ᠥᠪᠥᠷ ᠮᠣᠩᠭᠤᠯ ᠤᠨ ᠠᠶᠢᠮᠠᠭ ᠬᠤᠲᠠ ᠶᠢᠨ ᠤᠳᠤᠷᠢᠳᠬᠤ ᠺᠠᠳ᠋ᠷᠴᠤᠳ ᠤᠨ ᠣᠯᠠᠨ ᠲᠦᠮᠡᠨ ᠤ ᠰᠤᠷᠪᠤᠯᠵᠢᠯᠠᠯ ᠢ ᠭᠥᠯᠢᠶᠡᠨ ᠠᠪᠬᠤ ᠡᠳᠦᠷ ᠤᠨ  ᠳᠣᠬᠢᠷᠠᠭᠤᠯᠤᠯᠲᠠ ᠶᠢᠨ ᠨᠡᠶᠢᠲᠡᠯᠡᠯ
ᠨᠡᠶᠢᠲᠡᠯᠡᠭᠰᠡᠨ ᠴᠠᠭ᠄
2025/4/10
      ᠠᠷᠠᠳ ᠤᠨ ᠵᠠᠬᠢᠳᠠᠯ ᠰᠤᠷᠪᠤᠯᠵᠢᠯᠠᠯ ᠤᠨ ᠠᠵᠢᠯ ᠢ ᠴᠢᠩᠭᠠᠳᠬᠠᠨ ᠰᠠᠶᠢᠵᠢᠷᠠᠭᠤᠯᠬᠤ ᠲᠤᠬᠠᠢ ᠶᠡᠷᠦᠩᠬᠡᠢ ᠱᠦᠵᠢ ᠰᠢ ᠶᠢᠨ ᠫᠢᠩ ᠤᠨ ᠴᠢᠬᠤᠯᠠ ᠦᠵᠡᠯ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠵᠠᠬᠢᠳᠠᠯ ᠰᠤᠷᠪᠤᠯᠵᠢᠯᠠᠯ ᠤᠨ ᠠᠷᠭ᠎ᠠ ᠵᠠᠮ ᠢ ᠤᠯᠠᠮ ᠨᠢᠭᠡ ᠠᠯᠬᠤᠮ ᠰᠠᠭᠠᠳ ᠦᠭᠡᠢ ᠨᠡᠪᠲᠡᠷᠡᠭᠦᠯᠦᠨ᠂ ᠤᠳᠤᠷᠢᠳᠬᠤ ᠺᠠᠳ᠋ᠷᠴᠤᠳ ᠤᠨ ᠰᠤᠷᠪᠤᠯᠵᠢᠯᠠᠯ ᠭᠥᠯᠢᠶᠡᠨ ᠠᠪᠬᠤ ᠪᠠ ᠳᠣᠷᠣᠭᠰᠢ ᠪᠠᠭᠤᠵᠤ ᠰᠤᠷᠪᠤᠯᠵᠢᠯᠠᠬᠤ ᠶᠢ ᠨᠢ ᠪᠠᠶᠢᠩᠭᠤᠰᠢᠭᠤᠯᠬᠤ ᠶᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠯᠠᠪᠳᠠᠭᠤᠨ ᠪᠠᠲᠤᠲᠠᠢ ᠠᠬᠢᠭᠤᠯᠤᠨ᠂ ᠣᠯᠠᠨ ᠲᠦᠮᠡᠨ ᠤ ᠵᠦᠢ ᠵᠣᠬᠢᠰᠲᠠᠢ ᠬᠦᠰᠡᠯ ᠱᠠᠭᠠᠷᠳᠠᠯᠭ᠎ᠠ ᠶᠢ ᠬᠠᠤᠯᠢ ᠶᠣᠰᠣᠭᠠᠷ ᠴᠠᠭ ᠲᠤᠬᠠᠢ ᠳᠤ ᠨᠢ ᠲᠤᠬᠠᠢ ᠶᠢᠨ ᠭᠠᠵᠠᠷ ᠲᠤ ᠨᠢ ᠰᠢᠢᠳᠪᠦᠷᠢᠯᠡᠬᠦ ᠶᠢ ᠠᠬᠢᠭᠤᠯᠬᠤ ᠶᠢᠨ ᠲᠤᠯᠠᠳᠠ᠂ ᠡᠳᠦᠭᠡ ᠣᠶᠢᠷ᠎ᠠ ᠶᠢᠨ ᠬᠤᠭᠤᠴᠠᠭᠠᠨ ᠤ ᠬᠡᠰᠡᠭ ᠠᠶᠢᠮᠠᠭ ᠬᠤᠲᠠ ᠶᠢᠨ ᠤᠳᠤᠷᠢᠳᠬᠤ ᠺᠠᠳ᠋ᠷᠴᠤᠳ ᠤᠨ ᠣᠯᠠᠨ ᠲᠦᠮᠡᠨ ᠤ ᠰᠤᠷᠪᠤᠯᠵᠢᠯᠠᠯ ᠢ ᠭᠥᠯᠢᠶᠡᠨ ᠠᠪᠬᠤ ᠡᠳᠦᠷ ᠤᠨ ᠳᠣᠬᠢᠷᠠᠭᠤᠯᠤᠯᠲᠠ ᠶᠢ ᠨᠡᠶᠢᠲᠡᠯᠡᠵᠦ ᠪᠠᠶᠢᠨ᠎ᠠ᠃
 
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ