ᠬᠤᠰᠢᠭᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠤᠨ ᠳᠤᠮᠳᠠᠳᠤ ᠪᠠᠭ᠎ᠠ | ᠰᠤᠷᠭᠠᠭᠤᠯᠢ ᠶᠢ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠶᠢᠨ ᠲᠣᠬᠢᠷᠠᠭᠤᠯᠤᠯᠲᠠ ᠶᠣᠰᠣᠭᠠᠷ᠂ 4 ᠰᠠᠷ᠎ᠠ ᠶᠢᠨ 9 ᠤ ᠡᠳᠦᠷ᠂ ᠬᠥᠯᠥᠨ ᠪᠤᠶᠢᠷ | ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠰᠢᠭᠤᠨ ᠤ ᠨᠢᠭᠡᠳᠦᠭᠡᠷ | ᠪᠠᠭ᠎ᠠ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ | ᠳᠡᠯᠭᠡᠷᠡᠭᠦᠯᠦᠨ ᠬᠡᠷᠡᠭᠯᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ | ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠦ᠋ ᠮᠢᠩ ᠡᠾᠦ᠋ᠢ᠂ ᠵᠧᠦ ᠬᠠᠢ ᠯᠢᠩ ᠪᠠᠷ᠎ᠠ ᠪᠣᠯᠣᠯᠴᠠᠪᠠ᠃ | | | | ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ ᠳᠤ᠂ ᠰᠤᠷᠭᠠᠭᠤᠯᠢ ᠶᠢᠨ ᠬᠦᠷᠢᠶᠡᠨ ᠤ ᠣᠷᠴᠢᠨ ᠲᠣᠭᠤᠷᠢᠨ ᠴᠡᠪᠡᠷ | ᠴᠡᠮᠴᠡᠭᠡᠷ᠂ ᠪᠠᠭᠰᠢ ᠰᠤᠷᠤᠭᠴᠢᠳ ᠴᠤᠭ ᠵᠢᠪᠬᠤᠭ᠎ᠠ ᠲᠡᠭᠦᠯᠳᠡᠷ᠂ ᠵᠢᠭᠠᠨ ᠰᠤᠷᠭᠠᠯᠲᠠ ᠡᠮᠬᠢ ᠳᠢᠭᠯᠢᠮ ᠲᠠᠢ ᠪᠠᠶᠢᠪᠠ᠃ ᠪᠦᠬᠡᠪᠠᠶᠠᠷ ᠤᠯᠤᠰ ᠤᠨ ᠨᠢᠭᠡᠳᠦᠯᠲᠡᠶ | ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠬᠡᠷᠡᠭᠯᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ | ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ ᠠᠵᠢᠯ ᠢ ᠥᠷᠨᠢᠭᠦᠯᠵᠦ ᠪᠠᠶᠢᠭ᠎ᠠ ᠪᠠᠶᠢᠳᠠᠯ ᠢ ᠨᠠᠷᠢᠯᠢᠭ ᠣᠶᠢᠯᠠᠭᠠᠵᠤ᠂ ᠪᠠᠭᠰᠢ ᠠᠵᠢᠯᠲᠠᠨ ᠲᠠᠢ ᠳᠣᠲᠣᠨᠣ ᠪᠠᠷ ᠶᠠᠷᠢᠯᠴᠠᠨ᠂ | ᠣᠷᠣᠰᠢᠵᠤ ᠪᠠᠶᠢᠭ᠎ᠠ ᠠᠰᠠᠭᠤᠳᠠᠯ ᠤᠨ ᠲᠤᠬᠠᠶ ᠰᠠᠨᠠᠯ ᠰᠠᠨᠠᠭᠤᠯᠭ᠎ᠠ ᠳᠤᠷᠠᠳᠪᠠ᠃ | ᠪᠦᠬᠡᠪᠠᠶᠠᠷ ᠵᠢᠭᠠᠵᠤ᠂ ᠤᠯᠤᠰ ᠤᠨ ᠨᠢᠭᠡᠳᠦᠯᠲᠡᠢ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ ᠪᠣᠯ ᠨᠠᠮ ᠤᠨ ᠲᠥᠪ ᠬᠤᠷᠢᠶ᠎ᠠ ᠠᠴᠠ | ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠂ ᠡᠨᠡ ᠬᠦ ᠠᠵᠢᠯ ᠢ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ | ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ ᠠᠵᠢᠯ ᠤᠨ ᠭᠤᠣᠯ ᠰᠢᠵᠢᠮ ᠤᠨ ᠰᠠᠭᠤᠷᠢ ᠠᠵᠢᠯ ᠪᠣᠯᠭᠠᠵᠤ᠂ ᠰᠤᠷᠭᠠᠨ ᠬᠥᠮᠦᠵᠢᠯ ᠤᠨ ᠵᠢᠭᠠᠨ ᠰᠤᠷᠭᠠᠯᠲᠠ ᠶᠢᠨ | ᠴᠢᠨᠠᠷ ᠴᠢᠨᠰᠠᠭ᠎ᠠ ᠶᠢ ᠬᠦᠴᠦᠯᠡᠨ ᠳᠡᠭᠡᠭᠰᠢᠯᠡᠭᠦᠯᠵᠦ᠂ ᠳᠡᠭᠡᠳᠦ ᠳᠤᠮᠳᠠᠳᠤ ᠪᠠ ᠶᠡᠭᠡ ᠰᠤᠷᠭᠠᠭᠤᠯᠢ ᠶᠢᠨ ᠰᠣᠷᠣᠭᠴᠢ ᠡᠯᠰᠡᠬᠦ ᠨᠢᠭᠡᠳᠦᠯᠲᠡᠶ ᠰᠢᠯᠭᠠᠯᠲᠠ ᠶᠢᠨ | ᠥᠭᠡᠷᠡᠴᠢᠯᠡᠯᠲᠡ ᠶᠢᠨ ᠠᠵᠢᠯ ᠢ ᠲᠤᠤᠱᠲᠠᠢ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | ᠪᠦᠬᠡᠪᠠᠶᠠᠷ᠂ ᠰᠤᠷᠭᠠᠨ ᠬᠥᠮᠦᠵᠢᠯ ᠬᠥᠭᠵᠢᠪᠡᠯ ᠤᠯᠤᠰ ᠣᠷᠣᠨ ᠮᠠᠨᠳᠤᠵᠤ᠂ ᠰᠤᠷᠭᠠᠨ ᠬᠥᠮᠦᠵᠢᠯ ᠬᠦᠴᠦᠷᠬᠡᠭᠵᠢᠪᠡᠯ ᠤᠯᠤᠰ ᠣᠷᠣᠨ ᠬᠦᠴᠦᠷᠬᠡᠭᠵᠢᠨ᠎ᠡ᠃ | ᠰᠤᠷᠭᠠᠨ ᠬᠥᠮᠦᠵᠢᠯ ᠤᠨ ᠰᠠᠯᠠᠭ᠎ᠠ ᠮᠥᠴᠢᠷ᠂ ᠡᠯ᠎ᠡ ᠰᠤᠷᠭᠠᠭᠤᠯᠢ ᠨᠤᠭᠤᠳ ᠤᠯᠤᠰ ᠲᠥᠷᠥ ᠶᠢᠨ ᠴᠢᠭᠯᠡᠯ ᠢᠶᠠᠨ ᠣᠨᠣᠪᠴᠢᠲᠠᠶ ᠡᠵᠡᠮᠳᠡᠵᠦ᠂ ᠰᠤᠷᠭᠠᠨ | ᠬᠥᠮᠦᠵᠢᠯ ᠤᠨ ᠠᠵᠢᠯ ᠢ ᠰᠡᠳᠬᠢᠯ ᠳᠡᠯᠪᠢᠨ ᠰᠠᠶᠢᠲᠤᠷ ᠬᠢᠵᠦ᠂ ᠰᠢᠯᠢᠳᠡᠭ ᠪᠠᠭᠰᠢ ᠶᠢ ᠣᠷᠣᠭᠤᠯᠤᠨ ᠠᠪᠴᠢᠷᠠᠬᠤ᠂ ᠭᠠᠳᠠᠭᠰᠢ ᠪᠠᠭᠰᠢ ᠲᠣᠮᠢᠯᠠᠵᠤ ᠰᠤᠷᠤᠯᠴᠠᠬᠤ᠂ | ᠬᠠᠨᠳᠤᠯᠭ᠎ᠠ ᠲᠠᠢ ᠪᠠᠷ ᠬᠥᠮᠦᠵᠢᠭᠦᠯᠬᠦ ᠵᠡᠷᠭᠡ ᠠᠷᠭ᠎ᠠ ᠪᠠᠷᠢᠯ ᠢᠶᠠᠷ ᠳᠠᠮᠵᠢᠨ᠂ ᠪᠠᠭᠰᠢ ᠶᠢᠨ ᠪᠦᠲᠦᠴᠡ ᠶᠢ ᠰᠢᠯᠢᠳᠡᠭᠵᠢᠭᠦᠯᠵᠦ᠂ ᠲᠤᠬᠠᠶᠢᠯᠠᠭᠰᠠᠨ ᠠᠵᠢᠯ ᠳᠠᠭᠠᠨ | ᠴᠠᠭᠠᠷᠠᠭᠰᠠᠨ ᠪᠠᠭᠰᠢ ᠶᠢᠨ ᠡᠩᠨᠡᠭᠡ ᠶᠢ ᠪᠠᠶᠢᠭᠤᠯᠬᠤ ᠬᠡᠷᠡᠭᠲᠡᠶ᠃ ᠰᠤᠷᠭᠠᠨ ᠬᠥᠮᠦᠵᠢᠯ ᠤᠨ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠶᠢ ᠠᠬᠢᠭᠤᠯᠵᠤ᠂ | ᠴᠦᠩᠴᠢᠩ ᠤᠨ ᠪᠠ ᠱᠤ᠋ ᠳᠤᠮᠳᠠᠳᠤ ᠰᠤᠷᠭᠠᠭᠤᠯᠢ ᠵᠡᠷᠭᠡ ᠴᠢᠨᠠᠷ ᠰᠠᠶᠢᠲᠠᠢ ᠰᠤᠷᠭᠠᠭᠤᠯᠢ ᠯᠤᠭ᠎ᠠ ᠶᠢᠨ ᠠᠯᠤᠰ ᠡᠵᠡᠮᠰᠢᠯᠲᠦ ᠰᠤᠷᠭᠠᠨ ᠬᠥᠮᠦᠵᠢᠯ ᠤᠨ | ᠬᠠᠮᠲᠤᠷᠠᠯᠴᠠᠭ᠎ᠠ ᠶᠢ ᠭᠦᠨᠵᠡᠭᠡᠶᠢᠷᠡᠭᠦᠯᠬᠦ ᠬᠡᠷᠡᠭᠲᠡᠢ᠃ ᠬᠠᠷᠠᠯᠲᠠ ᠪᠠᠷ ᠤᠳᠤᠷᠢᠳᠤᠮᠵᠢ ᠪᠣᠯᠭᠠᠬᠤ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ | ᠵᠠᠰᠠᠭ ᠤᠨ ᠣᠷᠳᠣᠨ ᠤ ᠪᠠᠲᠤᠯᠠᠭ᠎ᠠ ᠶᠢᠨ ᠡᠷᠴᠢᠮ ᠢ ᠴᠢᠩᠭᠠᠷᠠᠭᠤᠯᠵᠤ᠂ ᠬᠦᠴᠦᠨ ᠢᠶᠠᠨ ᠲᠥᠪᠯᠡᠷᠡᠭᠦᠯᠦᠨ ᠲᠣᠨᠤᠭ ᠲᠦᠬᠦᠭᠡᠷᠦᠮᠵᠢ ᠶᠢᠨ ᠳᠤᠲᠠᠭᠳᠠᠯ ᠢ | ᠨᠥᠬᠦᠪᠥᠷᠢᠯᠡᠵᠦ᠂ ᠵᠢᠭᠠᠨ ᠰᠤᠷᠭᠠᠯᠲᠠ ᠶᠢᠨ ᠣᠷᠴᠢᠨ ᠲᠣᠭᠤᠷᠢᠨ ᠢ ᠰᠠᠶᠢᠵᠢᠷᠠᠭᠤᠯᠵᠤ᠂ ᠰᠤᠷᠭᠠᠭᠤᠯᠢ ᠡᠷᠭᠢᠯᠡᠬᠦ ᠴᠢᠨᠠᠷ ᠴᠢᠨᠰᠠᠭ᠎ᠠ ᠶᠢ ᠳᠡᠭᠡᠭᠰᠢᠯᠡᠭᠦᠯᠦᠨ᠂ ᠠᠯᠪᠠᠨ | ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢᠨ ᠦᠷ᠎ᠡ ᠪᠦᠲᠦᠭᠡᠯ ᠢ ᠪᠠᠬᠢᠵᠢᠭᠦᠯᠦᠨ ᠳᠡᠭᠡᠭᠰᠢᠯᠡᠭᠦᠯᠵᠦ᠂ ᠠᠷᠠᠳ ᠣᠯᠠᠨ ᠤ | ᠰᠤᠷᠭᠠᠨ ᠬᠥᠮᠦᠵᠢᠯ ᠤᠨ ᠲᠤᠬᠠᠶ ᠬᠠᠨᠤᠮᠵᠢ ᠶᠢᠨ ᠬᠡᠮᠵᠢᠶ᠎ᠡ ᠪᠠ ᠬᠦᠷᠲᠡᠮᠵᠢ ᠶᠢᠨ ᠲᠥᠷᠥᠭᠳᠡᠯ ᠢ ᠲᠠᠰᠤᠷᠠᠯᠲᠠ ᠥᠬᠡᠶ ᠳᠡᠭᠡᠭᠰᠢᠯᠡᠭᠦᠯᠬᠦ ᠬᠡᠷᠡᠭᠲᠡᠶ ᠭᠡᠵᠦ ᠴᠢᠬᠤᠯᠠᠴᠢᠯᠠᠪᠠ | ᠃ | | |