ᠰᠤᠷᠭᠠᠨ ᠬᠥᠮᠦᠵᠢᠯ ᠤᠨ ᠲᠢᠩᠬᠢᠮ ᠠᠴᠠ ᠲᠥᠰᠦᠯ ᠳᠠᠷᠤᠮᠠᠯᠯᠠᠨ ᠶᠠᠪᠤᠭᠤᠯᠵᠤ᠂ ᠡᠩ ᠤᠨ ᠦᠨᠳᠦᠰᠦᠨ ᠠᠩᠭᠢ ᠶᠢᠨ ᠶᠡᠭᠡ ᠳᠡᠭᠡᠳᠦ | ᠰᠤᠷᠭᠠᠭᠤᠯᠢ ᠨᠤᠭᠤᠳ ᠤᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ︽ᠪᠦᠰᠡᠯᠡᠯᠲᠡ ᠰᠢᠪᠲᠤᠯᠬᠤ︾ ᠶᠢ ᠠᠬᠢᠭᠤᠯᠵᠤ ᠪᠠᠶᠢᠨ᠎ᠠ᠃ ᠰᠤᠷᠭᠠᠨ ᠬᠥᠮᠦᠵᠢᠯ ᠤᠨ | ᠲᠢᠩᠬᠢᠮ ᠣᠶᠢᠷ᠎ᠠ ᠳᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠡᠩ ᠤᠨ ᠦᠨᠳᠦᠰᠦᠨ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ | ᠤᠬᠠᠭᠠᠨ ᠲᠧᠭᠨᠢᠭ ᠮᠡᠷᠭᠡᠵᠢᠯ ᠤᠨ ︿ᠰᠢᠪᠲᠤᠯᠤᠯᠲᠠ ᠬᠢᠬᠦ﹀ ᠢᠨᠵᠧᠨᠧᠷᠢᠩ ᠢ ᠭᠦᠨᠵᠡᠭᠡᠶ ᠠᠬᠢᠭᠤᠯᠬᠤ ᠠᠵᠢᠯᠯᠠᠭᠠᠨ ᠤ ᠲᠥᠰᠦᠯ ︵2021 - 2027 ᠣᠨ︶︾ ᠢ | ᠳᠠᠷᠤᠮᠠᠯᠯᠠᠨ ᠶᠠᠪᠤᠭᠤᠯᠵᠤ᠂ 2027 ᠣᠨ ᠤ ᠰᠡᠭᠦᠯᠴᠢ ᠪᠣᠯᠲᠠᠯ᠎ᠠ᠂ ᠪᠥᠬᠦ ᠣᠷᠣᠨ ᠤ ᠦᠨᠳᠦᠰᠦᠨ ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ | ᠤᠬᠠᠭᠠᠨ ᠤ ᠰᠤᠳᠤᠯᠤᠯ ᠤᠨ ᠵᠠᠷᠤᠳᠠᠯ᠂ ᠦᠷ᠎ᠡ ᠪᠦᠲᠦᠭᠡᠯ ᠤᠯᠠᠷᠢᠭᠤᠯᠤᠭᠰᠠᠨ ᠵᠣᠭᠤᠰᠣᠨ ᠤ ᠲᠤᠭ᠎ᠠ ᠪᠠ ᠤᠯᠤᠰ ᠤᠨ ᠲᠠᠰ ᠤᠨ ᠰᠢᠨᠵᠢᠯᠡᠬᠦ ᠤᠬᠠᠭᠠᠨ ᠤ | ᠰᠤᠳᠤᠯᠤᠯ ᠤᠨ ᠲᠠᠪᠴᠠᠩ ︵ᠬᠠᠮᠲᠤ ᠪᠠᠷ ᠪᠠᠶᠢᠭᠤᠯᠤᠭᠰᠠᠨ ᠢ ᠪᠠᠭᠲᠠᠭᠠᠨ᠎ᠠ︶ ᠢ 2024 ᠣᠨ ᠤ ᠰᠠᠭᠤᠷᠢᠨ ᠳᠡᠭᠡᠷ᠎ᠡ ᠨᠢᠭᠡ ᠳᠠᠬᠢᠨ ᠨᠡᠮᠡᠭᠳᠡᠭᠦᠯᠵᠦ᠂ ᠤᠯᠤᠰ ᠤᠨ | ᠲᠠᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠥᠷᠥᠯ ᠵᠦᠢᠯ ᠤᠨ ᠨᠡᠮᠡᠭᠳᠡᠯ ᠤᠨ ᠬᠡᠮᠵᠢᠶ᠎ᠡ ᠶᠢ 30% ᠠᠴᠠ ᠳᠡᠭᠡᠭᠰᠢ ᠳᠤ ᠬᠦᠷᠭᠡᠵᠦ᠂ ᠥᠪᠡᠷᠲᠡᠭᠡᠨ ᠵᠠᠰᠠᠬᠤ | ᠣᠷᠣᠨ ᠤ ᠶᠡᠭᠡ ᠳᠡᠭᠡᠳᠦ ᠰᠤᠷᠭᠠᠭᠤᠯᠢ ᠨᠤᠭᠤᠳ ︽ᠴᠢᠳᠠᠪᠤᠷᠢᠲᠠᠨ ᠢᠶᠠᠷ ᠥᠪᠥᠷ ᠮᠣᠩᠭᠤᠯ ᠢᠶᠠᠨ ᠬᠥᠭᠵᠢᠭᠦᠯᠬᠦ︾ ᠢᠨᠵᠧᠨᠧᠷᠢᠩ ᠳᠠᠬᠢ ᠴᠢᠳᠠᠪᠤᠷᠢᠲᠠᠨ ᠤ ᠲᠥᠷᠥᠯ | ᠢᠯᠭᠠᠯ ᠢᠶᠠᠷ ᠲᠣᠭᠲᠠᠭᠠᠭᠳᠠᠭᠰᠠᠨ ᠳᠥᠷᠪᠡᠳᠦᠭᠡᠷ ᠲᠠᠰ ᠠᠴᠠ ᠳᠡᠭᠡᠭᠰᠢᠬᠢ ᠴᠢᠳᠠᠪᠤᠷᠢᠲᠠᠨ ᠢ ᠨᠡᠶᠢᠲᠡ 140 ᠣᠷᠴᠢᠮ ᠬᠥᠮᠦᠨ ᠣᠷᠣᠭᠤᠯᠤᠨ ᠠᠪᠴᠢᠷᠠᠬᠤ ᠪᠠᠷ | ᠴᠢᠷᠮᠠᠶᠢᠨ᠎ᠠ ᠭᠡᠵᠦ ᠳᠤᠷᠠᠳᠪᠠ᠃ ᠨᠢᠭᠡ ᠳᠤ᠂ ᠳᠡᠭᠡᠳᠦ ᠵᠡᠷᠭᠡ ᠶᠢᠨ ᠰᠤᠷᠭᠠᠨ ᠬᠥᠮᠥᠵᠢᠯ ᠤᠨ ᠥᠨᠳᠦᠷᠯᠢᠭ ᠤᠨ ᠣᠷᠭᠢᠯ ᠲᠦᠪᠰᠢᠨ ᠳᠤ ᠬᠦᠷᠦᠭᠦᠯᠬᠦ ᠢᠨᠵᠧᠨᠧᠷᠢᠩ ᠢ | ᠬᠡᠷᠡᠭᠵᠢᠭᠦᠯᠦᠨ᠎ᠡ᠂ ᠲᠡᠷᠢᠭᠦᠨ ᠳᠡᠰ ᠤᠨ ᠬᠢᠴᠢᠶᠡᠯ ᠲᠥᠷᠥᠯ ᠤᠨ ᠰᠢᠨᠵᠢᠯᠡᠭᠡᠨ ᠤ ᠰᠢᠪᠲᠤᠯᠤᠯᠲᠠ ᠶᠢᠨ ᠠᠵᠢᠯᠯᠠᠭ᠎ᠠ᠂ ᠬᠢᠴᠢᠶᠡᠯ ᠲᠥᠷᠥᠯ ᠤᠨ ᠰᠢᠨᠵᠢᠯᠡᠭᠡᠨ ᠤ ᠲᠤᠰᠬᠠᠢ | ᠮᠡᠷᠭᠡᠵᠢᠯ ᠳᠤ ᠣᠨᠣᠴᠠᠲᠠᠢ ᠬᠦᠴᠦᠨ ᠨᠡᠮᠡᠷᠢᠯᠡᠬᠦ ᠠᠵᠢᠯᠯᠠᠭ᠎ᠠ᠂ ᠠᠵᠤ ᠦᠢᠯᠡᠰ ᠰᠤᠷᠭᠠᠭᠤᠯᠢ ᠰᠤᠳᠤᠯᠭᠠᠨ ᠤ ᠪᠠᠶᠢᠭᠤᠯᠤᠮᠵᠢ ᠶᠢ ᠬᠠᠮᠵᠢᠯᠴᠠᠭᠤᠯᠤᠨ ᠬᠥᠮᠥᠨ ᠢ | ᠬᠥᠮᠥᠵᠢᠭᠦᠯᠬᠦ ᠠᠵᠢᠯᠯᠠᠭ᠎ᠠ᠂ ᠳᠡᠭᠡᠳᠦ ᠵᠡᠷᠭᠡ ᠶᠢᠨ ᠰᠤᠳᠤᠯᠬᠤ ᠬᠦᠷᠢᠶᠡᠯᠡᠩ ᠤᠨ ᠵᠠᠮᠴᠢᠯᠠᠬᠤ ᠠᠵᠢᠯᠯᠠᠭ᠎ᠠ ᠪᠠ ᠠᠯᠪᠠᠨ ᠠᠴᠠ ᠡᠷᠬᠢᠯᠡᠭᠰᠡᠨ ᠡᠩ ᠤᠨ ᠦᠨᠳᠦᠰᠦᠨ | ᠠᠩᠭᠢ ᠶᠢᠨ ᠶᠡᠭᠡ ᠳᠡᠭᠡᠳᠦ ᠰᠤᠷᠭᠠᠭᠤᠯᠢ ᠶᠢᠨ ᠠᠰᠫᠢᠷᠠᠨᠲ ᠬᠦᠮᠦᠵᠢᠭᠦᠯᠬᠦ ᠶᠢ ᠨᠡᠶᠢᠳᠡᠮ ᠬᠠᠮᠤᠷᠬᠤ ᠠᠵᠢᠯᠯᠠᠭ᠎ᠠ ᠨᠤᠭᠤᠳ ᠢ ᠥᠷᠨᠢᠭᠦᠯᠵᠦ᠂ ᠳᠡᠭᠡᠳᠦ ᠵᠡᠷᠭᠡ ᠶᠢᠨ | ᠰᠤᠷᠭᠠᠨ ᠬᠥᠮᠥᠵᠢᠯ ᠤᠨ ᠵᠡᠷᠭᠡ ᠳᠡᠰ ᠳᠡᠪᠰᠢᠬᠦ ᠶᠢ ᠠᠬᠢᠭᠤᠯᠤᠨ᠎ᠠ᠃ ᠬᠤᠶᠠᠷ ᠲᠤ᠂ ᠶᠡᠭᠡ ᠳᠡᠭᠡᠳᠦ ᠰᠤᠷᠭᠠᠭᠤᠯᠢ ᠶᠢᠨ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠰᠢᠪᠲᠤᠯᠤᠯᠲᠠ ᠶᠢᠨ ᠢᠨᠵᠧᠨᠧᠷᠢᠩ ᠢ ᠬᠡᠷᠡᠭᠵᠢᠭᠦᠯᠦᠨ᠎ᠡ᠂ ᠲᠠᠪᠤᠨ ᠶᠡᠭᠡ ᠡᠭᠦᠷᠭᠡ ᠶᠢᠨ ᠵᠠᠩᠭᠢᠯᠠᠭ᠎ᠠ ᠶᠢᠨ ᠬᠦᠷᠢᠶᠡᠨ ᠳᠠᠬᠢ ᠰᠢᠪᠲᠤᠯᠤᠯᠲᠠ ᠶᠢᠨ | ᠠᠵᠢᠯᠯᠠᠭ᠎ᠠ᠂ ᠥᠨᠳᠥᠷ ᠡᠨᠧᠷᠭᠢ ᠶᠢᠨ ᠲᠡᠰ ᠲᠠᠢ ᠰᠢᠨ᠎ᠡ ᠶᠢ ᠡᠭᠦᠳᠬᠦ ᠲᠠᠪᠴᠠᠩ ᠤᠨ ᠪᠠᠶᠢᠭᠤᠯᠤᠯᠲᠠ ᠶᠢᠨ ᠠᠵᠢᠯᠯᠠᠭ᠎ᠠ᠂ ᠰᠢᠨᠵᠢᠯᠡᠬᠦ ᠤᠬᠠᠭᠠᠨ ᠤ ᠰᠤᠳᠤᠯᠤᠯ ᠤᠨ | ᠲᠠᠪᠴᠠᠩ ᠤᠨ ᠰᠢᠯᠢᠳᠡᠭᠵᠢᠭᠦᠯᠬᠦ ᠠᠵᠢᠯᠯᠠᠭ᠎ᠠ᠂ ᠤᠯᠤᠰ ᠤᠨ ᠲᠡᠰ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠲᠦᠷᠦᠯ ᠵᠦᠢᠯ ᠤᠨ ᠨᠡᠮᠡᠭᠳᠡᠬᠦᠯᠬᠦ ᠠᠵᠢᠯᠯᠠᠭ᠎ᠠ᠂ | ᠰᠠᠭᠤᠷᠢ ᠰᠤᠳᠤᠯᠭᠠᠨ ᠤ ᠰᠢᠰᠲ᠋ᠧᠮ ᠤᠨ ᠪᠠᠶᠢᠷᠢᠰᠢᠯᠠᠭᠤᠯᠤᠯᠲᠠ ᠶᠢᠨ ᠠᠵᠢᠯᠯᠠᠭ᠎ᠠ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠦᠷ᠎ᠡ ᠪᠦᠲᠦᠭᠡᠯ | ᠤᠯᠠᠷᠢᠭᠤᠯᠤᠭᠰᠠᠨ ᠦᠷ᠎ᠡ ᠪᠦᠲᠦᠮᠵᠢ ᠪᠠᠨ ᠳᠡᠭᠡᠭᠰᠢᠯᠡᠭᠦᠯᠬᠦ ᠠᠵᠢᠯᠯᠠᠭ᠎ᠠ᠂ ᠣᠷᠣᠨ ᠪᠦᠰᠡ ᠶᠢᠨ ᠬᠥᠭᠵᠢᠯᠲᠡ ᠳᠤ ᠦᠢᠯᠡᠴᠢᠯᠡᠬᠦ ᠠᠵᠢᠯᠯᠠᠭ᠎ᠠ ᠪᠠ ᠭᠦᠨ ᠤᠬᠠᠭᠠᠨ | ᠨᠡᠶᠢᠭᠡᠮ ᠤᠨ ᠰᠢᠨᠵᠢᠯᠡᠬᠦ ᠤᠬᠠᠭᠠᠨ ᠤ ᠰᠤᠳᠤᠯᠤᠯ ᠤᠨ ᠴᠢᠳᠠᠪᠤᠷᠢ ᠶᠢ ᠳᠡᠭᠡᠭᠰᠢᠯᠡᠭᠦᠯᠬᠦ ᠠᠵᠢᠯᠯᠠᠭ᠎ᠠ ᠨᠤᠭᠤᠳ ᠢ ᠥᠷᠨᠢᠭᠦᠯᠵᠦ᠂ ᠪᠦᠬᠦ ᠣᠷᠣᠨ ᠤ ᠶᠡᠭᠡ ᠳᠡᠭᠡᠳᠦ | ᠰᠤᠷᠭᠠᠭᠤᠯᠢ ᠨᠤᠭᠤᠳ ᠤᠨ ᠰᠢᠨ᠎ᠡ ᠶᠢ ᠡᠭᠦᠳᠬᠦ ᠡᠬᠢ ᠪᠠᠶᠠᠯᠢᠭ ᠤᠨ ᠬᠦᠴᠦᠨ ᠢ ᠨᠢᠭᠡᠳᠦᠯᠲᠡᠢ ᠲᠦᠯᠦᠪᠯᠡᠵᠦ ᠪᠠᠶᠢᠭᠠᠳ ᠰᠢᠨᠵᠢᠯᠡᠬᠦ ᠤᠬᠠᠭᠠᠨ ᠤ ᠰᠤᠳᠤᠯᠤᠯ ᠤᠨ | ᠰᠢᠪᠲᠤᠯᠤᠯᠲᠠ ᠶᠢᠨ ᠠᠵᠢᠯᠯᠠᠭ᠎ᠠ ᠶᠢ ᠥᠷᠨᠢᠭᠦᠯᠦᠨ᠎ᠡ᠃ ᠭᠤᠷᠪᠠ ᠳᠤ᠂ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ ᠴᠢᠳᠠᠪᠤᠷᠢᠲᠠᠨ ᠢ ᠨᠢᠭᠡ | ᠴᠤᠬᠴᠠᠵᠢᠭᠤᠯᠤᠨ ᠠᠬᠢᠭᠤᠯᠬᠤ ᠢᠨᠵᠧᠨᠧᠷᠢᠩ ᠢ ᠬᠡᠷᠡᠭᠵᠢᠭᠦᠯᠦᠨ᠎ᠡ᠂ ᠬᠡᠷᠡᠭᠴᠡᠭᠡ ᠶᠢ ᠨᠢᠭᠡ ᠴᠤᠬᠴᠠᠵᠢᠭᠤᠯᠤᠨ ᠬᠥᠲᠥᠯᠬᠦ᠂ ᠡᠬᠢ ᠪᠠᠶᠠᠯᠢᠭ ᠢ ᠨᠢᠭᠡ ᠴᠤᠬᠴᠠᠵᠢᠭᠤᠯᠤᠨ | ᠨᠡᠪᠲᠡᠷᠡᠭᠦᠯᠬᠦ᠂ ᠲᠣᠭᠲᠠᠴᠠ ᠶᠢ ᠨᠢᠭᠡ ᠴᠤᠬᠴᠠᠵᠢᠭᠤᠯᠤᠨ ᠴᠣᠭᠴᠠᠯᠠᠬᠤ᠂ ᠲᠦᠷᠦᠯ ᠵᠦᠢᠯ ᠢ ᠨᠢᠭᠡ ᠴᠤᠬᠴᠠᠵᠢᠭᠤᠯᠤᠨ ᠪᠠᠶᠢᠷᠢᠯᠠᠭᠤᠯᠬᠤ ᠪᠠ ᠲᠠᠪᠴᠠᠩ ᠢ ᠨᠢᠭᠡ | ᠴᠤᠬᠴᠠᠵᠢᠭᠤᠯᠤᠨ ᠪᠠᠶᠢᠭᠤᠯᠬᠤ ᠠᠵᠢᠯ ᠤᠨ ᠪᠠᠶᠢᠷᠢᠰᠢᠯ ᠤᠨ ᠪᠦᠷᠢᠯᠳᠦᠬᠦ ᠶᠢ ᠨᠢ ᠠᠬᠢᠭᠤᠯᠤᠨ᠎ᠠ᠃ ︵ᠰᠤᠷᠭᠠᠨ ᠬᠦᠮᠦᠵᠢᠯ ᠤᠨ ᠲᠢᠩᠬᠢᠮ︶ |