ᠤᠷᠢᠬᠠᠨ ᠬᠠᠪᠤᠷ ᠰᠠᠭᠠᠲᠠᠵᠤ᠂ ᠲᠦᠮᠡᠨ ᠪᠣᠳᠠᠰ ᠠᠮᠢᠯᠠᠨ᠎ᠠ᠃ 4 ᠰᠠᠷ᠎ᠠ ᠶᠢᠨ 10 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ 2025 ᠣᠨ ᠤ | ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠠᠵᠢᠯ ᠪᠦᠬᠦ ᠲᠠᠯ᠎ᠠ ᠪᠠᠷ ᠡᠬᠢᠯᠡᠬᠦ ᠪᠣᠯᠣᠨ᠎ᠠ᠃ ᠲᠤᠰ ᠤᠳᠠᠭ᠎ᠠ ᠶᠢᠨ ᠰᠡᠯᠭᠦᠨ ᠮᠠᠯᠵᠢᠬᠤ ᠠᠵᠢᠯ ︽ᠪᠥᠬᠦᠳᠡ | ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ | ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠦᠷᠢᠮ︾ ᠵᠢᠴᠢ ︽ᠬᠥᠯᠥᠨ ᠪᠤᠶᠢᠷ ᠬᠤᠲᠠ ᠶᠢᠨ ᠭᠤᠷᠪᠠᠳᠤᠭᠠᠷ | ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠦᠯ︾ ᠵᠡᠷᠭᠡ | ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ᠂ ᠡᠮᠬᠢ ᠵᠢᠷᠤᠮ ᠲᠠᠢ ᠡᠬᠢᠯᠡᠬᠦ ᠪᠣᠯᠣᠨ᠎ᠠ᠃ 2025 ᠣᠨ ᠤ 4 ᠰᠠᠷ᠎ᠠ ᠶᠢᠨ 10 ᠤ ᠡᠳᠦᠷ ᠠᠴᠠ 5 | ᠰᠠᠷ᠎ᠠ ᠶᠢᠨ 25 ᠤ ᠡᠳᠦᠷ ᠪᠣᠯᠲᠠᠯ᠎ᠠ᠂ ᠰᠢᠨ᠎ᠡ ᠪᠠᠷᠭᠤ ᠪᠠᠷᠠᠭᠤᠨ ᠬᠤᠰᠢᠭᠤ 45 ᠡᠳᠦᠷ ᠤᠨ ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ | ᠬᠤᠭᠤᠴᠠᠭᠠᠨ ᠳᠠᠬᠢ ᠰᠡᠯᠭᠦᠨ ᠮᠠᠯᠵᠢᠬᠤ ᠠᠵᠢᠯ ᠦᠷᠨᠢᠭᠦᠯᠬᠦ ᠪᠠᠷ ᠲᠣᠭᠲᠠᠵᠤ᠂ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠨ᠂ ᠠᠮᠢ ᠠᠬᠤᠶ ᠶᠢᠨ ᠠᠮᠤᠷ | ᠲᠦᠪᠰᠢᠨ ᠢ ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠶᠢᠨ ᠲᠥᠯᠥᠭᠡ ᠶᠤᠮ᠃ | | | | ᠣᠶᠢᠯᠠᠭᠠᠭᠰᠠᠨ ᠢᠶᠠᠷ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ | ᠪᠣᠳᠣᠯᠭ᠎ᠠ ᠲᠠᠢ ᠤᠶᠠᠯᠳᠤᠭᠤᠯᠤᠨ᠂ ᠲᠣᠰ ᠤᠳᠠᠭᠠᠨ ᠤ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠬᠦᠷᠢᠶ᠎ᠡ ᠬᠡᠪᠴᠢᠶ᠎ᠡ ᠨᠢ ᠪᠥᠬᠦ ᠬᠤᠰᠢᠭᠤᠨ ᠤ | 7 ᠰᠤᠮᠤ ᠪᠠᠯᠭᠠᠰᠤ ᠶᠢᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠳᠣᠲᠣᠷᠠᠬᠢ ᠦᠬᠡᠷ᠂ ᠠᠳᠤᠭᠤ᠂ ᠬᠤᠨᠢ᠂ ᠢᠮᠠᠭ᠎ᠠ ᠶᠢ ᠬᠠᠮᠤᠷᠴᠤ᠂ | ᠲᠡᠮᠡᠭᠡ ᠶᠢ ᠰᠡᠯᠭᠦᠨ ᠮᠠᠯᠵᠢᠬᠤ ᠬᠡᠪᠴᠢᠶᠡᠨ ᠳᠤ ᠪᠠᠭᠲᠠᠭᠠᠬᠤ ᠦᠭᠡᠢ᠃ ᠪᠥᠬᠦ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ | ᠮᠠᠯᠵᠢᠬᠤ ᠣᠷᠣᠨ︶ ᠤ ᠲᠠᠯᠠᠪᠠᠶ 3128.67 ᠲᠦᠮᠡᠨ ᠮᠥ ᠪᠠᠶᠢᠨ᠎ᠠ᠃ | ᠰᠡᠯᠭᠦᠨ ᠮᠠᠯᠵᠢᠬᠤ ᠪᠠᠷᠢᠮᠵᠢᠶ᠎ᠠ ᠶᠢᠨ ᠲᠠᠯ᠎ᠠ ᠪᠠᠷ᠂ ᠮᠠᠯᠵᠢᠬᠤ ᠡᠷᠦᠬᠡ ᠳᠤ ᠬᠢᠨᠠᠨ ᠲᠣᠭᠲᠠᠭᠠᠭᠰᠠᠨ ᠳᠠᠭᠠᠭᠠᠴᠠ ᠶᠢᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ | ᠨᠢᠭᠡ ᠪᠤᠭ ᠮᠠᠯ ᠢ 1 ᠬᠤᠨᠢᠴᠢᠯᠠᠭᠰᠠᠨ ᠨᠢᠭᠡᠴᠡ᠂ ᠨᠢᠭᠡ ᠪᠣᠳᠠ ᠮᠠᠯ ᠢ 5 ᠬᠤᠨᠢᠴᠢᠯᠠᠭᠰᠠᠨ ᠨᠢᠭᠡᠴᠡ ᠪᠠᠷ ᠪᠣᠳᠣᠵᠤ᠂ ᠬᠤᠨᠢᠴᠢᠯᠠᠭᠰᠠᠨ ᠨᠢᠭᠡᠴᠡ ᠪᠦᠷᠢ ᠶᠢᠨ | ᠰᠡᠯᠭᠦᠨ ᠮᠠᠯᠵᠢᠬᠤ ᠬᠤᠭᠤᠴᠠᠭᠠᠨ ᠳᠠᠬᠢ ᠬᠦᠳᠡᠯᠭᠡᠭᠡᠨ ᠤ ᠲᠠᠯᠠᠪᠠᠢ ᠶᠢ ᠵᠠᠷᠴᠢᠮ ᠳᠡᠭᠡᠷ᠎ᠡ ᠪᠠᠨ 20 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠬᠦ ᠦᠭᠡᠢ | ᠮᠦᠷᠲᠡᠭᠡᠨ ᠬᠦᠳᠡᠯᠭᠡᠭᠡᠨ ᠤ ᠲᠠᠯᠠᠪᠠᠢ ᠶᠢ ᠮᠠᠯ ᠤᠨ ᠬᠠᠰᠢᠶ᠎ᠠ ᠰᠠᠷᠠᠪᠴᠢ ᠶᠢᠨ ᠡᠷᠭᠢᠨ ᠲᠣᠭᠤᠷᠢᠨ ᠳᠤ ᠪᠠᠶᠢᠷᠢᠯᠠᠭᠤᠯᠬᠤ ᠶᠢᠨ ᠬᠠᠮᠲᠤ᠂ ᠢᠯᠡᠷᠬᠡᠢ ᠲᠡᠮᠳᠡᠭ ᠢᠯᠡᠷᠬᠡᠶᠢᠯᠡᠯ | ᠪᠠᠶᠢᠬᠤ ᠬᠡᠷᠡᠭᠲᠡᠢ᠃ ᠡᠭᠦᠨ ᠤ ᠬᠠᠮᠲᠤ᠂ ᠲᠥᠯ ᠮᠠᠯ ᠢ ᠲᠤᠰᠠᠭᠠᠷᠯᠠᠬᠤ ᠪᠣᠳᠠᠲᠤ ᠬᠡᠷᠡᠭᠴᠡᠭᠡ ᠶᠢ ᠪᠣᠳᠣᠯᠬᠢᠯᠠᠵᠤ᠂ ᠡᠬᠡ ᠲᠥᠯ ᠤᠨ ᠬᠥᠳᠡᠯᠭᠡᠭᠡᠨ ᠤ ᠲᠠᠯᠠᠪᠠᠢ ᠶᠢ | ᠵᠣᠬᠢᠰᠲᠠᠶ ᠲᠣᠬᠢᠷᠠᠭᠤᠯᠵᠤ ᠪᠣᠯᠤᠨ᠎ᠠ᠂ ᠨᠢᠭᠡ ᠬᠤᠷᠠᠭ᠎ᠠ ᠲᠠᠢ ᠬᠤᠨᠢ ᠶᠢ 0.5 ᠮᠦ ᠠᠴᠠ ᠬᠡᠲᠦᠷᠡᠭᠦᠯᠵᠦ ᠪᠣᠯᠬᠤ ᠦᠭᠡᠢ ᠭᠡᠵᠦ ᠲᠣᠭᠲᠠᠭᠠᠪᠠ᠃ | | |