︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ | ᠥᠪᠥᠷ ᠮᠣᠩᠭᠤᠯ᠄ ᠵᠢᠱᠢᠶ᠎ᠡ ᠦᠵᠡᠭᠦᠯᠬᠦ ᠢᠨᠵᠧᠨᠧᠷᠢᠩ ᠢ ᠴᠣᠭᠴᠠᠯᠠᠵᠤ᠂ ᠡᠯᠡᠰᠦ ᠶᠢ ᠵᠠᠰᠠᠬᠤ ᠬᠡᠪ ᠳᠠᠭᠤᠷᠢᠶᠠᠯ ᠪᠣᠯᠣᠨ᠎ᠠ︕
ᠨᠡᠶᠢᠲᠡᠯᠡᠭᠰᠡᠨ ᠴᠠᠭ᠄
2025/4/10
      ᠪᠠᠳᠠᠢ ᠶᠢᠨ ᠵᠢᠷᠠᠨ᠂ ᠲᠡᠭᠷᠢ ᠡᠯᠡᠰᠦ᠂ ᠤᠯᠠᠭᠠᠨᠪᠤᠬ᠎ᠠ ᠭᠤᠷᠪᠠᠨ ᠶᠡᠭᠡ ᠡᠯᠡᠰᠦᠨ ᠴᠦᠯ ᠤᠨ ᠥᠷᠭᠡᠵᠢᠨ ᠨᠡᠶᠢᠯᠡᠬᠦ ᠶᠢ ᠪᠦᠲᠦᠮᠵᠢᠲᠡᠢ ᠬᠤᠷᠢᠭᠯᠠᠬᠤ ᠶᠢᠨ ᠲᠥᠯᠥᠭᠡ᠂ ᠠᠯᠠᠱᠠ ᠠᠶᠢᠮᠠᠭ ᠤᠨ 2025 ᠣᠨ ᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠲᠦᠷᠦᠯ ᠵᠦᠢᠯ ᠬᠢᠭᠡᠳ ᠭᠤᠷᠪᠠᠨ ᠶᠡᠭᠡ ᠡᠯᠡᠰᠦᠨ ᠴᠥᠯ ᠤᠨ  ᠵᠠᠬ᠎ᠠ ᠶᠢ ᠴᠢᠳᠦᠷᠯᠡᠬᠦ ᠣᠢᠡᠪᠡᠰᠦᠨ ᠤ ᠪᠦᠰᠡ ᠶᠢ ᠪᠦᠬᠦ ᠲᠠᠯ᠎ᠠ ᠪᠠᠷ ᠬᠤᠯᠪᠣᠬᠤ ᠠᠵᠢᠯ ᠣᠶᠢᠷ᠎ᠠ ᠶᠢᠨ ᠡᠳᠦᠷ ᠵᠢᠩᠬᠢᠨᠢ ᠪᠠᠷ ᠡᠬᠢᠯᠡᠪᠡ᠂ ᠡᠨᠡ ᠨᠢ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠭᠤᠷᠪᠠᠨ ᠶᠡᠭᠡ ᠡᠯᠡᠰᠦᠨ ᠴᠥᠯ ᠤᠨ ᠵᠠᠬ᠎ᠠ ᠶᠢ ᠴᠢᠳᠦᠷᠯᠡᠬᠦ ᠣᠢᠡᠪᠡᠰᠦᠨ ᠤ ᠪᠦᠰᠡ ᠶᠢ ᠪᠦᠬᠦ ᠲᠠᠯ᠎ᠠ ᠪᠠᠷ ᠬᠤᠯᠪᠣᠬᠤ ᠰᠢᠪᠲᠤᠯᠤᠯᠲᠠ ᠶᠢᠨ ᠳᠠᠶᠢᠯᠠᠯᠳᠤᠭᠠᠨ ᠡᠬᠢᠯᠡᠭᠰᠡᠨ ᠢ ᠬᠠᠷᠠᠭᠤᠯᠵᠤ ᠪᠤᠢ᠂ ᠡᠨᠡ ᠨᠢ ᠮᠦᠨ ᠴᠦ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ ᠵᠠᠩᠭᠢᠯᠠᠭ᠎ᠠ ᠪᠣᠯᠬᠤ ᠳᠠᠶᠢᠯᠠᠯᠳᠤᠭᠠᠨ ᠪᠣᠯᠣᠨ᠎ᠠ᠃
4.10专题1.png
      ᠲᠣᠰ ᠤᠳᠠᠭᠠᠨ ᠤ ᠠᠵᠢᠯ ᠡᠬᠢᠯᠡᠭᠦᠯᠬᠦ ᠶᠣᠰᠣᠯᠠᠯ ᠳᠤ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠵᠢᠷᠭᠤᠳᠤᠭᠠᠷ ᠬᠤᠭᠤᠴᠠᠭᠠᠨ ᠤ 11 ᠲᠥᠷᠥᠯ ᠵᠦᠢᠯ ᠢ ᠡᠬᠢᠯᠡᠨ ᠪᠠᠶᠢᠭᠤᠯᠵᠤ᠂ ᠶᠡᠷᠦᠩᠬᠡᠢ ᠪᠦᠲᠦᠭᠡᠨ ᠪᠠᠶᠢᠭᠤᠯᠤᠯᠲᠠ ᠶᠢᠨ ᠡᠭᠦᠷᠭᠡ 343.8 ᠲᠦᠮᠡᠨ ᠮᠦ ᠳᠤ ᠬᠦᠷᠴᠡᠢ᠂ ᠡᠭᠦᠨ ᠳᠤ ᠬᠠᠲᠤᠨ ᠭᠤᠣᠯ ᠤᠨ ᠶᠡᠭᠡ ᠲᠣᠬᠤᠢ ᠶᠢᠨ ᠣᠷᠣᠨ ᠬᠡᠰᠡᠭ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ 30.5 ᠲᠦᠮᠡᠨ ᠮᠦ᠂ ᠾᠧᠰᠢ ᠶᠢᠨ ᠬᠤᠩᠭᠢᠯ — ᠲᠠᠺᠯᠢᠮᠠᠺᠠᠨ ᠡᠯᠡᠰᠦᠨ ᠴᠥᠯ ᠤᠨ ᠬᠥᠪᠡᠭᠡ ᠵᠠᠬ᠎ᠠ ᠶᠢᠨ ᠣᠷᠣᠨ ᠬᠡᠰᠡᠭ ᠤᠨ ᠪᠦᠲᠦᠭᠡᠨ ᠪᠠᠶᠢᠭᠤᠯᠤᠯᠲᠠ ᠶᠢᠨ ᠡᠭᠦᠷᠭᠡ 313.3 ᠲᠦᠮᠡᠨ ᠮᠦ ᠪᠠᠶᠢᠵᠤ᠂ ᠡᠨᠡ ᠵᠢᠯ 170.9 ᠲᠦᠮᠡᠨ ᠮᠦ ᠶᠢᠨ ᠪᠦᠲᠦᠭᠡᠨ ᠪᠠᠶᠢᠭᠤᠯᠤᠯᠲᠠ ᠶᠢ ᠪᠡᠶᠡᠯᠡᠭᠦᠯᠬᠦ ᠪᠣᠯᠣᠨ᠎ᠠ᠃
4.10专题2.jpg
      ᠠᠯᠠᠱᠠ ᠠᠶᠢᠮᠠᠭ ᠤᠨ 2025 ᠣᠨ ᠤ ︽ᠤᠮᠠᠷᠠᠲᠤ ᠶᠢᠨ ᠭᠤᠷᠪᠠᠨ ᠣᠷᠣᠨ︾ ᠤ ᠵᠢᠷᠭᠤᠳᠤᠭᠠᠷ ᠬᠤᠭᠤᠴᠠᠭᠠᠨ ᠤ ᠢᠨᠵᠧᠨᠧᠷᠢᠩ ᠤᠨ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠠᠵᠢᠯᠴᠢᠳ ᠡᠪᠡᠰᠦᠨ ᠤ ᠳᠦᠷᠪᠡᠯᠵᠢ ᠬᠠᠯᠬᠠᠪᠴᠢ ᠳᠡᠪᠢᠰᠴᠦ ᠪᠠᠶᠢᠭ᠎ᠠ ᠨᠢ᠃ ᠰᠤᠷᠪᠤᠯᠵᠢᠯᠠᠭᠴᠢ  ᠫᠠᠨ ᠵᠢᠶᠠ ᠬᠤᠢ  ᠰᠡᠭᠦᠳᠡᠷᠯᠡᠪᠡ       ᠡᠭᠦᠨ ᠠᠴᠠ ᠭᠠᠳᠠᠨ᠎ᠠ᠂ ᠾᠧᠰᠢ ᠶᠢᠨ ᠬᠤᠩᠭᠢᠯ — ᠲᠠᠺᠯᠢᠮᠠᠺᠠᠨ ᠡᠯᠡᠰᠦᠨ ᠴᠥᠯ ᠤᠨ ᠬᠥᠪᠡᠭᠡ ᠵᠠᠬ᠎ᠠ ᠶᠢ ᠬᠤᠷᠢᠭᠯᠠᠬᠤ ᠳᠠᠶᠢᠯᠠᠯᠳᠤᠭᠠᠨ ᠤ ᠣᠷᠣᠨ ᠳᠤ᠂ ᠠᠯᠠᠱᠠ ᠠᠶᠢᠮᠠᠭ ᠭᠤᠷᠪᠠᠨ ᠶᠡᠭᠡ ᠡᠯᠡᠰᠦᠨ ᠴᠥᠯ ᠤᠨ ᠵᠠᠬ᠎ᠠ ᠶᠢ ᠴᠢᠳᠦᠷᠯᠡᠬᠦ ᠣᠢ ᠡᠪᠡᠰᠦᠨ ᠤ ᠪᠦᠰᠡ ᠶᠢ ᠬᠤᠯᠪᠣᠬᠤ ᠳᠠᠶᠢᠯᠠᠯᠳᠤᠭᠠᠨ ᠢ ᠡᠬᠢᠯᠡᠭᠦᠯᠦᠭᠰᠡᠨ ᠰᠠᠭᠤᠷᠢᠨ ᠳᠡᠭᠡᠷ᠎ᠡ᠂ ᠡᠯ᠎ᠡ ᠦᠨᠳᠦᠰᠦᠲᠡᠨ ᠡᠯ᠎ᠡ ᠡᠲᠡᠭᠡᠳ ᠤᠨ ᠬᠢᠨ ᠤ ᠤᠯᠠᠨ ᠲᠦᠮᠡᠨ ᠢ ᠥᠷᠭᠡᠨ ᠢᠶᠠᠷ ᠲᠠᠶᠢᠴᠢᠯᠠᠵᠦ᠂ ᠬᠤᠶᠠᠷ ᠰᠠᠷ᠎ᠠ ᠶᠢᠨ ᠬᠤᠭᠤᠴᠠᠭ᠎ᠠ ᠲᠠᠢ ︽ᠲᠦᠮᠡᠨ ᠬᠥᠮᠥᠨ ᠤ ᠮᠣᠳᠣ ᠲᠠᠷᠢᠵᠤ ᠨᠣᠭᠤᠭᠠᠷᠠᠭᠤᠯᠬᠤ ᠶᠡᠭᠡ ᠳᠠᠶᠢᠯᠠᠯᠳᠤᠭᠠᠨ︾ ᠢ ᠡᠬᠢᠯᠡᠭᠦᠯᠦᠨ᠂ 3000 ᠮᠦ ᠣᠶᠢᠵᠢᠭᠤᠯᠵᠤ ᠨᠣᠭᠤᠭᠠᠷᠠᠭᠤᠯᠬᠤ ᠡᠭᠦᠷᠭᠡ ᠶᠢ ᠪᠡᠶᠡᠯᠡᠭᠦᠯᠬᠦ ᠪᠠᠷ ᠲᠥᠯᠥᠪᠯᠡᠵᠦ ᠪᠤᠢ᠃
4.10专题3.png
      ᠡᠨᠡ ᠨᠢ 2025 ᠣᠨ ᠤ ᠥᠪᠥᠷ ᠮᠣᠩᠭᠤᠯ ᠤᠨ ᠨᠥᠯᠥᠭᠡᠯᠡᠬᠦ ᠬᠦᠴᠦᠨ ᠲᠠᠢ ᠨᠢᠭᠡ ᠪᠦᠯᠦᠭ ᠵᠢᠱᠢᠶ᠎ᠡ ᠦᠵᠡᠭᠦᠯᠬᠦ ᠢᠨᠵᠧᠨᠧᠷᠢᠩ ᠤᠨ ᠨᠢᠭᠡ ᠪᠣᠯᠣᠨ᠎ᠠ᠃ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠰᠢᠪᠲᠤᠯᠤᠯᠲᠠ ᠶᠢᠨ ᠳᠠᠶᠢᠯᠠᠯᠳᠤᠭᠠᠨ ᠳᠤ ᠬᠤᠷᠳᠤᠴᠠ ᠪᠠ ᠲᠠᠯᠠᠪᠠᠢ ᠶᠢ ᠱᠠᠭᠠᠷᠳᠠᠬᠤ ᠪᠠᠷ ᠪᠠᠷᠠᠬᠤ ᠦᠭᠡᠢ᠂ ᠨᠡᠩ ᠴᠤ ᠶᠠᠰᠤ ᠴᠢᠨᠠᠷ ᠪᠠ ᠦᠷ᠎ᠡ ᠪᠦᠲᠦᠮᠵᠢ ᠶᠢ ᠪᠠᠲᠤᠯᠠᠬᠤ ᠬᠡᠷᠡᠭᠲᠡᠢ᠃
4.10专题4.png
      ᠬᠠᠲᠤᠨ ᠭᠤᠣᠯ ᠤᠨ ︽ᠶᠡᠭᠡ ᠲᠣᠬᠤᠢ︾ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠤ ᠣᠷᠣᠨ       ᠣᠷᠳᠣᠰ᠂ ᠪᠠᠶᠠᠨᠨᠠᠭᠤᠷ ᠵᠡᠷᠭᠡ ᠭᠠᠵᠠᠷ ᠤᠨ ᠬᠢᠨ ᠴᠠᠭᠠᠨ ᠰᠠᠷ᠎ᠠ ᠠᠴᠠ ᠬᠤᠶᠢᠰᠢ ᠡᠯ᠎ᠡ ᠵᠦᠢᠯ ᠤᠨ ᠪᠡᠯᠡᠳᠬᠡᠯ ᠠᠵᠢᠯ ᠢᠶᠠᠨ ᠱᠠᠯᠠᠪᠳᠠᠨ ᠬᠢᠵᠦ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠢᠶᠠᠷ ᠡᠯᠡᠰᠦ ᠶᠢ ᠵᠠᠰᠠᠬᠤ᠂ ᠮᠧᠬᠠᠨᠢᠭ ᠢᠶᠠᠷ ᠡᠯᠡᠰᠦ ᠶᠢ ᠵᠠᠰᠠᠬᠤ ᠶᠢ ᠶᠡᠭᠡ  ᠪᠠᠷ ᠠᠬᠢᠭᠤᠯᠵᠤ᠂ ᠡᠯᠡᠰᠦ ᠶᠢ ᠵᠠᠰᠠᠬᠤ ᠦᠷ᠎ᠡ ᠪᠦᠲᠦᠮᠵᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠬᠦ ᠶᠢᠨ ᠳᠠᠭᠠᠤ ᠪᠠᠰᠠ ᠨᠢᠭᠡ ᠪᠦᠯᠦᠭ ᠪᠡᠯᠭᠡ ᠲᠡᠮᠳᠡᠭ ᠤᠨ ᠴᠢᠨᠠᠷᠲᠠᠢ ᠢᠨᠵᠧᠨᠧᠷᠢᠩ ᠢ ᠰᠠᠶᠢᠲᠤᠷ ᠲᠥᠯᠥᠪᠵᠢᠭᠦᠯᠦᠨ᠂ ᠡᠯᠡᠰᠦ ᠶᠢ ᠵᠠᠰᠠᠭᠰᠠᠨ ᠲᠤᠷᠰᠢᠯᠭ᠎ᠠ ᠨᠤᠭᠤᠳ ᠢᠶᠠᠨ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠠᠵᠠᠷ ᠣᠷᠣᠨ ᠳᠤ ᠳᠡᠯᠭᠡᠷᠡᠭᠦᠯᠬᠦ ᠪᠠᠷ ᠴᠢᠷᠮᠠᠶᠢᠵᠤ ᠪᠤᠢ᠃
4.10专题5.jpg
      ᠣᠷᠳᠣᠰ ᠬᠤᠳᠠ ᠶᠢᠨ ᠦᠦᠰᠢᠨ ᠬᠤᠰᠢᠭᠤᠨ ᠤ ᠦᠦᠰᠢᠨᠵᠤᠤ ᠪᠠᠯᠭᠠᠰᠤ ᠶᠢᠨ ᠪᠦᠷᠢᠳᠦ ᠭᠠᠴᠠᠭᠠᠨ ᠤ ᠡᠯᠡᠰᠦ ᠶᠢ ᠵᠠᠰᠠᠬᠤ ᠲᠦᠷᠦᠯ ᠵᠦᠢᠯ ᠤᠨ ᠲᠤᠬᠠᠢ ᠶᠢᠨ ᠲᠠᠯᠠᠪᠠᠢ ᠳᠤ᠂ ᠵᠢᠯᠣᠭᠤᠴᠢ ᠦᠭᠡᠢ ᠨᠢᠰᠬᠡᠯ ᠢᠶᠠᠷ ᠴᠢᠬᠢ ᠮᠣᠳᠣ ᠶᠢ ᠳᠡᠭᠦᠵᠢᠯᠡᠨ ᠵᠥᠭᠡᠭᠡᠪᠦᠷᠢᠯᠡᠵᠦ᠂ ᠡᠯᠡᠰᠦ ᠶᠢ ᠵᠠᠰᠠᠬᠤ ᠦᠷ᠎ᠡ ᠠᠰᠢᠭ ᠢᠶᠠᠨ ᠳᠡᠭᠡᠭᠰᠢᠯᠡᠭᠦᠯᠵᠦ ᠪᠤᠢ ᠃  ᠢᠦᠢ ᠵᠢᠶᠧ ᠮᠧᠩ  ᠰᠡᠭᠦᠳᠡᠷᠯᠡᠪᠡ      ᠣᠷᠳᠣᠰ ᠬᠤᠳᠠ ᠶᠢᠨ ᠬᠥᠪᠴᠢ ᠶᠢᠨ ᠡᠯᠡᠰᠦᠨ ᠴᠦᠯ ᠤᠨ ᠬᠤᠶᠢᠲᠤ ᠵᠠᠬ᠎ᠠ ᠳᠠᠬᠢ ᠬᠠᠲᠣᠨ ᠭᠤᠣᠯ ᠳᠠᠭᠠᠤ 420 ᠺᠢᠯᠣᠮᠧᠲᠷ ᠤᠨ ᠡᠯᠡᠰᠦ ᠶᠢᠨ ᠵᠠᠬ᠎ᠠ ᠶᠢ ᠴᠢᠳᠦᠷᠯᠡᠬᠦ ᠤᠢ ᠶᠢᠨ ᠪᠦᠲᠦᠭᠡᠨ ᠪᠠᠶᠢᠭᠤᠯᠤᠯᠲᠠ ᠰᠢᠢᠳᠪᠦᠷᠢᠲᠦ ᠳᠠᠶᠢᠯᠠᠯᠳᠤᠭᠠᠨ ᠤ ᠬᠤᠭᠤᠴᠠᠭᠠᠨ ᠳᠤ ᠣᠷᠣᠵᠤ᠂ ᠡᠯ᠎ᠡ ᠬᠠᠮᠢᠶ᠎ᠠ ᠪᠦᠬᠦᠢ ᠭᠠᠵᠠᠷ ᠣᠷᠣᠨ ᠤ ᠬᠢᠨ ᠭᠠᠵᠠᠷ ᠬᠡᠰᠡᠭ ᠤᠨ ᠲᠥᠯᠦᠪᠵᠢᠭᠦᠯᠭᠡ᠂ ᠡᠳ᠋ ᠪᠣᠳᠠᠰ ᠤᠨ ᠨᠥᠭᠡᠴᠡ ᠪᠠ ᠬᠥᠮᠥᠨ ᠤ ᠬᠦᠴᠦᠨ ᠤ ᠲᠤᠰᠠᠯᠠᠮᠵᠢ ᠶᠢ ᠤᠷᠢᠳᠴᠢᠯᠠᠨ ᠰᠠᠶᠢᠲᠤᠷ ᠨᠠᠶᠢᠳᠠᠪᠤᠷᠢᠵᠢᠭᠤᠯᠵᠤ᠂ ᠵᠢᠱᠢᠯᠲᠡ ᠪᠠᠷ ᠡᠨᠡ ᠵᠢᠯ ᠤᠨ 6 ᠳ᠋ᠤᠭᠠᠷ ᠰᠠᠷ᠎ᠠ ᠳᠤ ᠲᠡᠦᠬᠡᠲᠦ ᠴᠢᠨᠠᠷᠲᠠᠢ ᠬᠤᠯᠪᠣᠨ ᠵᠠᠯᠭᠠᠭᠤᠯᠬᠤ ᠶᠢ ᠪᠡᠶᠡᠯᠡᠭᠦᠯᠬᠦ ᠪᠣᠯᠣᠨ᠎ᠠ᠃
4.10专题6.jpg
      ᠠᠵᠢᠯᠴᠢᠳ ᠳ᠋ᠧᠩᠺᠧᠦ ᠰᠢᠶᠠᠨ ᠤ ᠤᠯᠠᠭᠠᠨᠪᠤᠬ᠎ᠠ ᠡᠯᠡᠰᠦᠨ ᠴᠦᠯ ᠤᠨ ᠭᠡᠷᠡᠯᠴᠢ ᠴᠡᠨᠡᠭ ᠢᠶᠠᠷ ᠡᠯᠡᠰᠦ ᠶᠢ ᠵᠠᠰᠠᠬᠤ ᠰᠠᠭᠤᠷᠢᠨ ᠭᠠᠵᠠᠷ ᠲᠤ ᠡᠯᠡᠰᠦᠨ ᠤ ᠬᠠᠯᠬᠠᠪᠴᠢ ᠦᠢᠯᠡᠳᠴᠦ ᠪᠠᠶᠢᠭ᠎ᠠ ᠨᠢ᠃  ᠰᠢᠨᠬᠤᠸᠠ ᠬᠤᠷᠢᠶᠠᠨ ᠤ ᠬᠠᠩᠭᠠᠭᠰᠠᠨ ᠵᠢᠷᠤᠭ      ᠪᠠᠶᠠᠨᠨᠠᠭᠤᠷ ᠬᠤᠲᠠ ᠳᠤ᠂ ᠡᠯ᠎ᠡ ᠬᠤᠰᠢᠭᠤ ᠰᠢᠶᠠᠨ ᠲᠣᠭᠤᠷᠢᠭ ᠵᠡᠷᠭᠡ ᠭᠠᠵᠠᠷ ᠲᠠᠬᠢ ᠬᠠᠯᠬᠠᠪᠴᠢ ᠪᠠᠷ ᠡᠯᠡᠰᠦ ᠶᠢ ᠲᠣᠭᠲᠠᠪᠤᠷᠢᠵᠢᠭᠤᠯᠬᠤ᠂ ᠮᠠᠭᠤᠳᠠᠭᠰᠠᠨ ᠨᠤᠭᠤ ᠭᠠᠵᠠᠷ ᠢ ᠵᠠᠰᠠᠨ ᠰᠡᠷᠭᠦᠭᠡᠬᠦ᠂ ᠮᠠᠭᠤᠳᠠᠭᠰᠠᠨ ᠤᠢ ᠰᠢᠭᠤᠢ ᠶᠢ ᠵᠠᠰᠠᠨ ᠰᠡᠷᠭᠦᠭᠡᠬᠦ᠂ ᠰᠠᠯᠬᠢᠨ ᠬᠦᠴᠦᠨ ᠴᠠᠬᠢᠯᠭᠠᠨ ᠭᠡᠷᠡᠯᠴᠢ ᠴᠡᠨᠡᠭ ᠢ ᠨᠢᠭᠡ ᠴᠣᠭᠴᠠᠵᠢᠭᠤᠯᠬᠤ ᠢᠨᠵᠧᠨᠧᠷᠢᠩ ᠤᠳ ᠤᠨ ᠠᠵᠢᠯ ᠢ ᠵᠠᠯᠭᠠᠭ᠎ᠠ ᠪᠠᠷ ᠡᠬᠢᠯᠡᠭᠦᠯᠦᠨ᠂ ᠡᠨᠡ ᠵᠢᠯ ᠣᠶ ᠰᠢᠭᠤᠢ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠲᠦᠭᠡᠨ ᠪᠠᠶᠢᠭᠤᠯᠤᠯᠲᠠ ᠶᠢ 400 ᠲᠦᠮᠡᠨ ᠮᠦ ᠠᠴᠠ ᠳᠡᠭᠡᠭᠰᠢ ᠪᠡᠶᠡᠯᠡᠭᠦᠯᠬᠦ ᠪᠠᠷ ᠲᠥᠯᠥᠪᠯᠡᠵᠦ᠂ ︽ᠭᠡᠷᠡᠯᠴᠢ ᠴᠡᠨᠡᠭ + ᠬᠠᠪᠲᠠᠰᠤᠨ ᠳᠣᠣᠷᠠᠬᠢ ᠣᠯᠠᠨ ᠬᠡᠪ ᠵᠠᠭᠪᠤᠷ︾ ᠤᠨ ᠵᠠᠰᠠᠯᠲᠠ ᠶᠢᠨ ᠵᠢᠱᠢᠶ᠎ᠡ ᠦᠵᠡᠭᠦᠯᠬᠦ ᠰᠠᠭᠤᠷᠢᠨ ᠭᠠᠵᠠᠷ᠂ ᠤᠯᠠᠭᠠᠨᠪᠤᠬ᠎ᠠ ᠡᠯᠡᠰᠦᠨ ᠴᠥᠯ ᠤᠨ ᠵᠡᠭᠦᠨ ᠵᠠᠬ᠎ᠠ ᠶᠢᠨ ᠰᠠᠯᠬᠢ ᠶᠢ ᠬᠠᠯᠬᠠᠯᠠᠨ ᠡᠯᠡᠰᠦ ᠶᠢ ᠲᠣᠭᠲᠠᠪᠤᠷᠢᠵᠢᠭᠤᠯᠬᠤ 400 ᠭᠠᠵᠠᠷ ᠤᠨ ᠪᠦᠰᠡ ᠵᠡᠷᠭᠡ 6 ᠶᠡᠭᠡ ᠪᠡᠯᠭᠡ ᠲᠡᠮᠳᠡᠭ ᠤᠨ ᠴᠢᠨᠠᠷᠲᠠᠢ ᠭᠤᠣᠯᠳᠠᠯᠭ᠎ᠠ ᠪᠣᠯᠬᠤ ᠢᠨᠵᠧᠨᠧᠷᠢᠩ ᠢ ᠪᠠᠶᠢᠭᠤᠯᠵᠤ᠂ ᠬᠠᠲᠤᠨ ᠭᠤᠣᠯ ᠤᠨ ︽ᠶᠡᠭᠡ ᠲᠣᠬᠤᠢ︾ ᠶᠢᠨ ᠰᠢᠪᠲᠤᠯᠤᠯᠲᠠ ᠶᠢᠨ ᠳᠠᠶᠢᠯᠠᠯᠳᠤᠭᠠᠨ ᠳᠤ ᠴᠢᠬᠤᠯᠠ ᠶᠡᠭᠡ ᠠᠮᠵᠢᠯᠲᠠ ᠣᠯᠬᠤ ᠶᠢ ᠪᠥᠬᠦ ᠬᠦᠴᠦᠨ ᠢᠶᠠᠷ ᠢᠶᠠᠨ ᠲᠦᠯᠬᠢᠨ ᠠᠬᠢᠭᠤᠯᠵᠤ ᠪᠠᠶᠢᠨ᠎ᠠ᠃      ᠬᠤᠷᠴᠢᠨ ᠪᠠ ᠬᠤᠯᠠᠨ ᠰᠢᠷ᠎ᠠ ᠳᠠᠭ᠎ᠠ ᠶᠢᠨ ᠬᠤᠶᠠᠷ ᠶᠡᠭᠡ ᠡᠯᠡᠰᠦᠷᠬᠡᠭ ᠭᠠᠵᠠᠷ ᠤᠨ ᠰᠥᠨᠥᠭᠡᠯᠲᠡ ᠶᠢᠨ ᠳᠠᠶᠢᠯᠠᠯᠳᠤᠭᠠᠨ ᠤ ᠣᠷᠣᠨ       ᠬᠡᠳᠦᠶᠢᠪᠡᠷ ᠭᠠᠵᠠᠷ ᠪᠦᠷᠢᠮᠦᠰᠦᠨ ᠭᠡᠰᠦᠭᠡᠳᠦᠢ ᠪᠣᠯᠪᠠᠴᠤ᠂ ᠤᠯᠠᠭᠠᠨᠬᠠᠳᠠ ᠬᠤᠲᠠ᠂ ᠰᠢᠯᠢ ᠶᠢᠨ ᠭᠤᠣᠯ ᠠᠶᠢᠮᠠᠭ ᠵᠡᠷᠭᠡ ᠭᠠᠵᠠᠷ ᠤᠨ ᠬᠢᠨ ᠨᠢᠭᠡᠨᠲᠡ ᠤᠷᠢᠳᠴᠢᠯᠠᠨ ᠪᠡᠯᠡᠳᠬᠡᠵᠦ ᠡᠬᠢᠯᠡᠪᠡ᠃
4.10专题7.jpg
      ᠰᠢᠯᠢ ᠶᠢᠨ ᠭᠤᠣᠯ ᠠᠶᠢᠮᠠᠭ ᠤᠨ ᠰᠢᠯᠤᠭᠤᠨ ᠬᠥᠬᠡ ᠬᠤᠰᠢᠭᠤᠨ ᠤ ᠰᠠᠶᠢᠨᠬᠤᠳᠳᠤᠭ ᠰᠤᠮᠤ ᠶᠢᠨ ᠴᠠᠭᠠᠨ᠋ᠣ᠋ᠪᠣᠭ᠎ᠠ ᠭᠠᠴᠠᠭᠠᠨ ᠤ ᠬᠤᠵᠤᠤᠯ᠎ᠠ ᠬᠢᠷᠭᠠᠬᠤ ᠠᠵᠢᠯ ᠤᠨ ᠲᠤᠬᠠᠢ ᠶᠢᠨ ᠲᠠᠯᠠᠪᠠᠢ ᠳᠤ ᠠᠵᠢᠯᠴᠢᠳ ᠶᠠᠭᠠᠷᠠᠯᠲᠠᠢ ᠠᠵᠢᠯᠯᠠᠵᠤ ᠪᠤᠷᠭᠠᠰᠤ ᠲᠡᠭᠡᠭᠡᠪᠦᠷᠢᠯᠡᠵᠦ ᠪᠠᠶᠢᠭ᠎ᠠ ᠨᠢ᠃  ᠵᠠᠩ ᠯᠦ  ᠰᠡᠭᠦᠳᠡᠷᠯᠡᠪᠡ      2025 ᠣᠨ ᠳᠤ ᠰᠢᠯᠢ ᠶᠢᠨ ᠭᠤᠣᠯ ᠠᠶᠢᠮᠠᠭ ᠤᠨ ᠬᠢᠨ ᠠᠭᠤᠯᠠ ᠤᠰᠤ ᠣᠶ ᠲᠠᠷᠢᠶ᠎ᠠ ᠨᠠᠭᠤᠷ ᠡᠪᠡᠰᠦ ᠡᠯᠡᠰᠦ ᠶᠢ ᠨᠢᠭᠡ ᠴᠣᠭᠴᠠᠵᠢᠭᠤᠯᠤᠨ ᠬᠠᠮᠠᠭᠠᠯᠠᠬᠤ ᠪᠠ ᠰᠢᠰᠲ᠋ᠧᠮ ᠲᠠᠢ ᠵᠠᠰᠠᠬᠤ ᠶᠢ ᠨᠢᠭᠡᠳᠦᠯᠲᠡᠢ ᠲᠥᠯᠦᠪᠵᠢᠭᠦᠯᠦᠨ ᠠᠬᠢᠭᠤᠯᠵᠤ᠂ ᠤᠰᠤᠨ ᠤ ᠬᠡᠮᠵᠢᠶ᠎ᠡ ᠪᠠᠷ ᠨᠣᠭᠤᠭᠠᠷᠠᠭᠤᠯᠤᠯᠲᠠ ᠪᠠᠨ ᠲᠣᠭᠲᠠᠭᠠᠬᠤ ᠶᠢ ᠪᠠᠷᠢᠮᠲᠠᠯᠠᠨ᠂ ᠤᠰᠤ ᠠᠷᠪᠢᠯᠠᠬᠤ ᠠᠵᠢᠯᠯᠠᠭᠠᠨ ᠢ ᠬᠡᠷᠡᠭᠵᠢᠭᠦᠯᠵᠦ᠂ ᠤᠷᠮᠠᠰᠢᠭᠤᠯᠬᠤ ᠲᠣᠭᠲᠠᠴᠠ ᠪᠠᠨ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠢᠯ ᠣᠯᠭᠤᠯᠲᠠ ᠪᠠᠷ ᠲᠡᠳᠬᠦᠮᠵᠢ ᠶᠢ ᠣᠷᠣᠯᠠᠭᠤᠯᠬᠤ ᠬᠦᠷᠢᠶ᠎ᠡ ᠬᠡᠪᠴᠢᠶ᠎ᠡ ᠶᠢ ᠥᠷᠭᠡᠳᠬᠡᠵᠦ᠂ ᠮᠠᠯᠴᠢᠨ ᠲᠠᠷᠢᠶᠠᠴᠢᠳ ᠢ ᠬᠥᠲᠥᠯᠥᠨ ᠵᠢᠯᠤᠭᠤᠳᠴᠤ ᠪᠠᠶᠢᠭᠠᠳ ᠡᠯᠡᠰᠦᠷᠬᠡᠭᠵᠢᠯ ᠢ ᠰᠡᠷᠭᠡᠶᠢᠯᠡᠨ ᠡᠯᠡᠰᠦ ᠶᠢ ᠵᠠᠰᠠᠬᠤ ᠳᠤ ᠭᠦᠨᠵᠡᠭᠡᠢ ᠣᠷᠣᠯᠴᠠᠭᠤᠯᠤᠨ᠂ ᠵᠢᠯ ᠤᠨ ᠳᠣᠲᠣᠷ᠎ᠠ 566 ᠲᠦᠮᠡᠨ ᠮᠦ ᠡᠯᠡᠰᠦᠷᠬᠡᠭ ᠭᠠᠵᠠᠷ ᠢ ᠵᠠᠰᠠᠬᠤ ᠡᠭᠦᠷᠭᠡ ᠶᠢ ᠪᠡᠶᠡᠯᠡᠭᠦᠯᠬᠦ ᠪᠣᠯᠣᠨ᠎ᠠ᠃
4.10专题8.jpg
      ᠺᠠᠳ᠋ᠷ ᠤᠯᠠᠨ ᠲᠦᠮᠡᠨ ᠤᠯᠠᠭᠠᠨᠬᠠᠳᠠ ᠬᠤᠳᠠ ᠶᠢᠨ ᠠᠤᠬᠠᠨ ᠬᠤᠰᠢᠭᠤᠨ ᠤ ᠬᠢᠵᠠᠭᠠᠷ ᠲᠠᠬᠢ ᠬᠤᠷᠴᠢᠨ ᠤ ᠡᠯᠡᠰᠦᠷᠬᠡᠭ ᠭᠠᠵᠠᠷ ᠲᠤ ᠡᠯᠡᠰᠦ ᠶᠢ ᠲᠣᠭᠲᠠᠪᠤᠷᠢᠵᠢᠭᠤᠯᠬᠤ ᠠᠵᠢᠯ ᠬᠢᠵᠦ ᠪᠠᠶᠢᠭ᠎ᠠ ᠨᠢ᠃      ᠤᠯᠠᠭᠠᠨᠬᠠᠳᠠ ᠬᠤᠲᠠ ᠶᠢᠨ ᠣᠩᠨᠢᠭᠤᠳ ᠬᠤᠰᠢᠭᠤ 103 ᠲᠦᠮᠡᠨ ᠮᠦ ᠶᠢᠨ ᠠᠮᠢ ᠠᠬᠤᠢ ᠶᠢᠨ ᠵᠠᠰᠠᠯᠲᠠ ᠶᠢ ᠪᠡᠶᠡᠯᠡᠭᠦᠯᠬᠦ ᠪᠣᠯᠣᠨ᠎ᠠ᠂ ᠡᠭᠦᠨ ᠳᠤ 33 ᠲᠦᠮᠡᠨ ᠮᠦ ᠡᠯᠡᠰᠦ ᠶᠢ ᠵᠠᠰᠠᠵᠤ᠂ 70 ᠲᠦᠮᠡᠨ ᠮᠦ ᠶᠢ ᠪᠠᠬᠢᠵᠢᠭᠦᠯᠦᠨ ᠰᠠᠶᠢᠵᠢᠷᠠᠭᠤᠯᠵᠤ᠂ ᠡᠯᠡᠰᠦ ᠲᠤᠭᠤᠯᠬᠤ ᠵᠠᠰᠠᠮᠠᠯ ᠵᠠᠮ ᠢ ᠰᠢᠨ᠎ᠡ ᠪᠠᠷ 3 ᠪᠠᠶᠢᠭᠤᠯᠵᠤ᠂ ︽ᠵᠠᠮ ᠢᠶᠠᠷ ᠡᠯᠡᠰᠦ ᠶᠢ ᠵᠠᠰᠠᠬᠤ︾ ᠬᠡᠪ ᠵᠠᠭᠪᠤᠷ ᠢ ᠦᠷᠭᠦᠯᠵᠢᠯᠡᠨ ᠳᠡᠯᠭᠡᠷᠡᠭᠦᠯᠦᠨ᠎ᠡ᠃      ᠠᠤᠬᠠᠨ ᠬᠤᠰᠢᠭᠤᠨ ᠤ ᠲᠣᠰ ᠤᠳᠠᠭᠠᠨ ᠤ ᠰᠥᠨᠥᠭᠡᠯᠲᠡ ᠶᠢᠨ ᠳᠠᠶᠢᠯᠠᠯᠳᠤᠭᠠᠨ ᠳᠤ ︽ᠬᠠᠯᠬᠠᠪᠴᠢ ᠪᠠᠷ ᠡᠯᠡᠰᠦ ᠶᠢ ᠲᠣᠭᠲᠠᠪᠤᠷᠢᠵᠢᠭᠤᠯᠬᠤ + ᠠᠮᠢᠳᠤ ᠪᠣᠳᠠᠰ ᠢᠶᠠᠷ ᠦᠨᠳᠦᠰᠦ ᠶᠢ ᠨᠢ ᠪᠠᠬᠢᠵᠢᠭᠦᠯᠬᠦ︾ ᠬᠡᠪ ᠵᠠᠭᠪᠤᠷ ᠢ ᠬᠡᠷᠡᠭᠯᠡᠨ᠂ ᠨᠡᠭᠦᠳᠡᠯ ᠮᠠᠩᠬ᠎ᠠ ᠲᠠᠢ ᠭᠠᠵᠠᠷ ᠲᠤ᠂ ᠰᠠᠯᠬᠢᠨ ᠤ ᠡᠷᠴᠢ ᠶᠢᠨ ᠰᠦᠷᠬᠡᠦ ᠡᠯᠡᠰᠦᠨ ᠤ ᠳᠦᠷᠪᠡᠯᠵᠢ ᠬᠠᠯᠬᠠᠪᠴᠢ ᠳᠡᠪᠢᠰᠴᠦ ᠡᠯᠡᠰᠦᠨ ᠭᠠᠳᠠᠷᠭᠤ ᠶᠢ ᠪᠠᠬᠢᠯᠡᠨ ᠲᠣᠭᠲᠠᠭᠠᠵᠤ᠂ ᠰᠠᠯᠬᠢ ᠡᠯᠡᠰᠦ ᠶᠢ ᠲᠣᠭᠲᠠᠪᠤᠷᠢᠵᠢᠭᠤᠯᠤᠭᠰᠠᠨ ᠤ ᠳᠠᠷᠠᠭ᠎ᠠ ᠭᠠᠩ ᠬᠠᠭᠰᠠᠷᠠᠭᠠᠨ ᠳᠤ ᠲᠡᠰᠪᠦᠷᠢᠲᠡᠢ ᠨᠤᠲᠤᠭ ᠤᠨ ᠮᠣᠳᠣ ᠶᠢ ᠳᠠᠷᠢᠨ᠎ᠠ︔ ᠮᠣᠳᠣ ᠲᠠᠷᠢᠬᠤ ᠣᠷᠴᠢᠨ ᠨᠥᠬᠦᠴᠡᠯ ᠢᠶᠠᠷ ᠨᠡᠯᠢᠶᠡᠳ ᠰᠠᠶᠢᠨ ᠣᠷᠣᠨ ᠪᠦᠰᠡ ᠳᠤ ᠬᠠᠶᠢᠯᠠᠷ ᠨᠠᠷᠠᠰᠤ᠂ ᠬᠤᠨᠢᠨ ᠠᠷᠴᠠ ᠵᠡᠷᠭᠡ ᠲᠤᠷᠤᠭ ᠮᠣᠳᠣ ᠲᠠᠷᠢᠵᠤ ᠣᠶᠢᠵᠢᠭᠤᠯᠬᠤ ᠶᠢ ᠬᠡᠷᠡᠭᠵᠢᠭᠦᠯᠵᠦ᠂ ︽ᠤᠷᠢᠳ ᠢᠶᠠᠷ ᠲᠣᠭᠲᠠᠪᠤᠷᠢᠵᠢᠭᠤᠯᠵᠤ ᠳᠠᠷᠠᠭ᠎ᠠ ᠨᠢ ᠨᠣᠭᠤᠭᠠᠷᠠᠭᠤᠯᠬᠤ︾ ᠠᠮᠢ ᠠᠬᠤᠢ ᠶᠢᠨ ᠰᠡᠷᠭᠦᠭᠡᠯᠲᠡ ᠶᠢᠨ ᠴᠦᠷᠬᠡᠯᠡᠨ ᠠᠵᠢᠯᠯᠠᠬᠤ ᠶᠢ ᠪᠡᠶᠡᠯᠡᠭᠦᠯᠬᠦ ᠪᠠᠷ ᠴᠢᠷᠮᠠᠶᠢᠨ᠎ᠠ᠃      ᠤᠷᠤᠭᠰᠢᠯᠠᠯᠲᠠ ᠶᠢᠨ ᠪᠦᠷᠢᠶ᠎ᠡ ᠬᠠᠩᠭᠢᠨᠠᠨ ᠴᠤᠤᠷᠢᠶᠠᠲᠤᠬᠤᠶ᠎ᠠ       ᠠᠶᠠᠨ ᠤ ᠵᠠᠮ ᠳᠤ ᠪᠠᠨ ᠠᠯᠠᠪᠬᠢᠨ ᠮᠣᠷᠳᠠᠨᠠᠮ      ᠥᠪᠥᠷ ᠮᠣᠩᠭᠤᠯ ᠮᠠᠨᠢ ᠦᠷᠭᠦᠯᠵᠢᠯᠡᠨ ᠥᠴᠥᠬᠡᠨ ᠴᠦ ᠭᠤᠶᠢᠪᠢᠰᠢ ᠦᠭᠡᠢ ᠪᠠᠷ ᠬᠠᠷᠢᠭᠤᠴᠠᠯᠭ᠎ᠠ ᠡᠭᠦᠷᠭᠡᠯᠡᠵᠦ᠂ ᠡᠷᠡᠰ ᠰᠢᠭᠤᠷᠬᠠᠢ ᠪᠠᠷ ᠬᠦᠨᠳᠦ ᠡᠭᠦᠷᠭᠡ ᠶᠢ ᠳᠠᠭᠠᠵᠤ ᠲᠦᠷᠦᠭᠦᠯᠡᠨ ᠠᠵᠢᠯᠯᠠᠵᠤ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠤᠨ ᠭᠤᠷᠪᠠᠨ ᠶᠡᠭᠡ ᠪᠡᠯᠭᠡ ᠲᠡᠮᠳᠡᠭ ᠤᠨ ᠴᠢᠨᠠᠷᠲᠠᠢ ᠳᠠᠶᠢᠯᠠᠯᠳᠤᠭᠠᠨ ᠢ ᠡᠷᠴᠢᠮ ᠰᠠᠶᠢᠲᠠᠢ ᠲᠦᠯᠬᠢᠨ ᠠᠬᠢᠭᠤᠯᠤᠨ᠎ᠠ᠂ ︽ᠤᠮᠠᠷᠠᠲᠤ ᠶᠢᠨ ᠭᠤᠷᠪᠠᠨ ᠣᠷᠣᠨ︾ ᠤ ᠢᠨᠵᠧᠨᠧᠷᠢᠩ ᠳᠤ ᠰᠢᠨ᠎ᠡ ᠰᠢᠪᠲᠤᠯᠤᠯᠲᠠ ᠭᠠᠷᠭᠠᠬᠤ ᠪᠠᠷ ᠪᠥᠬᠦ ᠬᠦᠴᠦᠨ ᠢᠶᠠᠷ ᠢᠶᠠᠨ ᠭᠠᠪᠰᠢᠭᠠᠶᠢᠯᠠᠵᠤ᠂ ᠡᠬᠡ ᠤᠯᠤᠰ ᠤᠨ ᠤᠮᠠᠷᠠᠲᠤ ᠬᠢᠯᠢ ᠶᠢᠨ ᠡᠨᠡ ᠬᠦ ᠠᠮᠢ ᠠᠬᠤᠢ ᠶᠢᠨ ᠬᠠᠯᠬᠠᠪᠴᠢ ᠶᠢ ᠨᠡᠩ ᠪᠠᠲᠤ ᠪᠠᠬᠢ ᠪᠣᠯᠭᠠᠬᠤ ᠪᠠᠷ ᠴᠢᠷᠮᠠᠶᠢᠨ᠎ᠠ
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ