᠠᠷ ᠢ ᠳᠡᠭᠡᠭᠰᠢᠯᠡᠭᠦᠯᠦᠨ᠎ᠡ᠃ 3 ᠠᠴᠠ 5 ᠵᠢᠯ ᠦᠷᠭᠦᠯᠵᠢᠯᠡᠨ | ᠴᠢᠷᠮᠠᠶᠢᠬᠤ ᠪᠠᠷ ᠳᠡᠮᠵᠢᠨ᠂ ᠪᠦᠭᠦ ᠠᠵᠢᠯᠲᠠᠨ ᠢ ᠬᠠᠮᠤᠷᠤᠭᠰᠠᠨ᠂ ᠴᠢᠳᠠᠮᠵᠢ ᠨᠢ ᠪᠦᠷᠢᠨ ᠲᠡᠭᠦᠯᠳᠡᠷ᠂ ᠪᠠᠲᠤᠯᠠᠭ᠎ᠠ ᠨᠢ ᠬᠦᠴᠦᠲᠡᠢ ᠦᠢᠯᠡᠴᠢᠯᠡᠭᠡᠨ ᠤ ᠰᠢᠰᠲ᠋ᠧᠮ ᠢ | ᠦᠨᠳᠦᠰᠦᠨ ᠳᠡᠭᠡᠨ ᠪᠠᠶᠢᠭᠤᠯᠵᠤ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠤᠨ ᠴᠢᠨᠠᠷ ᠰᠠᠶᠢᠲᠠᠢ ᠭᠦᠢᠴᠡᠳ ᠠᠵᠢᠯ ᠣᠯᠬᠤ ᠶᠢ ᠠᠬᠢᠭᠤᠯᠬᠤ ᠳᠤ ᠪᠠᠲᠤ ᠪᠠᠬᠢ | ᠪᠠᠲᠤᠯᠠᠭ᠎ᠠ ᠬᠠᠩᠭᠠᠨ᠎ᠠ᠃ | ︽ᠰᠠᠨᠠᠯ︾ ᠳᠤ᠂ ᠬᠥᠮᠥᠵᠢᠭᠦᠯᠵᠦ ᠬᠠᠩᠭᠠᠬᠤ ᠰᠢᠰᠲ᠋ᠧᠮ ᠢ ᠰᠢᠯᠢᠳᠡᠭᠵᠢᠭᠦᠯᠦᠨ᠎ᠡ᠃ ᠴᠢᠳᠠᠪᠤᠷᠢᠲᠠᠨ ᠤ ᠬᠥᠭᠵᠢᠯᠲᠡ ᠶᠢᠨ ᠬᠠᠨᠳᠤᠰᠢ ᠵᠢᠴᠢ ᠬᠠᠩᠭᠠᠯᠭ᠎ᠠ | ᠬᠡᠷᠡᠭᠴᠡᠭᠡ ᠶᠢᠨ ᠪᠠᠶᠢᠳᠠᠯ ᠢ ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠴᠢᠳᠠᠪᠤᠷᠢᠲᠠᠨ ᠤ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠶᠢ | ᠪᠠᠶᠢᠭᠤᠯᠵᠤ᠂ ᠴᠢᠳᠠᠪᠤᠷᠢᠲᠠᠨ ᠤ ᠬᠠᠩᠭᠠᠯᠭ᠎ᠠ ᠬᠡᠷᠡᠭᠴᠡᠭᠡ ᠶᠢᠨ ᠬᠠᠷᠢᠴᠠᠭᠠᠨ ᠤ ᠪᠠᠷᠠᠯᠠᠯᠲᠤ ᠴᠢᠨᠠᠷᠲᠠᠢ ᠵᠠᠳᠠᠯᠤᠯᠲᠠ ᠶᠢ ᠥᠷᠨᠢᠭᠦᠯᠦᠨ᠎ᠡ᠃ ᠬᠠᠩᠭᠠᠯᠭ᠎ᠠ ᠬᠡᠷᠡᠭᠴᠡᠭᠡ ᠶᠢᠨ | ᠲᠣᠬᠢᠷᠠᠭᠤᠯᠤᠯᠲᠠ ᠪᠠᠷ ᠤᠳᠤᠷᠢᠳᠤᠮᠵᠢ ᠪᠣᠯᠭᠠᠨ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠲᠤᠰᠬᠠᠢ ᠮᠡᠷᠭᠡᠵᠢᠯ ᠪᠠ ᠡᠬᠢ ᠪᠠᠶᠠᠯᠢᠭ ᠤᠨ ᠪᠦᠲᠦᠴᠡ ᠶᠢᠨ | ᠪᠠᠶᠢᠷᠢᠰᠢᠭᠤᠯᠤᠯᠲᠠ ᠶᠢ ᠬᠥᠳᠡᠯᠦᠩᠭᠦᠢ ᠪᠠᠷ ᠲᠣᠬᠢᠷᠠᠭᠤᠯᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ ᠬᠡᠪᠴᠢᠶ᠎ᠡ᠂ ᠪᠦᠲᠦᠴᠡ᠂ ᠶᠠᠰᠤ ᠴᠢᠨᠠᠷ ᠢ ᠠᠵᠤ | ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠱᠠᠭᠠᠷᠳᠠᠯᠭ᠎ᠠ ᠳᠤ ᠨᠠᠩ ᠢᠯᠡᠭᠦᠦ ᠨᠡᠶᠢᠴᠡᠭᠦᠯᠬᠦ ᠶᠢ ᠠᠬᠢᠭᠤᠯᠤᠨ᠎ᠠ᠃ ᠰᠣᠷᠣᠬᠴᠢ ᠡᠯᠰᠡᠬᠦ ᠲᠥᠯᠥᠪᠯᠡᠭᠡ᠂ | ᠴᠢᠳᠠᠪᠤᠷᠢᠲᠠᠨ ᠬᠥᠮᠥᠵᠢᠭᠦᠯᠬᠦ ᠬᠢᠭᠡᠳ ᠠᠵᠢᠯ ᠣᠯᠭᠤᠬᠤ ᠶᠢᠨ ᠬᠠᠮᠲᠤᠷᠠᠨ ᠬᠥᠳᠡᠯᠦᠯᠴᠡᠬᠦ ᠲᠣᠭᠲᠠᠴᠠ ᠶᠢ ᠲᠡᠭᠦᠯᠳᠡᠷᠵᠢᠭᠦᠯᠵᠦ᠂ ᠰᠣᠷᠣᠬᠴᠢ ᠡᠯᠰᠡᠬᠦ | ᠲᠥᠯᠥᠪᠯᠡᠭᠡ ᠶᠢᠨ ᠬᠤᠪᠢᠶᠠᠷᠢᠯᠠᠬᠤ ᠠᠷᠭ᠎ᠠ ᠮᠠᠶ᠋ᠢᠭ ᠢ ᠰᠢᠯᠢᠳᠡᠭᠵᠢᠭᠦᠯᠦᠨ᠂ ᠶᠡᠭᠡ ᠳᠡᠭᠡᠳᠦ ᠰᠤᠷᠭᠠᠭᠤᠯᠢ ᠶᠢᠨ ᠨᠠᠩ ᠠᠮᠢᠳᠤᠯᠢᠭ ᠰᠤᠷᠤᠯᠴᠠᠬᠤ ᠳᠦᠷᠢᠮ | ᠪᠠᠶᠢᠭᠤᠯᠬᠤ ᠶᠢ ᠵᠣᠷᠢᠭᠵᠢᠭᠤᠯᠵᠤ᠂ ᠲᠤᠰᠬᠠᠢ ᠮᠡᠷᠭᠡᠵᠢᠯ ᠢᠶᠠᠨ ᠰᠣᠯᠢᠬᠤ᠂ ᠪᠤᠰᠤᠳ ᠲᠤᠰᠬᠠᠢ ᠮᠡᠷᠭᠡᠵᠢᠯ ᠢ ᠬᠠᠪᠰᠤᠷᠭᠠᠨ ᠰᠤᠷᠬᠤ ᠵᠡᠷᠭᠡ ᠲᠣᠭᠲᠠᠭᠠᠯ ᠢ | ᠲᠡᠭᠦᠯᠳᠡᠷᠵᠢᠭᠦᠯᠦᠨ᠎ᠡ ᠭᠡᠵᠦ ᠳᠤᠷᠠᠳᠪᠠ᠃ | ︽ᠰᠠᠨᠠᠯ︾ ᠳᠤ᠂ ᠠᠵᠢᠯ ᠣᠯᠭᠤᠯᠲᠠ ᠶᠢᠨ ᠵᠢᠯᠤᠭᠤᠳᠬᠤ ᠰᠢᠰᠲ᠋ᠧᠮ ᠢ ᠴᠢᠩᠭᠠᠳᠬᠠᠵᠤ᠂ ᠠᠵᠢᠯ ᠡᠷᠢᠬᠦ ᠠᠵᠢᠯᠲᠠᠨ ᠡᠯᠰᠡᠬᠦ ᠰᠢᠰᠲ᠋ᠧᠮ ᠢ ᠪᠦᠷᠢᠨᠰᠢᠭᠦᠯᠦᠨ᠂ | ᠬᠠᠪᠰᠤᠷᠤᠨ ᠲᠡᠳᠬᠦᠵᠦ ᠲᠤᠰᠠᠯᠠᠬᠤ ᠰᠢᠰᠲ᠋ᠧᠮ ᠢ ᠲᠡᠭᠦᠯᠳᠡᠷᠵᠢᠭᠦᠯᠵᠦ᠂ ᠬᠢᠨᠠᠨ ᠬᠡᠮᠵᠢᠵᠦ ᠦᠨᠡᠯᠡᠬᠦ ᠰᠢᠰᠲ᠋ᠧᠮ ᠤᠨ ᠰᠢᠨ᠎ᠡ ᠶᠢ ᠡᠭᠦᠳᠦᠨ᠎ᠡ᠃ ᠠᠮᠢᠳᠤᠷᠠᠬᠤᠢ ᠶᠢᠨ | ᠬᠥᠮᠦᠵᠢᠯ ᠬᠢᠭᠡᠳ ᠠᠵᠢᠯ ᠣᠯᠭᠤᠯᠲᠠ ᠶᠢᠨ ᠵᠢᠯᠣᠭᠤᠳᠤᠯᠭ᠎ᠠ ᠶᠢ ᠴᠢᠩᠭᠠᠷᠠᠭᠤᠯᠵᠤ᠂ ᠨᠢᠭᠡ ᠪᠦᠯᠦᠭ ᠤᠯᠤᠰ ᠤᠨ ᠲᠥᠯᠦᠪᠵᠢᠭᠦᠯᠭᠡ ᠶᠢᠨ ᠵᠢᠭᠠᠬᠤ ᠮᠠᠲ᠋ᠧᠷᠢᠶᠠᠯ᠂ | ᠵᠢᠱᠢᠶ᠎ᠡ ᠦᠵᠡᠭᠦᠯᠭᠦ ᠬᠢᠴᠢᠶᠡᠯ ᠪᠠ ᠵᠢᠭᠠᠨ ᠰᠤᠷᠭᠠᠯᠲᠠ ᠶᠢᠨ ᠦᠷ᠎ᠡ ᠪᠦᠲᠦᠭᠡᠯ ᠢ ᠪᠤᠶ ᠪᠤᠯᠭᠠᠵᠤ᠂ ᠠᠵᠢᠯ ᠣᠯᠭᠤᠬᠤ ᠬᠥᠮᠦᠵᠢᠯ ᠢ ᠪᠦᠭᠦ ᠠᠵᠢᠯᠲᠠᠨ ᠠᠵᠢᠯᠴᠢᠨ | ᠪᠦᠭᠦ ᠶᠠᠪᠤᠴᠠ ᠪᠦᠭᠦ ᠲᠠᠯ᠎ᠠ ᠪᠠᠷ ᠬᠥᠮᠥᠨ ᠬᠥᠮᠥᠵᠢᠭᠦᠯᠬᠦ ᠶᠢᠨ ᠴᠢᠬᠤᠯᠠ ᠠᠭᠤᠯᠭ᠎ᠠ ᠪᠤᠯᠭᠠᠵᠤ᠂ ᠠᠵᠢᠯ ᠣᠯᠭᠤᠬᠤ ᠵᠥᠪ ᠦᠵᠡᠯᠲᠡ ᠶᠢ ᠪᠠᠲᠤ ᠪᠠᠬᠢ ᠪᠤᠶ | ᠪᠤᠯᠭᠠᠬᠤ ᠶᠢ ᠬᠥᠲᠥᠯᠥᠨ ᠵᠢᠯᠤᠭᠤᠳᠴᠤ᠂ ᠠᠵᠢᠯ ᠣᠯᠭᠤᠬᠤ ᠳᠠᠳᠤᠯᠭ᠎ᠠ ᠬᠢᠭᠡᠳ ᠳᠠᠳᠤᠯᠭ᠎ᠠ ᠶᠢᠨ ᠳᠦᠷᠢᠮ ᠢ ᠪᠦᠷᠢᠨᠰᠢᠭᠦᠯᠦᠨ᠎ᠡ᠃ ᠰᠤᠷᠭᠠᠭᠤᠯᠢ ᠶᠢᠨ ᠬᠦᠷᠢᠶᠡᠨ ᠤ | ᠠᠵᠢᠯᠲᠠᠨ ᠡᠯᠰᠡᠬᠦ ᠪᠠ ᠠᠵᠢᠯ ᠣᠯᠭᠤᠬᠤ ᠵᠠᠬ᠎ᠠ ᠳᠡᠯᠭᠡᠭᠦᠷ ᠤᠨ ᠦᠢᠯᠡᠴᠢᠯᠡᠭᠡ ᠶᠢ ᠴᠢᠩᠭᠠᠷᠠᠭᠤᠯᠤᠨ᠂ ᠣᠷᠣᠨ ᠪᠦᠰᠡ ᠶᠢᠨ ᠴᠢᠨᠠᠷᠲᠠᠢ᠂ ᠠᠵᠢᠯ ᠲᠥᠷᠥᠯ ᠤᠨ | ᠴᠢᠨᠠᠷᠲᠠᠢ ᠨᠢᠭᠡ ᠪᠦᠯᠦᠭ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠵᠠᠬ᠎ᠠ ᠳᠡᠯᠭᠡᠭᠦᠷ ᠢ ᠪᠦᠲᠦᠭᠡᠨ ᠪᠠᠶᠢᠭᠤᠯᠵᠤ᠂ ᠤᠯᠤᠰ ᠤᠨ ᠴᠢᠬᠤᠯᠠ | ᠶᠡᠭᠡ ᠪᠠᠶᠢᠯᠳᠤᠬᠤ ᠪᠣᠳᠣᠯᠭ᠎ᠠ ᠵᠡᠷᠭᠡ ᠶᠢᠨ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠲᠠᠯᠪᠢᠵᠤ ᠪᠠᠶᠢᠭ᠎ᠠ ᠬᠡᠷᠡᠭᠴᠡᠭᠡ ᠱᠠᠭᠠᠷᠳᠠᠯᠭ᠎ᠠ ᠶᠢ ᠠᠭᠤᠳᠠᠯᠤᠨ᠂ | ᠠᠵᠢᠯᠲᠠᠨ ᠡᠯᠰᠡᠬᠦ ᠲᠣᠬᠢᠷᠠᠭᠤᠯᠤᠯᠲᠠ ᠪᠣᠯᠣᠨ ᠡᠮᠬᠢ ᠳᠢᠭᠯᠢᠮ ᠢ ᠰᠢᠯᠢᠳᠡᠭᠵᠢᠭᠦᠯᠦᠨ ᠵᠢᠷᠤᠮᠵᠢᠭᠤᠯᠤᠨ᠎ᠠ᠃ ᠤᠯᠠᠨ ᠡᠰᠢᠲᠦ ᠭᠤᠣᠯ ᠴᠣᠭᠴᠠ ᠶᠢᠨ ᠦᠢᠯᠡᠳᠦᠯ ᠢ | ᠪᠠᠳᠠᠷᠠᠭᠤᠯᠵᠤ᠂ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ ᠠᠷᠭ᠎ᠠ ᠵᠠᠮ ᠢ ᠥᠷᠭᠡᠳᠬᠡᠨ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ | ᠴᠡᠭ ᠢ ᠨᠡᠭᠡᠭᠡᠨ᠎ᠡ᠃ ᠬᠦᠴᠢᠷᠳᠡᠯ ᠢ ᠬᠠᠪᠰᠤᠷᠤᠨ ᠲᠡᠳᠬᠦᠬᠦ ᠲᠣᠭᠲᠠᠴᠠ ᠶᠢ ᠪᠦᠷᠢᠨᠰᠢᠭᠦᠯᠵᠦ᠂ ᠬᠠᠪᠰᠤᠷᠤᠨ ᠲᠡᠳᠬᠦᠬᠦ ᠡᠲᠡᠭᠡᠳ ᠲᠤ ᠦᠢᠯᠡᠴᠢᠯᠡᠭᠡ ᠪᠠ ᠲᠤᠰᠠᠯᠠᠮᠵᠢ | ᠬᠠᠩᠭᠠᠵᠤ᠂ ᠰᠤᠷᠭᠠᠭᠤᠯᠢ ᠠᠴᠠ ᠪᠠᠨ ᠰᠠᠯᠤᠭᠠᠳ ᠠᠵᠢᠯ ᠣᠯᠣᠭᠠᠳᠤᠢ ᠲᠡᠭᠦᠰᠦᠭᠰᠡᠳ ᠤᠨ ᠦᠨᠡᠨ ᠨᠡᠷ᠎ᠡ ᠪᠠᠷ ᠢᠶᠠᠨ ᠠᠵᠢᠯ ᠣᠯᠬᠤ ᠶᠢ ᠬᠠᠪᠰᠤᠷᠤᠨ ᠲᠡᠳᠬᠦᠬᠦ | ᠱᠠᠭᠠᠷᠳᠠᠯᠭ᠎ᠠ ᠶᠢ ᠨᠠᠶᠢᠳᠠᠪᠤᠷᠢᠵᠢᠭᠤᠯᠤᠨ᠂ ︽ᠠᠤᠭ᠎ᠠ ᠵᠣᠷᠢᠭ ᠢᠶᠠᠷ ᠠᠶᠠᠯᠠᠯ ᠢ ᠲᠤᠰᠠᠯᠠᠬᠤ︾ ᠠᠵᠢᠯ ᠣᠯᠭᠤᠬᠤ ᠴᠢᠳᠠᠪᠤᠷᠢ ᠶᠢᠨ ᠪᠣᠯᠪᠠᠰᠤᠷᠠᠯ ᠤᠨ ᠲᠥᠷᠥᠯ | ᠵᠦᠢᠯ ᠢ ᠬᠡᠷᠡᠭᠵᠢᠭᠦᠯᠵᠦ᠂ ᠪᠣᠯᠪᠠᠰᠤᠷᠠᠯ ᠤᠨ ᠬᠠᠮᠤᠷᠬᠤ ᠬᠡᠪᠴᠢᠶ᠎ᠡ ᠶᠢ ᠡᠮᠬᠢ ᠵᠢᠷᠤᠮ ᠲᠠᠢ ᠪᠠᠷ ᠥᠷᠭᠡᠳᠬᠡᠨ᠎ᠡ᠃ ᠠᠵᠢᠯ ᠣᠯᠭᠤᠬᠤ ᠵᠠᠬ᠎ᠠ ᠳᠡᠯᠭᠡᠭᠦᠷ ᠤᠨ ᠠᠵᠢᠯ ᠤᠨ | ᠪᠠᠶᠢᠷᠢ ᠶᠢᠨ ᠬᠡᠷᠡᠭᠴᠡᠭᠡ ᠱᠠᠭᠠᠷᠳᠠᠯᠭ᠎ᠠ ᠪᠠ ᠰᠤᠷᠭᠠᠭᠤᠯᠢ ᠲᠡᠭᠦᠰᠦᠭᠰᠡᠳ ᠤᠨ ᠠᠵᠢᠯ ᠡᠷᠢᠬᠦ ᠬᠠᠨᠳᠤᠰᠢ ᠵᠡᠷᠭᠡ ᠶᠢ ᠴᠠᠭ ᠲᠤᠬᠠᠢ ᠳᠤᠨᠢ ᠡᠵᠡᠮᠰᠢᠵᠦ᠂ ᠶᠡᠭᠡ ᠳᠡᠭᠡᠳᠦ | ᠰᠤᠷᠭᠠᠭᠤᠯᠢ ᠲᠡᠭᠦᠰᠦᠭᠰᠡᠳ ᠤᠨ ᠠᠵᠢᠯ ᠣᠯᠬᠤ ᠶᠠᠰᠤ ᠴᠢᠨᠠᠷ ᠪᠠ ᠠᠵᠢᠯ ᠤᠨ ᠦᠨᠡᠯᠡᠯᠲᠡ ᠬᠢᠭᠰᠡᠨ ᠦᠷ᠎ᠡ ᠳ᠋ᠦᠩ ᠤᠨ ᠬᠡᠷᠡᠭᠯᠡᠯᠲᠡ ᠶᠢ ᠴᠢᠩᠭᠠᠷᠠᠭᠤᠯᠤᠨ᠂ ᠶᠡᠭᠡ | ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠪᠠ ᠰᠢᠨᠵᠢᠯᠡᠭᠡᠨ ᠤ ᠪᠠᠶᠢᠭᠤᠯᠤᠯᠲᠠ ᠶᠢ ᠦᠨᠡᠯᠡᠨ ᠵᠢᠱᠢᠬᠦ᠂ ︽ᠬᠤᠣᠰ ᠲᠡᠷᠢᠭᠦᠨ ᠵᠡᠷᠭᠡ︾ | ᠶᠢᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢ ᠦᠨᠡᠯᠡᠬᠦ ᠵᠡᠷᠭᠡ ᠴᠢᠬᠤᠯᠠ ᠬᠦᠴᠦᠨ ᠵᠦᠢᠯ ᠪᠣᠯᠭᠠᠨ᠎ᠠ ᠭᠡᠵᠦ ᠲᠣᠳᠣᠷᠬᠠᠶᠢᠯᠠᠪᠠ᠃ | ︽ᠰᠠᠨᠠᠯ︾ ᠳᠤ᠂ ᠳᠡᠮᠵᠢᠯᠭᠡ ᠪᠠᠲᠤᠯᠠᠭ᠎ᠠ ᠶᠢᠨ ᠰᠢᠰᠲ᠋ᠧᠮ ᠢ ᠪᠠᠬᠢᠵᠢᠭᠦᠯᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ | ᠦᠢᠯᠡᠴᠢᠯᠡᠭᠡᠨ ᠤ ᠪᠠᠶᠢᠭᠤᠯᠤᠮᠵᠢ ᠶᠢ ᠪᠠᠶᠢᠭᠤᠯᠤᠨ ᠬᠦᠴᠦᠷᠬᠡᠭᠵᠢᠭᠦᠯᠵᠦ᠂ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ ᠣᠯᠭᠤᠬᠤ ᠦᠢᠯᠡᠴᠢᠯᠡᠭᠡᠨ ᠤ | ᠪᠠᠶᠢᠭᠤᠯᠤᠮᠵᠢ᠂ ᠠᠵᠢᠯᠲᠠᠨ᠂ ᠭᠠᠵᠠᠷ ᠲᠠᠯᠠᠪᠤᠷ᠂ ᠵᠠᠷᠤᠳᠠᠯ ︽ᠳᠥᠷᠪᠡ ᠶᠢ ᠪᠣᠳᠠᠲᠠᠶᠢᠵᠢᠭᠤᠯᠬᠤ︾ ᠱᠠᠭᠠᠷᠳᠠᠯᠭ᠎ᠠ ᠶᠢ ᠲᠣᠭᠲᠠᠭᠠᠯ ᠶᠣᠰᠣᠭᠠᠷ ᠨᠠᠶᠢᠳᠠᠪᠤᠷᠢᠵᠢᠭᠤᠯᠵᠤ᠂ | ᠲᠤᠰᠬᠠᠶᠢᠵᠢᠭᠰᠠᠨ ᠠᠵᠢᠯ ᠣᠯᠭᠤᠬᠤ ᠵᠢᠯᠤᠭᠤᠳᠬᠤ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠲᠤ ᠠᠵᠢᠯ | ᠣᠯᠭᠤᠬᠤ ᠰᠤᠳᠤᠯᠭᠠᠨ ᠢ ᠭᠦᠨᠵᠡᠭᠡᠶᠢᠷᠡᠭᠦᠯᠬᠦ ᠬᠡᠷᠡᠭᠲᠡᠢ᠃ ᠲᠣᠭᠠᠴᠢᠯᠠᠭᠰᠠᠨ ᠠᠵᠢᠯ ᠣᠯᠭᠤᠯᠲᠠ ᠶᠢᠨ ᠦᠢᠯᠡᠴᠢᠯᠡᠭᠡᠨ ᠤ ᠰᠢᠨ᠎ᠡ ᠵᠠᠭᠪᠤᠷ ᠢ ᠳᠡᠯᠭᠡᠷᠡᠭᠦᠯᠵᠦ᠂ | ᠤᠯᠤᠰ ᠤᠨ ᠣᠶᠤᠲᠠᠳ ᠤᠨ ᠠᠵᠢᠯ ᠣᠯᠭᠤᠯᠲᠠ ᠶᠢᠨ ᠦᠢᠯᠡᠴᠢᠯᠡᠭᠡᠨ ᠤ ᠲᠠᠪᠴᠠᠩ ᠢ ᠪᠠᠶᠢᠭᠤᠯᠤᠨ ᠬᠦᠴᠦᠷᠬᠡᠭᠵᠢᠭᠦᠯᠬᠦ ᠬᠡᠷᠡᠭᠲᠡᠢ᠃ ᠡᠷᠬᠡ ᠲᠡᠭᠰᠢ ᠠᠵᠢᠯ | ᠣᠯᠭᠤᠯᠲᠠ ᠶᠢᠨ ᠣᠷᠴᠢᠨ ᠨᠥᠬᠦᠴᠡᠯ ᠪᠠ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠤᠯᠭᠠᠬᠤ ᠬᠡᠷᠡᠭᠲᠡᠢ᠃ ᠵᠣᠬᠢᠶᠠᠨ ᠪᠠᠶᠢᠭᠤᠯᠤᠨ ᠬᠡᠷᠡᠭᠵᠢᠭᠦᠯᠬᠦ ᠶᠢ | ᠴᠢᠩᠭᠠᠷᠠᠭᠤᠯᠵᠤ᠂ ᠠᠵᠢᠯ ᠤᠨ ᠬᠠᠮᠲᠤᠷᠠᠯ ᠬᠦᠴᠦᠨ ᠢ ᠨᠡᠮᠡᠭᠳᠡᠭᠦᠯᠬᠦ ᠬᠡᠷᠡᠭᠲᠡᠢ ᠭᠡᠵᠦ ᠱᠠᠭᠠᠷᠳᠠᠪᠠ᠃ | | |