ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠬᠡᠷᠡᠭᠵᠢᠭᠦᠯᠦᠭᠡᠳ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ ᠪᠣᠢ
ᠨᠡᠶᠢᠲᠡᠯᠡᠭᠰᠡᠨ ᠴᠠᠭ᠄
2025/4/10
      ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ ︽ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ︾ ᠦᠢᠯᠡᠴᠢᠯᠡᠭᠡ ᠶᠢ ᠬᠡᠷᠡᠭᠵᠢᠭᠦᠯᠦᠭᠡᠳ ᠠᠵᠤ ᠠᠬᠤᠶᠢᠯᠠᠯ ᠤᠨ ᠬᠥᠭᠵᠢᠯᠲᠡ ᠳᠤ ᠬᠦᠴᠦᠨ ᠨᠡᠮᠡᠷᠢᠯᠡᠵᠦ ᠪᠠᠶᠢᠨ᠎ᠠ᠃ ᠨᠢᠭᠡ ᠳᠤ᠂ ︽ᠲᠤᠰᠬᠠᠶ ᠪᠠᠭ ᠳᠠᠭᠠᠭᠤᠯᠤᠨ ᠭᠦᠢᠴᠡᠳᠬᠡᠬᠦ︾ ᠬᠡᠪ ᠵᠠᠭᠪᠤᠷ ᠢ ᠬᠡᠷᠡᠭᠵᠢᠭᠦᠯᠵᠦ᠂ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ 110 ᠭᠠᠷᠤᠶ ᠡᠩᠨᠡᠭᠡ ᠶᠢ ᠵᠣᠬᠢᠶᠠᠨ ᠪᠠᠶᠢᠭᠤᠯᠵᠤ᠂ ᠴᠢᠬᠤᠯᠠ ᠶᠡᠭᠡ ᠲᠥᠷᠥᠯ ᠵᠦᠢᠯ ᠳᠤ ᠪᠥᠬᠦ ᠶᠠᠪᠤᠴᠠ ᠶᠢᠨ ᠦᠢᠯᠡᠴᠢᠯᠡᠭᠡ ᠬᠠᠩᠭᠠᠵᠤ ᠪᠣᠢ᠂ ᠣᠳᠣᠬᠠᠨ ᠳᠤ ᠨᠢᠭᠡᠨᠲᠡ 278 ᠲᠥᠷᠥᠯ ᠵᠦᠢᠯ ᠳᠤ ᠦᠢᠯᠡᠴᠢᠯᠡᠵᠦ᠂ ᠪᠦᠲᠦᠮᠵᠢᠲᠡᠶ ᠪᠠᠯᠠ ᠣᠷᠣᠭᠤᠯᠤᠯᠲᠠ ᠶᠢ 857.78 ᠳ᠋ᠦᠩᠰᠢᠭᠤᠷ ᠲᠥᠭᠦᠷᠢᠭ ᠲᠠᠯᠪᠢᠪᠠ᠃ ᠬᠤᠶᠠᠷ ᠲᠤ᠂ ᠰᠠᠨᠠᠭᠠᠴᠢᠯᠠᠭ᠎ᠠ ᠠᠴᠠ ᠪᠠᠨ ᠵᠣᠯᠭᠠᠭᠤᠯᠬᠤ᠂ ᠵᠠᠬᠢᠶᠠᠯᠠᠨ ᠦᠢᠯᠡᠳᠬᠦ ᠳᠤ ᠦᠢᠯᠡᠴᠢᠯᠡᠬᠦ ᠪᠠ ᠬᠦᠴᠢᠷ ᠠᠰᠠᠭᠤᠳᠠᠯ ᠢ ᠮᠥᠷᠳᠡᠨ ᠰᠢᠢᠳᠪᠦᠷᠢᠯᠡᠬᠦ ᠪᠠᠷ ᠭᠠᠵᠠᠷ ᠲᠤ ᠨᠢ ᠬᠦᠷᠴᠦ ᠣᠴᠢᠭᠠᠳ ᠣᠷᠣᠯᠠᠨ ᠭᠦᠢᠴᠡᠳᠬᠡᠬᠦ ᠦᠢᠯᠡᠴᠢᠯᠡᠭᠡ ᠶᠢ ᠬᠡᠷᠡᠭᠵᠢᠭᠦᠯᠪᠡ᠃ ᠵᠢᠱᠢᠶᠡᠯᠡᠪᠡᠯ᠂ ᠠᠯᠠᠱᠠ ᠠᠶᠢᠮᠠᠭ ᠤᠨ ᠬᠢᠨ ︽ᠰᠢᠶᠤᠤ ᠲᠦᠸᠧ ᠬᠠᠪᠰᠤᠷᠤᠨ ᠭᠦᠢᠴᠡᠳᠬᠡᠬᠦ︾ ᠦᠢᠯᠡᠴᠢᠯᠡᠭᠡ ᠶᠢ ᠬᠡᠷᠡᠭᠵᠢᠭᠦᠯᠵᠦ᠂ ᠡᠯᠡᠰᠦᠨ ᠴᠦᠯ ᠤᠨ ᠠᠭᠤᠷᠬᠠᠢ ᠶᠢᠨ ᠲᠤᠭᠤᠷᠢᠭ ᠲᠤ ᠬᠦᠷᠴᠦ ᠭᠦᠨᠵᠡᠭᠡᠶᠢᠷᠡᠨ ᠦᠢᠯᠡᠴᠢᠯᠡᠪᠡ︔ ᠤᠯᠠᠭᠠᠨᠴᠠᠪ ᠬᠤᠲᠠ ᠶᠢᠨ ᠬᠢᠨ ︽136 ᠦᠢᠯᠡᠴᠢᠯᠡᠭᠡᠨ ᠤ ᠨᠠᠷᠢᠨ ᠳᠠᠩᠰᠠ︾ ᠪᠠᠷ ᠠᠵᠤ ᠠᠬᠤᠶᠢᠯᠠᠯ ᠤᠨ ᠨᠠᠭᠠᠰᠢ ᠴᠠᠭᠠᠰᠢ ᠭᠦᠶᠦᠬᠦ ᠥᠪᠡᠷ ᠤᠨ ᠥᠷᠲᠡᠭ ᠢ ᠪᠠᠭᠤᠷᠠᠭᠤᠯᠪᠠ᠃ 2024 ᠣᠨ ᠠᠴᠠ ᠨᠠᠭᠠᠰᠢ᠂ 3.6 ᠲᠦᠮᠡᠨ ᠠᠵᠤ ᠠᠬᠤᠶᠢᠯᠠᠯ ᠳᠤ ᠨᠡᠶᠢᠲᠡ 10 ᠲᠦᠮᠡ ᠭᠠᠷᠤᠢ ᠠᠵᠢᠯ ᠶᠠᠪᠤᠳᠠᠯ ᠢ ᠭᠦᠢᠴᠡᠳᠬᠡᠵᠦ᠂ ᠬᠠᠨᠤᠮᠵᠢ ᠶᠢᠨ ᠬᠡᠮᠵᠢᠶ᠎ᠡ ᠨᠢ 99.5% ᠳᠤ ᠬᠦᠷᠦᠭᠰᠡᠨ ᠪᠠᠶᠢᠨ᠎ᠠ᠃ ︵ᠵᠠᠰᠠᠭ ᠤᠨ ᠶᠠᠪᠤᠳᠠᠯ ᠤᠨ ᠦᠢᠯᠡᠴᠢᠯᠡᠭᠡ ᠪᠠ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ︶
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ