ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠦᠭᠰᠡᠨ ᠠᠴᠠ ᠨᠠᠭᠠᠰᠢ᠂ | ᠥᠪᠡᠷᠲᠡᠭᠡᠨ ᠵᠠᠰᠠᠬᠤ ᠣᠷᠣᠨ ᠤ ᠰᠢᠭᠤᠳ ᠬᠠᠷᠢᠶ᠎ᠠ ᠪᠠᠶᠢᠭᠤᠯᠭ᠎ᠠ ᠶᠢᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ | ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠳᠦᠷᠢᠮ ᠤᠨ | ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠣᠶᠢᠯᠠᠭᠠᠵᠤ᠂ ᠰᠤᠷᠤᠯᠴᠠᠯᠭ᠎ᠠ ᠬᠥᠮᠦᠵᠢᠯ ᠥᠷᠨᠢᠭᠦᠯᠬᠦ ᠶᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠯᠤᠭ᠎ᠠ ᠤᠬᠠᠮᠰᠠᠷ ᠠᠴᠠ ᠪᠠᠨ ᠤᠶᠠᠯᠳᠤᠭᠤᠯᠵᠤ᠂ ᠨᠢᠭᠡ | ᠭᠤᠣᠯ ᠰᠢᠵᠢᠮ ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠲᠠᠪᠤᠨ ᠶᠡᠭᠡ ᠡᠭᠦᠷᠭᠡ︾ ᠶᠢ ᠪᠡᠶᠡᠯᠡᠭᠦᠯᠬᠦ᠂ ︽ᠵᠢᠷᠭᠤᠭᠠᠨ ᠢᠨᠵᠧᠨᠧᠷᠢᠩ︾ | ᠢ ᠬᠡᠷᠡᠭᠵᠢᠭᠦᠯᠬᠦ᠂ ︽ᠵᠢᠷᠭᠤᠭᠠᠨ ᠠᠵᠢᠯᠯᠠᠭ᠎ᠠ︾ ᠶᠢ ᠥᠷᠨᠢᠭᠦᠯᠬᠦ ᠯᠦᠭᠡ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠪᠣᠳᠠᠲᠤ ᠦᠷ᠎ᠡ ᠪᠦᠲᠦᠮᠵᠢ | ᠣᠯᠬᠤ ᠪᠠᠷ ᠴᠢᠷᠮᠠᠶᠢᠵᠤ ᠪᠠᠶᠢᠨ᠎ᠠ᠃ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠭᠤᠯᠭ᠎ᠠ ᠶᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠢ ᠥᠷᠨᠢᠭᠦᠯᠬᠦ ᠲᠤᠬᠠᠢ ᠲᠣᠬᠢᠷᠠᠭᠤᠯᠤᠯᠲᠠ ᠶᠣᠰᠣᠭᠠᠷ᠂ ᠣᠶᠢᠷ᠎ᠠ ᠶᠢᠨ ᠡᠳᠦᠷ᠂ | ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ ᠤᠨ ᠪᠠᠶᠢᠭᠤᠯᠭ᠎ᠠ ᠶᠢᠨ ᠬᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ᠃ ᠨᠣᠮ ᠤᠩᠰᠢᠬᠤ ᠠᠩᠭᠢ ᠨᠢ ᠶᠡᠷᠦᠩᠬᠡᠢ ᠱᠦᠵᠢ | ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠬᠤ ᠪᠠᠷ ᠭᠤᠣᠯ ᠰᠡᠳᠦᠪ | ᠪᠤᠯᠭᠠᠵᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠷ ᠢᠶᠠᠨ ᠰᠤᠷᠤᠯᠴᠠᠬᠤ ᠶᠢ ᠤᠶᠠᠯᠳᠤᠭᠤᠯᠬᠤ ᠭᠡᠯᠪᠡᠷᠢ ᠪᠠᠷ ᠪᠠᠶᠢᠭᠤᠯᠭ᠎ᠠ ᠶᠢᠨ | ᠨᠠᠮ ᠤᠨ ᠭᠡᠰᠢᠭᠦᠨ ᠺᠠᠳ᠋ᠷᠴᠤᠳ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠴᠥᠬᠦᠷᠡᠯ ᠦᠭᠡᠢ ᠨᠠᠶᠢᠳᠠᠪᠤᠷᠢᠵᠢᠭᠤᠯᠵᠤ᠂ ᠲᠠᠨᠢᠯᠲᠠ ᠪᠠᠨ | ᠳᠡᠭᠡᠭᠰᠢᠯᠡᠭᠦᠯᠵᠦ᠂ ᠢᠲᠡᠭᠡᠯ ᠢᠶᠠᠨ ᠨᠡᠮᠡᠭᠳᠡᠭᠦᠯᠵᠦ᠂ ᠨᠠᠶᠢᠳᠠᠪᠤᠷᠢᠵᠢᠭᠤᠯᠤᠯᠲᠠ ᠶᠢ ᠡᠷᠡᠰ ᠭᠤᠶᠢᠪᠢᠰᠢ ᠦᠭᠡᠢ ᠰᠠᠶᠢᠲᠤᠷ ᠠᠳᠬᠤᠬᠤ ᠶᠢ ᠬᠥᠲᠥᠯᠥᠨ ᠵᠢᠯᠣᠭᠤᠳᠪᠠ᠃ | ᠤᠯᠠᠨ ᠢᠶᠠᠷ ᠢᠶᠠᠨ᠂ ᠤᠬᠠᠮᠰᠠᠷ ᠠᠴᠠ ᠪᠠᠨ ᠦᠵᠡᠯ ᠰᠠᠨᠠᠭ᠎ᠠ ᠪᠠ ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ | ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠡᠨᠡ ᠵᠢᠯ ᠤᠨ ᠪᠠᠶᠢᠭᠤᠯᠭ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠭᠤᠣᠯᠳᠠᠯᠭ᠎ᠠ ᠲᠠᠢ ᠡᠭᠦᠷᠭᠡ ᠪᠤᠯᠭᠠᠵᠤ᠂ ᠰᠤᠷᠤᠯᠴᠠᠬᠤ ᠶᠢᠨ ᠳᠠᠭᠠᠤ ᠪᠠᠶᠢᠴᠠᠭᠠᠵᠤ᠂ | ᠪᠠᠶᠢᠴᠠᠭᠠᠬᠤ ᠶᠢᠨ ᠳᠠᠭᠠᠤ ᠰᠠᠶᠢᠵᠢᠷᠠᠭᠤᠯᠵᠤ᠂ ᠰᠤᠷᠲᠠᠯ ᠢ ᠰᠠᠶᠢᠵᠢᠷᠠᠭᠤᠯᠤᠭᠰᠠᠨ ᠪᠣᠳᠠᠲᠠᠢ ᠦᠷ᠎ᠡ ᠪᠦᠲᠦᠮᠵᠢ ᠪᠠᠷ ︽ᠬᠤᠶᠠᠷ ᠢ ᠲᠣᠭᠲᠠᠭᠠᠭᠰᠠᠨ︾ ᠢ ᠬᠦᠷᠢᠶᠡᠯᠡᠵᠦ | ᠂ ︽ᠬᠤᠶᠠᠷ ᠢ ᠬᠠᠮᠠᠭᠠᠯᠠᠬᠤ︾ ᠶᠢ ᠦᠢᠯᠡᠳᠦᠯᠭᠡᠵᠢᠭᠦᠯᠦᠨ᠎ᠡ ᠭᠡᠵᠦ ᠰᠠᠨᠠᠯ ᠨᠢᠭᠡᠲᠡᠢ ᠢᠯᠡᠳᠬᠡᠵᠡᠭᠡᠪᠡ᠃ ᠬᠡᠯᠲᠡᠰ ᠤᠨ ᠤᠳᠤᠷᠢᠳᠤᠯᠭ᠎ᠠ᠂ ᠪᠠᠶᠢᠭᠤᠯᠭ᠎ᠠ ᠶᠢᠨ ᠡᠯ᠎ᠡ | ᠭᠠᠵᠠᠷ ᠲᠠᠰᠤᠭ᠂ ᠬᠠᠷᠢᠶ᠎ᠠ ᠠᠵᠢᠯ ᠦᠢᠯᠡᠰ ᠤᠨ ᠨᠢᠭᠡᠴᠢ ᠶᠢᠨ ᠬᠠᠷᠢᠭᠤᠴᠠᠯᠭᠠᠲᠠᠨ ᠨᠣᠮ ᠤᠩᠰᠢᠬᠤ ᠠᠩᠭᠢ ᠶᠢᠨ ᠰᠤᠷᠤᠯᠴᠠᠯᠭ᠎ᠠ ᠳᠤ ᠣᠷᠣᠯᠴᠠᠪᠠ᠃ | ᠲᠦᠷᠦᠭᠦᠬᠡᠨ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠨᠢᠭᠡᠳᠦᠮᠡᠯ ᠹᠷᠣᠨᠲ ᠤᠨ ᠬᠡᠯᠲᠡᠰ ᠲᠥᠪ ᠤᠨ ᠨᠠᠢᠮᠠᠨ ᠲᠣᠭᠲᠠᠭᠠᠯ ᠤᠨ ᠵᠣᠷᠢᠭ | ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ | ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠭᠦᠨᠵᠡᠭᠡᠢ ᠰᠤᠷᠤᠯᠴᠠᠵᠤ᠂ ᠬᠡᠯᠲᠡᠰ ᠤᠨ ᠪᠠᠶᠢᠭᠤᠯᠭ᠎ᠠ ᠶᠢᠨ ᠰᠤᠷᠤᠯᠴᠠᠯᠭ᠎ᠠ | ᠬᠥᠮᠦᠵᠢᠯ ᠢ ᠬᠦᠴᠦᠲᠡᠢ ᠪᠦᠲᠦᠮᠵᠢᠲᠡᠶ ᠯᠠᠪᠳᠠᠭᠤᠨ ᠪᠠᠲᠤᠲᠠᠢ ᠥᠷᠨᠢᠭᠦᠯᠬᠦ ᠶᠢ ᠠᠬᠢᠭᠤᠯᠪᠠ᠃ ᠨᠣᠮ ᠤᠩᠰᠢᠬᠤ ᠠᠩᠭᠢ ᠶᠢ ᠲᠤᠰᠬᠠᠢ ᠰᠡᠳᠦᠪ ᠢᠶᠠᠷ ᠬᠠᠪᠰᠤᠷᠤᠨ | ᠵᠢᠯᠤᠭᠤᠳᠬᠤ᠂ ᠲᠥᠪᠯᠡᠷᠡᠭᠦᠯᠦᠨ ᠥᠪᠡᠰᠦᠪᠡᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠭᠡᠯᠪᠡᠷᠢ ᠪᠠᠷ ᠶᠠᠪᠤᠭᠳᠠᠭᠤᠯᠪᠠ᠃ ︽ | ᠨᠠᠮ ᠤᠨ ᠲᠥᠪ ᠬᠤᠷᠢᠶ᠎ᠠ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ | ᠪᠠᠶᠢᠷᠢᠯᠠᠭᠤᠯᠤᠨ ᠥᠷᠨᠢᠭᠦᠯᠵᠦ᠂ ᠪᠦᠭᠦ ᠨᠠᠮ ᠳᠤ ᠰᠤᠷᠲᠠᠯ ᠤᠨ ᠪᠠᠶᠢᠭᠤᠯᠤᠯᠲᠠ ᠡᠭᠦᠷᠢᠳᠡ ᠵᠣᠭᠰᠣᠰᠢ ᠦᠭᠡᠢ ᠪᠠᠶᠢᠬᠤ ᠶᠢ ᠳᠠᠬᠢᠨᠲᠠ ᠲᠤᠩᠬᠠᠭᠯᠠᠵᠤ᠂ ᠨᠢᠭᠡ ᠨᠢᠭᠡ | ᠠᠯᠬᠤᠮ ᠢᠶᠠᠷ ᠬᠢᠵᠦ᠂ ᠡᠴᠦᠰ ᠲᠤᠨᠢ ᠲᠤᠯᠲᠠᠯ᠎ᠠ ᠠᠳᠬᠤᠬᠤ ᠡᠷᠡᠰ ᠪᠠᠲᠤ ᠵᠣᠷᠢᠭ ᠢ ᠢᠯᠡᠷᠡᠭᠦᠯᠪᠡ︾᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ | ᠨᠢᠭᠡᠳᠦᠮᠡᠯ ᠹᠷᠣᠨᠲ ᠤᠨ ᠬᠡᠯᠲᠡᠰ ᠤᠨ ᠲᠠᠶᠢᠸᠠᠨ ᠤ ᠠᠵᠢᠯ ᠪᠠ ᠬᠡᠷᠡᠭ ᠶᠠᠪᠤᠳᠠᠯ ᠤᠨ ᠭᠠᠵᠠᠷ ᠤᠨ ᠳᠠᠷᠤᠭ᠎ᠠ ᠵᠦ ᠵᠢᠶᠧ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ | ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶᠠᠨ ᠤ ᠠᠵᠢᠯ ᠤᠨ ᠱᠠᠭᠠᠷᠳᠠᠯᠭ᠎ᠠ | ᠳᠡᠭᠡᠷ᠎ᠡ ᠨᠢᠭᠡᠳᠬᠡᠵᠦ᠂ ᠰᠤᠷᠤᠯᠴᠠᠯᠭ᠎ᠠ ᠶᠢᠨ ᠳᠤᠮᠳᠠ ᠪᠢᠰᠢᠷᠡᠨ ᠵᠢᠷᠦᠬᠡᠰᠢᠶᠡᠬᠦ ᠶᠢ ᠮᠡᠳᠡᠵᠦ᠂ ᠪᠠᠶᠢᠴᠠᠭᠠᠯᠲᠠ ᠶᠢᠨ ᠳᠤᠮᠳᠠ ᠵᠥᠷᠢᠶ᠎ᠡ ᠪᠠᠨ ᠡᠷᠢᠵᠦ᠂ | ᠥᠭᠡᠷᠡᠴᠢᠯᠡᠯᠲᠡ ᠶᠢᠨ ᠳᠤᠮᠳᠠ ᠪᠣᠳᠠᠲᠤ ᠦᠷ᠎ᠡ ᠪᠦᠲᠦᠮᠵᠢ ᠣᠯᠵᠤ᠂ ᠨᠠᠮ ᠳᠠᠭᠠᠨ ᠦᠨᠡᠨᠴᠢ ᠰᠢᠳᠤᠷᠭᠤ᠂ ᠲᠤᠬᠠᠶᠢᠯᠠᠭᠰᠠᠨ ᠠᠵᠢᠯ ᠳᠠᠭᠠᠨ ᠴᠠᠭᠠᠷᠠᠭᠰᠠᠨ᠂ ᠰᠠᠬᠢᠯᠭ᠎ᠠ | ᠪᠠᠲᠤ ᠴᠢᠩᠭ᠎ᠠ ᠨᠢᠭᠡᠳᠦᠮᠡᠯ ᠹᠷᠣᠨᠲ ᠤᠨ ᠺᠠᠳ᠋ᠷ ᠪᠣᠯᠵᠤ᠂ ᠣᠳᠣᠬᠢᠴᠢᠯᠠᠭᠰᠠᠨ ᠥᠪᠥᠷ ᠮᠣᠩᠭᠤᠯ ᠤᠨ ᠪᠦᠲᠦᠭᠡᠨ ᠪᠠᠶᠢᠭᠤᠯᠤᠯᠲᠠ ᠳᠤ ᠤᠶᠤᠨ ᠤᠬᠠᠭᠠᠨ ᠪᠠ ᠬᠦᠴᠦᠨ | ᠴᠢᠳᠠᠯ ᠢ ᠨᠢᠭᠲᠠᠷᠠᠭᠤᠯᠤᠨ᠎ᠠ ᠭᠡᠵᠦ ᠢᠯᠡᠷᠬᠡᠶᠢᠯᠡᠪᠡ᠃ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠪᠡ᠃ ᠲᠣᠰ ᠤᠳᠠᠭ᠎ᠠ ᠶᠢᠨ ᠨᠣᠮ ᠤᠩᠰᠢᠬᠤ ᠠᠩᠭᠢ ᠳᠤ ᠲᠤᠰᠬᠠᠢ | ᠮᠡᠷᠭᠡᠵᠢᠯᠲᠡᠨ ᠢᠶᠠᠷ ᠬᠠᠪᠰᠤᠷᠤᠨ ᠵᠢᠯᠣᠭᠤᠳᠤᠭᠤᠯᠬᠤ᠂ ᠸᠢᠳᠢᠤ᠋ ᠦᠵᠡᠬᠦ᠂ ᠲᠥᠪᠯᠡᠷᠡᠭᠦᠯᠦᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠵᠡᠷᠭᠡ ᠭᠡᠯᠪᠡᠷᠢ | ᠪᠠᠷ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠴᠢᠬᠤᠯᠠ ᠥᠭᠦᠯᠡᠯᠲᠡ ᠶᠢ ᠰᠢᠰᠲ᠋ᠧᠮ ᠲᠠᠢ | ᠰᠤᠷᠤᠯᠴᠠᠵᠤ᠂ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ ᠶᠢ ᠲᠥᠪᠯᠡᠷᠡᠭᠦᠯᠦᠨ | ᠰᠤᠷᠤᠯᠴᠠᠵᠤ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ ᠳᠦᠷᠢᠮ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠭᠦᠨᠵᠡᠭᠡᠢ ᠰᠤᠷᠤᠯᠴᠠᠪᠠ᠃ ᠨᠣᠮ | ᠤᠩᠰᠢᠬᠤ ᠠᠩᠭᠢ ᠳᠤ ᠣᠷᠣᠯᠴᠠᠬᠰᠠᠨ ᠨᠠᠮ ᠤᠨ ᠭᠡᠰᠢᠭᠦᠨ ᠺᠠᠳ᠋ᠷᠴᠤᠳ᠂ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠲᠤᠭᠤᠰᠢᠯᠠᠭᠤᠯᠤᠨ | ᠨᠠᠶᠢᠳᠠᠪᠤᠷᠢᠵᠢᠭᠤᠯᠬᠤ ᠦᠵᠡᠯ ᠰᠠᠨᠠᠭᠠᠨ ᠤ ᠤᠬᠠᠮᠰᠠᠷ ᠪᠣᠯᠣᠨ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠦᠨᠡᠨ ᠬᠦ ᠴᠢᠩᠭᠠᠳᠬᠠᠵᠤ᠂ ᠦᠵᠡᠯ ᠰᠠᠨᠠᠭ᠎ᠠ ᠪᠣᠯᠣᠨ | ᠦᠢᠯᠡ ᠠᠵᠢᠯᠯᠠᠭ᠎ᠠ ᠪᠠᠨ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠳᠡᠭᠡᠷ᠎ᠡ ᠨᠢᠭᠡᠳᠬᠡᠵᠦ᠂ ᠳᠡᠭᠡᠳᠦ ᠬᠡᠮᠵᠢᠶᠡᠨ ᠤ ᠤᠯᠤᠰ | ᠲᠦᠷᠦ ᠶᠢᠨ ᠤᠬᠠᠮᠰᠠᠷ ᠢᠶᠠᠷ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ | ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠤᠨ ᠰᠤᠷᠲᠠᠯ ᠢ ᠦᠷᠭᠦᠯᠵᠢᠯᠡᠨ ᠰᠠᠶᠢᠵᠢᠷᠠᠭᠤᠯᠬᠤ ᠦᠷ᠎ᠡ ᠪᠦᠲᠦᠮᠵᠢ ᠪᠣᠯᠭᠠᠨ | ᠬᠤᠪᠢᠷᠠᠭᠤᠯᠵᠤ᠂ ᠪᠣᠳᠠᠲᠤ ᠦᠷ᠎ᠡ ᠪᠦᠲᠦᠮᠵᠢ ᠪᠠᠷ ᠢᠶᠠᠨ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠵᠦ᠂ ︽ᠬᠤᠶᠠᠷ ᠢ ᠬᠠᠮᠠᠭᠠᠯᠠᠬᠤ︾ ᠶᠢ ᠡᠷᠡᠰ | ᠪᠡᠶᠡᠯᠡᠭᠦᠯᠦᠨ᠎ᠡ ᠭᠡᠵᠦ ᠢᠯᠡᠳᠬᠡᠵᠡᠭᠡᠪᠡ᠃ | ᠣᠶᠢᠷ᠎ᠠ ᠳᠤ᠂ ᠥᠪᠡᠷᠲᠡᠭᠡᠨ ᠵᠠᠰᠠᠬᠤ ᠣᠷᠣᠨ ᠤ ᠰᠤᠷᠭᠠᠨ ᠬᠥᠮᠦᠵᠢᠯ ᠤᠨ ᠲᠢᠩᠬᠢᠮ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠭᠤᠯᠵᠤ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠠᠵᠢᠯ ᠤᠨ ᠲᠥᠰᠥᠯ ᠢ ᠬᠢᠨᠠᠨ ᠵᠥᠪᠯᠡᠵᠦ | ᠪᠠᠲᠤᠯᠠᠵᠠᠢ᠃ ᠰᠤᠷᠭᠠᠨ ᠬᠥᠮᠦᠵᠢᠯ ᠤᠨ ᠲᠢᠩᠬᠢᠮ ᠠᠴᠠ᠂ ᠲᠦᠷᠦᠯ ᠬᠤᠪᠢᠶᠠᠨ ᠬᠤᠪᠢᠶᠠᠷᠢᠴᠢᠯᠠᠨ ᠰᠤᠳᠤᠯᠤᠨ ᠶᠠᠷᠢᠯᠴᠠᠵᠤ᠂ ᠰᠤᠷᠲᠠᠯ ᠤᠨ ᠪᠠᠶᠢᠭᠤᠯᠤᠯᠲᠠ ᠶᠢᠨ | ᠦᠵᠡᠯ ᠰᠠᠨᠠᠭᠠᠨ ᠤ ᠰᠠᠭᠤᠷᠢ ᠶᠢ ᠪᠠᠬᠢᠵᠢᠭᠦᠯᠵᠦ᠂ ᠪᠠᠷᠢᠮᠵᠢᠶᠠᠯᠠᠨ ᠬᠠᠷᠭᠤᠭᠤᠯᠵᠤ ᠠᠰᠠᠭᠤᠳᠠᠯ ᠢ ᠪᠠᠶᠢᠴᠠᠭᠠᠨ ᠳᠡᠯᠭᠡᠵᠦ᠂ ᠪᠦᠭᠦ ᠲᠠᠯ᠎ᠠ ᠪᠠᠷ ᠦᠨᠳᠦᠰᠦ | ᠰᠤᠷᠪᠤᠯᠵᠢ ᠶᠢ ᠨᠢ ᠣᠨᠣᠪᠴᠢᠲᠠᠢ ᠡᠷᠢᠨ᠂ ᠭᠤᠣᠯᠳᠠᠯᠭ᠎ᠠ ᠶᠢ ᠲᠣᠪᠤᠶᠢᠯᠭᠠᠨ ᠲᠥᠪᠯᠡᠷᠡᠭᠦᠯᠦᠨ ᠴᠡᠭᠴᠡᠯᠡᠨ ᠵᠠᠰᠠᠵᠤ᠂ ᠬᠠᠷᠠᠯᠲᠠ ᠲᠠᠢ ᠪᠠᠷ ᠬᠦᠴᠦᠯᠡᠵᠦ ᠰᠤᠷᠲᠠᠯ ᠤᠨ | ᠠᠷᠬᠠᠭ ᠭᠡᠮ ᠢ ᠠᠷᠢᠯᠭᠠᠨ᠂ ᠪᠣᠳᠠᠲᠠᠢ ᠦᠷ᠎ᠡ ᠪᠦᠲᠦᠮᠵᠢ ᠪᠠᠷ ᠢᠶᠠᠨ ᠤᠯᠠᠨ ᠲᠦᠮᠡᠨ ᠢ ᠬᠠᠨᠤᠮᠵᠢᠳᠠᠢ ᠪᠠᠶᠢᠯᠭᠠᠬᠤ ᠬᠡᠷᠡᠭᠲᠡᠢ᠃ ᠰᠤᠷᠤᠯᠴᠠᠯᠭ᠎ᠠ ᠬᠥᠮᠦᠵᠢᠯ ᠢ ᠨᠠᠮ ᠤᠨ | ᠲᠥᠪ ᠬᠤᠷᠢᠶᠠᠨ ᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠬᠤ᠂ ᠨᠠᠮ ᠤᠨ ᠰᠤᠷᠲᠠᠯ ᠴᠢᠬᠡᠴᠢ | ᠵᠠᠰᠠᠭ ᠤᠨ ᠪᠠᠶᠢᠭᠤᠯᠤᠯᠲᠠ ᠪᠠ ᠢᠯᠵᠢᠷᠡᠯ ᠢ ᠡᠰᠡᠷᠭᠦᠴᠡᠬᠦ ᠲᠡᠮᠡᠴᠡᠯ ᠢ ᠭᠦᠨᠵᠡᠭᠡᠢ ᠠᠬᠢᠭᠤᠯᠬᠤ᠂ ᠬᠤᠶᠠᠷ ᠶᠡᠭᠡ ᠶᠠᠪᠤᠳᠠᠯ ᠢ ᠰᠠᠶᠢᠲᠤᠷ ᠬᠢᠬᠦ᠂ ︽ᠨᠠᠮ ᠤᠨ ᠠᠴᠢ ᠳᠤ | ᠲᠠᠯᠠᠷᠬᠠᠵᠤ᠂ ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠣᠯᠠᠨ ᠲᠦᠮᠡᠨᠴᠢ ᠬᠥᠮᠦᠵᠢᠯ ᠢ ᠪᠠᠶᠢᠩᠭᠤ ᠥᠷᠨᠢᠭᠦᠯᠬᠦ᠂ ᠰᠤᠷᠭᠠᠨ | ᠬᠥᠮᠦᠵᠢᠯ ᠢᠶᠠᠷ ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ ᠶᠢᠨ ᠲᠥᠯᠦᠪᠵᠢᠭᠦᠯᠭᠡ ᠶᠢᠨ ᠬᠥᠲᠥᠯᠪᠦᠷᠢ ᠶᠢ ᠨᠠᠶᠢᠳᠠᠪᠤᠷᠢᠵᠢᠭᠤᠯᠬᠤ᠂ ᠰᠤᠷᠭᠠᠨ | ᠬᠥᠮᠦᠵᠢᠯ ᠤᠨ ᠬᠦᠴᠦᠷᠬᠡᠭ ᠣᠷᠣᠨ ᠤ ᠪᠠᠶᠢᠭᠤᠯᠤᠯᠲᠠ ᠶᠢ ᠲᠦᠷᠭᠡᠳᠬᠡᠬᠦ ᠯᠦᠭᠡ ᠤᠶᠠᠯᠳᠤᠭᠤᠯᠬᠤ᠂ ᠲᠣᠭᠤᠷᠢᠨ ᠪᠠᠶᠢᠴᠠᠭᠠᠵᠤ ᠴᠡᠭᠴᠡᠯᠡᠨ ᠰᠠᠶᠢᠵᠢᠷᠠᠭᠤᠯᠬᠤ᠂ | ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠠ | ᠢᠯᠵᠢᠷᠡᠯ ᠤᠨ ᠠᠰᠠᠭᠤᠳᠠᠯ ᠢ ᠴᠡᠭᠴᠡᠯᠡᠨ ᠵᠠᠰᠠᠬᠤ ᠶᠢ ᠨᠢᠭᠡ ᠴᠣᠭᠴᠠᠵᠢᠭᠤᠯᠤᠨ ᠠᠬᠢᠭᠤᠯᠵᠤ᠂ ᠰᠤᠷᠤᠯᠴᠠᠬᠤ ᠳᠤ ᠶᠠᠰᠤ ᠴᠢᠨᠠᠷ ᠲᠠᠢ᠂ ᠪᠠᠶᠢᠴᠠᠭᠠᠬᠤ ᠳᠤ ᠡᠷᠴᠢᠮ ᠲᠠᠢ | ᠂ ᠥᠭᠡᠷᠡᠴᠢᠯᠡᠯᠲᠡ ᠶᠢᠨ ᠦᠷ᠎ᠡ ᠪᠦᠲᠦᠮᠵᠢ ᠲᠠᠢ ᠪᠠᠶᠢᠬᠤ ᠶᠢ ᠪᠠᠲᠤᠯᠠᠬᠤ ᠬᠡᠷᠡᠭᠲᠡᠢ ᠭᠡᠵᠦ ᠲᠣᠳᠣᠷᠬᠠᠶᠢᠯᠠᠪᠠ᠃ | ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ | ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠲᠥᠪ ᠤᠨ ᠨᠠᠢᠮᠠᠨ ᠲᠣᠭᠲᠠᠭᠠᠯ ᠵᠢᠴᠢ ᠬᠡᠷᠡᠭᠵᠢᠭᠦᠯᠬᠦ ᠨᠠᠷᠢᠨ | ᠳᠦᠷᠢᠮ ᠤᠨ ᠵᠣᠷᠢᠭ ᠰᠠᠨᠠᠭᠠᠨ ᠤ ᠭᠤᠣᠯ ᠠᠭᠤᠯᠭ᠎ᠠ᠂ ᠦᠢᠯᠡᠳᠦᠯᠭᠡ ᠶᠢᠨ ᠱᠠᠭᠠᠷᠳᠠᠯᠭ᠎ᠠ ᠶᠢ ᠭᠦᠨᠵᠡᠭᠡᠢ ᠣᠶᠢᠯᠠᠭᠠᠬᠤ ᠪᠠᠷ ᠳᠠᠮᠵᠢᠨ᠂ ᠨᠠᠮ ᠤᠨ ᠭᠡᠰᠢᠭᠦᠨ | ᠺᠠᠳ᠋ᠷᠴᠤᠳ ᠤᠨ ᠰᠤᠷᠲᠠᠯ ᠤᠨ ᠪᠠᠶᠢᠭᠤᠯᠤᠯᠲᠠ ᠶᠢᠨ ᠦᠵᠡᠯ ᠰᠠᠨᠠᠭᠠᠨ ᠤ ᠰᠡᠷᠭᠡᠶᠢᠯᠡᠯᠲᠡ ᠶᠢᠨ ᠱᠤᠭᠤᠮ ᠢ ᠤᠯᠠᠮ ᠴᠢᠨᠠᠭᠰᠢᠳᠠ ᠪᠠᠬᠢᠵᠢᠭᠦᠯᠬᠦ ᠶᠢ ᠠᠬᠢᠭᠤᠯᠪᠠ᠃ | ᠲᠢᠩᠬᠢᠮ ᠤᠨ ᠨᠠᠮ ᠤᠨ ᠬᠤᠷᠢᠶᠠᠨ ᠤ ᠤᠳᠤᠷᠢᠳᠬᠤ ᠪᠠᠭ ᠤᠨ ᠪᠦᠷᠢᠯᠳᠦᠭᠦᠨ ᠲᠦᠷᠦᠭᠦᠯᠡᠨ ᠲᠥᠪᠯᠡᠷᠡᠭᠦᠯᠦᠨ ᠥᠪᠡᠰᠦᠪᠡᠨ ᠰᠤᠷᠤᠯᠴᠠᠵᠤ᠂ ᠦᠨᠡᠨ ᠬᠦ ᠤᠷᠢᠳ ᠢᠶᠠᠷ | ᠰᠤᠷᠤᠯᠴᠠᠵᠤ᠂ ᠭᠦᠨᠵᠡᠭᠡᠢ ᠰᠤᠷᠤᠯᠴᠠᠵᠠᠢ᠃ ᠨᠣᠮ ᠤᠩᠰᠢᠬᠤ ᠠᠩᠭᠢ ᠶᠢᠨ ᠬᠢᠨ ᠪᠠᠰᠠ ᠲᠤᠰᠬᠠᠢ ᠮᠡᠷᠭᠡᠵᠢᠯᠲᠡᠨ ᠡᠷᠳᠡᠮᠲᠡᠨ ᠢᠶᠠᠷ ᠵᠢᠯᠤᠭᠤᠳᠤᠯᠤᠨ ᠰᠤᠷᠤᠯᠴᠠᠬᠤ ᠶᠢ | ᠴᠢᠩᠭᠠᠳᠬᠠᠵᠤ᠂ ᠰᠢᠨ᠎ᠡ ᠴᠠᠭ ᠦᠶ᠎ᠡ ᠶᠢᠨ ᠰᠤᠷᠲᠠᠯ ᠤᠨ ᠪᠠᠶᠢᠭᠤᠯᠤᠯᠲᠠ ᠶᠢ ᠶᠠᠭᠤᠨ ᠳᠤ ᠠᠳᠬᠤᠬᠤ᠂ ᠶᠠᠭᠤ ᠶᠢ ᠠᠳᠬᠤᠬᠤ᠂ ᠶᠠᠭᠠᠬᠢᠵᠤ ᠠᠳᠬᠤᠬᠤ ᠵᠡᠷᠭᠡ | ᠴᠢᠬᠤᠯᠠ ᠠᠰᠠᠭᠤᠳᠠᠯ ᠢ ᠭᠦᠨᠵᠡᠭᠡᠢ ᠣᠶᠢᠯᠠᠭᠠᠬᠤ ᠶᠢᠨ ᠲᠣᠭᠤᠷᠢᠨ ᠳᠤ ᠪᠦᠭᠦ ᠨᠠᠮ ᠤᠨ ᠭᠡᠰᠢᠭᠦᠨ ᠺᠠᠳ᠋ᠷᠴᠤᠳ ᠲᠤ ᠲᠤᠰᠬᠠᠢ ᠰᠡᠳᠦᠪ ᠢᠶᠠᠷ ᠬᠠᠪᠰᠤᠷᠤᠨ | ᠵᠢᠯᠣᠭᠤᠳᠤᠯᠭ᠎ᠠ ᠬᠢᠵᠦ᠂ ᠬᠦᠰᠡᠯᠡᠩ ᠢᠲᠡᠭᠡᠯ ᠪᠢᠰᠢᠷᠡᠯ ᠢᠶᠠᠨ ᠪᠠᠲᠤᠳᠬᠠᠵᠤ᠂ ᠰᠤᠷᠲᠠᠯ ᠤᠨ ᠪᠣᠯᠪᠠᠰᠤᠷᠠᠯ ᠢᠶᠠᠨ ᠴᠢᠩᠭᠠᠳᠬᠠᠬᠤ ᠶᠢ ᠬᠥᠲᠥᠯᠥᠨ ᠵᠢᠯᠣᠭᠤᠳᠪᠠ᠃ | ᠥᠪᠡᠷᠲᠡᠭᠡᠨ ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠲᠢᠩᠬᠢᠮ ᠤᠨ ᠬᠤᠯᠪᠣᠭᠳᠠᠯ ᠪᠦᠬᠦᠢ ᠬᠠᠷᠢᠭᠤᠴᠠᠯᠭᠠᠲᠠᠨ᠂ ᠥᠪᠡᠷᠲᠡᠭᠡᠨ | ᠵᠠᠰᠠᠬᠤ ᠣᠷᠣᠨ ᠤ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠰᠢᠰᠲ᠋ᠧᠮ ᠤᠨ ᠬᠢᠨ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠡᠮᠬᠢ ᠵᠢᠷᠤᠮ ᠲᠠᠢ ᠪᠦᠲᠦᠮᠵᠢᠲᠡᠶ ᠥᠷᠨᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠨᠠᠮ ᠤᠨ ᠭᠡᠰᠢᠭᠦᠨ | ᠺᠠᠳ᠋ᠷᠴᠤᠳ ᠢ ᠬᠥᠲᠥᠯᠥᠨ ᠵᠢᠯᠤᠭᠤᠳᠴᠤ ᠨᠠᠩ ᠰᠢᠯᠢᠳᠡᠭ ᠰᠤᠷᠲᠠᠯ ᠢᠶᠠᠷ ᠪᠠᠴᠢᠮ ᠪᠠᠶᠢᠳᠠᠯ ᠢ ᠠᠷᠭᠠᠴᠠᠭᠠᠬᠤ ᠬᠠᠮᠢᠶᠠᠷᠤᠯᠲᠠ ᠶᠢᠨ ᠦᠢᠯᠡᠰ ᠤᠨ ᠥᠭᠡᠷᠡᠴᠢᠯᠡᠯᠲᠡ | ᠬᠢᠵᠦ ᠰᠢᠨ᠎ᠡ ᠶᠢ ᠡᠭᠦᠳᠬᠦ ᠶᠢ ᠠᠬᠢᠭᠤᠯᠵᠤ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠣᠯᠣᠨ ᠨᠡᠶᠢᠭᠡᠮ ᠤᠨ ᠶᠡᠭᠡ ᠲᠠᠯ᠎ᠠ ᠶᠢᠨ | ᠲᠣᠭᠲᠠᠭᠤᠨ ᠢ ᠦᠨᠡᠨ ᠬᠦ ᠪᠠᠲᠤᠯᠠᠬᠤ ᠬᠡᠷᠡᠭᠲᠡᠢ ᠭᠡᠵᠦ ᠢᠯᠡᠷᠬᠡᠶᠢᠯᠡᠪᠡ᠃ | ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠬᠡᠷᠡᠭᠵᠢᠭᠦᠯᠬᠦ ᠲᠥᠰᠥᠯ ᠵᠢᠴᠢ ᠡᠭᠦᠷᠭᠡ ᠶᠢᠨ ᠨᠠᠷᠢᠨ ᠲᠠᠩᠰᠠ ᠶᠢ ᠲᠣᠭᠲᠠᠭᠠᠵᠤ᠂ 17 ᠵᠦᠢᠯ ᠤᠨ ᠪᠣᠳᠠᠲᠠᠢ | ᠡᠭᠦᠷᠭᠡ ᠶᠢ ᠳᠤᠷᠠᠳᠴᠤ᠂ ᠲᠦᠷᠦᠭᠦᠯᠡᠨ ᠬᠢᠬᠦ ᠰᠠᠯᠠᠭ᠎ᠠ ᠮᠥᠴᠢᠷ︵ᠨᠢᠭᠡᠴᠢ︶ ᠪᠣᠯᠣᠨ ᠪᠡᠶᠡᠯᠡᠭᠦᠯᠬᠦ ᠴᠠᠭ ᠤᠨ ᠬᠢᠵᠠᠭᠠᠷ ᠢ ᠲᠣᠳᠣᠷᠬᠠᠶᠢᠯᠠᠪᠠ᠃ ᠲᠦᠷᠦᠭᠦᠬᠡᠨ᠂ | ᠬᠠᠮᠲᠤ ᠪᠠᠷ ᠰᠤᠷᠤᠯᠴᠠᠬᠤ᠂ ᠲᠤᠰᠬᠠᠢ ᠰᠡᠳᠦᠪ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠰᠤᠳᠤᠯᠤᠨ ᠶᠠᠷᠢᠯᠴᠠᠬᠤ ᠶᠢ ᠤᠶᠠᠯᠳᠤᠭᠤᠯᠬᠤ ᠭᠡᠯᠪᠡᠷᠢ ᠪᠠᠷ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ | ᠤᠳᠤᠷᠢᠳᠬᠤ ᠪᠠᠭ ᠤᠨ ᠪᠦᠷᠢᠯᠳᠦᠭᠦᠨ ᠨᠠᠷ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ | ︾ ᠶᠢᠨ ᠤᠭ ᠵᠣᠬᠢᠶᠠᠯ ᠢ ᠪᠦᠯᠦᠭ ᠪᠦᠯᠦᠭ ᠢᠶᠠᠷ ᠳᠠᠭᠠᠭᠤᠯᠤᠨ ᠰᠤᠷᠤᠯᠴᠠᠵᠠᠶ᠃ ᠥᠪᠡᠷᠲᠡᠭᠡᠨ ᠵᠠᠰᠠᠬᠤ ᠣᠷᠣᠨ ᠤ ᠠᠵᠢᠯᠴᠢᠨ ᠤ ᠶᠡᠷᠦᠩᠬᠡᠢ ᠡᠪᠯᠡᠯ ᠠᠴᠠ᠂ | ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠶᠡᠷᠦᠩᠬᠡᠢ ᠱᠦᠵᠢ ᠰᠢ ᠶᠢᠨ ᠫᠢᠩ ᠤᠨ ᠥᠪᠥᠷ | ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠬᠤ ᠲᠠᠢ ᠤᠶᠠᠯᠳᠤᠭᠤᠯᠵᠤ᠂ ︽ᠨᠠᠮ ᠤᠨ ᠠᠴᠢ ᠳᠤ ᠲᠠᠯᠠᠷᠬᠠᠵᠤ᠂ | ᠨᠠᠮ ᠤᠨ ᠦᠭᠡ ᠶᠢ ᠰᠣᠨᠣᠰᠴᠤ᠂ ᠨᠠᠮ ᠢᠶᠠᠨ ᠲᠠᠭᠠᠨ ᠤᠷᠤᠭᠰᠢᠯᠠᠬᠤ︾ ᠤᠯᠠᠨ ᠲᠦᠮᠡᠨᠴᠢ ᠬᠥᠮᠦᠵᠢᠯ᠂ ︽ᠰᠤᠷᠲᠠᠯ ᠤᠨ ᠪᠠᠶᠢᠭᠤᠯᠤᠯᠲᠠ ᠶᠢ ᠥᠷᠭᠡᠳᠬᠡᠬᠦ ᠣᠨ︾ ᠤ | ᠠᠵᠢᠯᠯᠠᠭ᠎ᠠ ᠶᠢ ᠪᠠᠶᠢᠩᠭᠤ ᠥᠷᠨᠢᠭᠦᠯᠬᠦ ᠲᠠᠢ ᠤᠶᠠᠯᠳᠤᠭᠤᠯᠵᠤ᠂ ᠰᠤᠷᠤᠯᠴᠠᠯᠭ᠎ᠠ ᠬᠥᠮᠦᠵᠢᠯ ᠤᠨ ᠦᠷ᠎ᠡ ᠪᠦᠲᠦᠭᠡᠯ ᠢ ᠠᠵᠢᠯᠴᠢᠨ ᠤ ᠡᠪᠯᠡᠯ ᠤᠨ ︽ᠵᠢᠷᠭᠤᠭᠠᠨ | ᠠᠵᠢᠯᠯᠠᠭ᠎ᠠ︾ ᠶᠢ ᠰᠠᠶᠢᠲᠤᠷ ᠬᠢᠵᠦ᠂ ᠥᠪᠡᠷᠲᠡᠭᠡᠨ ᠵᠠᠰᠠᠬᠤ ᠣᠷᠣᠨ ᠤ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠦᠢᠯᠡᠴᠢᠯᠡᠬᠦ ᠬᠦᠴᠦᠷᠬᠡᠭ | ᠶᠡᠭᠡ ᠬᠥᠳᠡᠯᠭᠡᠬᠦ ᠬᠦᠴᠦᠨ ᠪᠣᠯᠭᠠᠨ ᠬᠤᠪᠢᠷᠠᠭᠤᠯᠬᠤ ᠬᠡᠷᠡᠭᠲᠡᠢ ᠭᠡᠵᠦ ᠱᠠᠭᠠᠷᠳᠠᠪᠠ᠃ | | |