ᠤᠮᠠᠷᠠᠲᠤ ᠬᠢᠯᠢ ᠶᠢᠨ ᠰᠣᠶᠣᠯ ᠤᠨ ᠪᠠᠶᠢᠭᠤᠯᠤᠯᠲᠠ ᠶᠢ ᠲᠠᠭᠡᠭᠰᠢᠯᠡᠭᠦᠯᠭᠦ ᠠᠵᠢᠯᠯᠠᠭ᠎ᠠ ᠶᠢ ᠦᠷ᠎ᠡ ᠪᠦᠳᠦᠮᠵᠢᠳᠠᠢ ᠠᠬᠢᠭᠤᠯᠬᠤ ᠶᠢᠨ ᠲᠥᠯᠥᠭᠡ᠂ ᠥᠪᠡᠷᠲᠡᠭᠡᠨ | ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠤᠬᠠᠭᠤᠯᠬᠤ ᠬᠡᠯᠲᠡᠰ᠂ ᠥᠪᠡᠷᠲᠡᠭᠡᠨ ᠵᠠᠰᠠᠬᠤ | ᠣᠷᠣᠨ ᠤ ᠰᠣᠶᠣᠯ ᠪᠠ ᠵᠢᠭᠤᠯᠴᠢᠯᠠᠯ ᠤᠨ ᠲᠢᠩᠬᠢᠮ ᠵᠡᠷᠭᠡ 8 ᠰᠠᠯᠠᠭ᠎ᠠ ᠮᠥᠴᠢᠷ ᠬᠠᠮᠲᠤᠷᠠᠨ ︽ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠶᠢᠨ | ᠰᠣᠶᠣᠯ ᠤᠨ ᠪᠦᠲᠦᠭᠡᠯᠴᠢ ᠦᠢᠯᠡᠳᠬᠦᠨ ᠢ ᠨᠡᠭᠡᠭᠡᠨ ᠬᠥᠭᠵᠢᠭᠦᠯᠬᠦ ᠶᠢ ᠠᠬᠢᠭᠤᠯᠬᠤ ᠲᠤᠬᠠᠢ ᠰᠠᠨᠠᠯ︾ ᠢ ᠨᠡᠶᠢᠲᠡᠯᠡᠵᠡᠢ᠃ | ︽ᠰᠠᠨᠠᠯ︾ ᠳᠤ᠂ ᠬᠤᠪᠢᠶᠠᠷᠢᠯᠠᠯᠲᠠ ᠶᠢᠨ ᠲᠣᠭᠲᠠᠴᠠ ᠶᠢ ᠲᠡᠭᠦᠯᠳᠡᠷᠵᠢᠭᠦᠯᠬᠦ ᠳᠤ ᠬᠦᠴᠦ ᠲᠠᠯᠪᠢᠵᠤ᠂ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ | ᠨᠢᠭᠡᠴᠢ ᠶᠢᠨ ᠤᠮᠠᠷᠠᠲᠤ ᠬᠢᠯᠢ ᠶᠢᠨ ᠰᠣᠶᠣᠯ ᠤᠨ ᠣᠨᠴᠠᠯᠢᠭ ᠢ ᠢᠯᠡᠷᠡᠭᠦᠯᠦᠭᠰᠡᠨ ᠰᠣᠶᠣᠯ ᠤᠨ ᠪᠦᠲᠦᠭᠡᠯᠴᠢ ᠦᠢᠯᠡᠳᠬᠦᠨ ᠢ ᠨᠡᠭᠡᠭᠡᠨ ᠬᠥᠭᠵᠢᠭᠦᠯᠬᠦ ᠶᠢ | ᠣᠨᠣᠴᠠᠲᠠᠢ ᠪᠠᠷ ᠲᠡᠳᠬᠦᠨ ᠳᠡᠮᠵᠢᠬᠦ ᠶᠢᠨ ᠬᠠᠮᠲᠤ ᠨᠡᠶᠢᠭᠡᠮ ᠤᠨ ᠬᠦᠴᠦᠨ ᠢ ᠲᠡᠳᠡᠨ ᠣᠷᠣᠯᠴᠠᠭᠤᠯᠵᠤ᠂ ᠠᠷᠠᠳ ᠣᠯᠠᠨ ᠤ ᠦᠵᠡᠵᠦ ᠰᠣᠨᠢᠷᠬᠠᠬᠤ ᠳᠤᠷᠠᠲᠠᠢ | ᠭᠡᠯᠪᠡᠷᠢ ᠪᠠᠷ ᠤᠮᠠᠷᠠᠲᠤ ᠬᠢᠯᠢ ᠶᠢᠨ ᠰᠣᠶᠣᠯ ᠤᠨ ᠲᠥᠷᠥᠯ ᠲᠡᠮᠳᠡᠭ ᠢ ᠠᠯᠳᠠᠷᠰᠢᠭᠤᠯᠤᠨ᠂ ᠤᠮᠠᠷᠠᠲᠤ ᠬᠢᠯᠢ ᠶᠢᠨ ᠰᠣᠶᠣᠯ ᠢ ᠲᠦᠭ ᠲᠦᠮᠡᠨ ᠠᠶᠢᠯ ᠡᠷᠦᠭᠡ ᠳᠤ | ᠬᠦᠷᠭᠡᠨ᠎ᠡ᠃ ᠨᠡᠶᠢᠭᠡᠮ ᠤᠨ ᠦᠷ᠎ᠡ ᠠᠰᠢᠭ ᠢ ᠲᠡᠷᠢᠭᠦᠨ ᠳᠤ ᠲᠠᠯᠪᠢᠵᠤ᠂ ᠠᠵᠤ ᠠᠬᠤᠢ ᠶᠢᠨ ᠦᠷ᠎ᠡ ᠠᠰᠢᠭ ᠢ ᠬᠠᠮᠲᠤ ᠳᠤᠨᠢ ᠬᠠᠷᠠᠭᠠᠯᠵᠠᠬᠤ ᠵᠠᠷᠴᠢᠮ ᠢ ᠵᠢᠷᠤᠮᠯᠠᠨ᠂ | ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠶᠢᠨ ᠪᠡᠶ᠎ᠡ ᠪᠠᠨ ᠳᠠᠭᠠᠭᠠᠵᠤ ᠨᠡᠭᠡᠭᠡᠨ ᠬᠥᠭᠵᠢᠭᠦᠯᠬᠦ᠂ ᠬᠠᠮᠲᠤᠷᠠᠯᠴᠠᠬᠤ᠂ ᠡᠷᠬᠡ ᠣᠯᠭᠤᠬᠤ ᠵᠡᠷᠭᠡ | ᠭᠡᠯᠪᠡᠷᠢ ᠪᠠᠷ ᠨᠡᠶᠢᠭᠡᠮ ᠤᠨ ᠬᠦᠴᠦᠨ ᠢ ᠲᠠᠲᠠᠬᠤ ᠶᠢ ᠳᠡᠮᠵᠢᠵᠦ᠂ ᠰᠣᠶᠣᠯ ᠤᠨ ᠡᠬᠢ ᠪᠠᠶᠠᠯᠢᠭ ᠢ ᠭᠦᠨᠵᠡᠭᠡᠢ ᠠᠭᠤᠳᠠᠯᠤᠨ᠂ ᠰᠢᠨ᠎ᠡ ᠦᠵᠡᠰᠭᠦᠯᠡᠩ᠂ ᠰᠥᠨᠢ ᠶᠢᠨ | ᠵᠢᠭᠤᠯᠴᠢᠯᠠᠯ ᠤᠨ ᠰᠤᠳᠤᠯᠤᠨ ᠰᠤᠷᠤᠯᠴᠠᠬᠤ᠂ ᠳᠠᠭᠠᠯᠲᠠ ᠪᠦᠲᠦᠭᠡᠭᠳᠡᠬᠦᠨ᠂ ᠭᠦᠨᠵᠡᠭᠡᠢ ᠪᠡᠶᠡᠴᠢᠯᠡᠨ ᠣᠶᠢᠯᠠᠭᠠᠬᠤ ᠵᠢᠭᠤᠯᠴᠢᠯᠠᠯ᠂ ᠣᠨᠴᠠᠯᠢᠭᠲᠤ ᠺᠢᠨᠣ᠋ ᠲᠧᠯᠸᠢᠰ | ᠤᠷᠠᠯᠢᠭ ᠤᠨ ᠲᠣᠭᠯᠠᠭᠠᠮ ᠵᠡᠷᠭᠡ ᠣᠯᠠᠨ ᠡᠰᠢᠲᠦ ᠰᠣᠶᠣᠯ ᠤᠨ ᠡᠭᠦᠳᠦᠯᠲᠡ ᠶᠢᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠦᠨ᠎ᠡ᠃ ᠠᠩᠬᠠᠨ ᠤ ᠪᠦᠯᠦᠭ ᠲᠤ ᠥᠪᠥᠷ | ᠮᠣᠩᠭᠤᠯ ᠤᠨ ᠮᠦᠽᠧᠢ᠂ ᠥᠪᠥᠷ ᠮᠣᠩᠭᠤᠯ ᠤᠨ ᠨᠣᠮ ᠤᠨ ᠰᠠᠩ᠂ ᠥᠪᠥᠷ ᠮᠣᠩᠭᠤᠯ ᠤᠨ ᠰᠣᠶᠣᠯ ᠤᠨ ᠣᠷᠳᠣᠨ᠂ ᠥᠪᠥᠷ ᠮᠣᠩᠭᠤᠯ ᠤᠨ ᠤᠷᠠᠨ ᠵᠢᠷᠤᠭ ᠤᠨ | ᠣᠷᠳᠣᠨ᠂ ᠥᠪᠥᠷ ᠮᠣᠩᠭᠤᠯ ᠤᠨ ᠤᠳᠬ᠎ᠠ ᠵᠣᠬᠢᠶᠠᠯ ᠤᠨ ᠣᠷᠳᠣᠨ ᠵᠡᠷᠭᠡ 5 ᠨᠢᠭᠡᠴᠢ ᠵᠢᠴᠢ ᠡᠯ᠎ᠡ ᠠᠶᠢᠮᠠᠭ ᠬᠤᠲᠠ ᠶᠢᠨ ᠤᠯᠤᠰ ᠤᠨ ᠨᠢᠭᠡᠳᠦᠭᠡᠷ ᠳᠡᠰ ᠤᠨ | ᠮᠦᠽᠧᠢ ᠶᠢ ᠰᠣᠩᠭᠤᠨ ᠲᠤᠷᠰᠢᠯᠲᠠ ᠶᠢᠨ ᠴᠡᠭ ᠪᠤᠯᠭᠠᠵᠤ᠂ ᠲᠤᠷᠰᠢᠯᠲᠠ ᠶᠢᠨ ᠨᠢᠭᠡᠴᠢ ᠨᠢ ᠮᠡᠳᠡᠯᠭᠡ ᠶᠢᠨ ᠥᠮᠴᠢᠯᠡᠯ ᠤᠨ ᠡᠷᠬᠡ ᠪᠠᠷ ᠢᠶᠠᠨ ᠰᠣᠶᠣᠯ ᠤᠨ ᠰᠢᠨ᠎ᠡ | ᠡᠭᠦᠳᠦᠯᠲᠡ ᠶᠢᠨ ᠠᠵᠤ ᠠᠬᠤᠶᠢᠯᠠᠯ ᠳᠤ ᠬᠤᠪᠢ ᠣᠷᠣᠵᠤ᠂ ᠲᠣᠭᠲᠠᠭᠠᠯ ᠶᠣᠰᠣᠭᠠᠷ ᠠᠵᠤ ᠠᠬᠤᠶᠢᠯᠠᠯ ᠤᠨ ᠤᠯᠤᠰ ᠤᠨ ᠥᠮᠴᠢᠯᠡᠯᠲᠦ ᠡᠳ᠋ ᠬᠥᠷᠥᠩᠭᠡ ᠶᠢ | ᠨᠢᠭᠡᠳᠦᠯᠲᠡᠢ ᠬᠢᠨᠠᠯᠲᠠ ᠬᠠᠮᠢᠶᠠᠷᠤᠯᠲᠠ ᠳᠤ ᠣᠷᠣᠭᠤᠯᠤᠨ᠎ᠠ᠃ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ ᠶᠢᠨ ᠠᠵᠢᠯᠲᠠᠨ ᠲᠤᠬᠠᠶᠢᠯᠠᠭᠰᠠᠨ | ᠠᠵᠢᠯ ᠢᠶᠠᠨ ᠪᠡᠶᠡᠯᠡᠭᠦᠯᠦᠭᠰᠡᠨ ᠤᠷᠢᠲᠠᠯ ᠳᠣᠣᠷ᠎ᠠ᠂ ᠵᠥᠪᠰᠢᠶᠡᠷᠡᠯ ᠠᠪᠴᠤ ᠬᠠᠷᠢᠶ᠎ᠠ ᠠᠵᠤ ᠠᠬᠤᠶᠢᠯᠠᠯ ᠪᠤᠶᠤ ᠬᠤᠷᠰᠢᠭᠰᠠᠨ ᠠᠵᠤ ᠠᠬᠤᠶᠢᠯᠠᠯ ᠳᠤ ᠬᠦᠷᠴᠦ ᠲᠦᠷ | ᠴᠠᠭ ᠲᠤᠰᠢᠶᠠᠯ ᠡᠭᠦᠷᠭᠡᠯᠡᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠳᠤ ᠣᠷᠣᠯᠴᠠᠵᠤ ᠪᠣᠯᠣᠨ᠎ᠠ ᠭᠡᠵᠦ ᠲᠣᠭᠲᠠᠵᠠᠢ᠃ | ᠣᠶᠢᠯᠠᠭᠠᠭᠰᠠᠨ ᠢᠶᠠᠷ᠂ ᠥᠪᠡᠷᠲᠡᠭᠡᠨ ᠵᠠᠰᠠᠬᠤ ᠣᠷᠣᠨ ᠤ ᠡᠳ᠋ ᠤᠨ ᠵᠠᠰᠠᠭ ᠤᠨ ᠲᠢᠩᠬᠢᠮ ᠠᠴᠠ ᠣᠷᠣᠯᠭ᠎ᠠ ᠶᠢᠨ ᠬᠠᠮᠢᠶᠠᠷᠤᠯᠲᠠ ᠶᠢᠨ ᠳᠦᠷᠢᠮ ᠢ ᠤᠯᠠᠮ ᠨᠢᠭᠡ | ᠠᠯᠬᠤᠮ ᠵᠢᠷᠤᠮᠵᠢᠭᠤᠯᠤᠨ᠂ ᠣᠯᠠᠨ ᠡᠰᠢᠵᠢᠭᠰᠡᠨ ᠪᠡᠯᠡ ᠣᠷᠣᠭᠤᠯᠤᠯᠲᠠ ᠶᠢᠨ ᠲᠣᠭᠲᠠᠴᠠ ᠪᠠ ᠡᠳ᠋ ᠤᠨ ᠵᠠᠰᠠᠭ ᠤᠨ ᠪᠡᠯᠡ ᠮᠥᠩᠭᠦ ᠶᠢᠨ ᠬᠡᠷᠡᠭᠯᠡᠯᠲᠡ | ᠬᠠᠮᠢᠶᠠᠷᠤᠯᠲᠠ ᠶᠢᠨ ᠠᠷᠭ᠎ᠠ ᠭᠡᠯᠪᠡᠷᠢ ᠶᠢ ᠲᠡᠭᠦᠯᠳᠡᠷᠵᠢᠭᠦᠯᠵᠦ᠂ ᠰᠣᠶᠣᠯ ᠤᠨ ᠦᠢᠯᠡᠴᠢᠯᠡᠭᠡ ᠪᠠ ᠰᠣᠶᠣᠯ ᠤᠨ ᠦᠢᠯᠡᠳᠬᠦᠨ ᠤ ᠬᠠᠩᠭᠠᠯᠭ᠎ᠠ ᠶᠢ ᠰᠢᠯᠢᠳᠡᠭᠵᠢᠭᠦᠯᠬᠦ ᠳᠤ | ᠡᠳ᠋ ᠤᠨ ᠵᠠᠰᠠᠭ ᠤᠨ ᠪᠡᠯᠡ ᠮᠥᠩᠭᠦ ᠶᠢᠨ ᠬᠥᠲᠥᠯᠥᠨ ᠵᠢᠯᠤᠭᠤᠳᠬᠤ ᠦᠢᠯᠡᠳᠦᠯ ᠢ ᠴᠢᠩᠭᠠᠳᠬᠠᠨ᠎ᠠ᠃ ᠰᠣᠶᠣᠯ ᠲᠡᠦᠬᠡ ᠶᠢᠨ ᠳᠤᠷᠠᠰᠬᠠᠯᠲᠤ ᠵᠦᠢᠯᠡᠰ ᠤᠨ ᠨᠢᠭᠡᠴᠢ | ᠰᠣᠶᠣᠯ ᠤᠨ ᠪᠦᠲᠦᠭᠡᠯᠴᠢ ᠦᠢᠯᠡᠳᠬᠦᠨ ᠤ ᠣᠷᠣᠯᠭ᠎ᠠ ᠶᠢ ᠪᠠᠶᠢᠭᠤᠯᠭ᠎ᠠ ᠨᠢᠭᠡᠴᠢ ᠶᠢᠨ ᠢᠶᠠᠨ ᠲᠥᠰᠥᠪ ᠲᠤ ᠣᠷᠣᠭᠤᠯᠤᠨ ᠨᠢᠭᠡᠳᠦᠯᠲᠡᠢ ᠬᠠᠮᠢᠶᠠᠷᠴᠤ᠂ ᠠᠵᠢᠯ | ᠦᠢᠯᠡᠰ ᠢᠶᠠᠨ ᠬᠥᠭᠵᠢᠭᠦᠯᠬᠦ ᠠᠵᠢᠯᠲᠠᠳ ᠢᠶᠠᠨ ᠤᠷᠮᠠᠰᠢᠭᠤᠯᠬᠤ ᠳᠤ ᠬᠡᠷᠡᠭᠯᠡᠵᠦ ᠪᠣᠯᠣᠨ᠎ᠠ᠃ |