︱ ᠳᠤᠮᠳᠠᠳᠤ ᠤᠯᠤᠰ ᠤᠨ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢᠨ ᠲᠤᠬᠠᠢ ᠰᠢᠨ᠎ᠡ ᠠᠵᠢᠭᠯᠠᠯᠲᠠ ︵ᠳᠡᠭᠡᠳᠦ︶ | 2025 ᠣᠨ ᠪᠣᠯ ︽ᠠᠷᠪᠠᠨ ᠳᠥᠷᠪᠡᠳᠦᠭᠡᠷ ᠲᠠᠪᠤᠨ ᠵᠢᠯ︾ ᠤᠨ ᠲᠥᠯᠦᠪᠵᠢᠭᠦᠯᠭᠡ ᠶᠢᠨ ᠲᠡᠭᠦᠰᠬᠡᠯ ᠤᠨ ᠵᠢᠯ ᠮᠥᠨ᠂ ᠪᠠᠰᠠ ᠴᠤ ᠥᠭᠡᠷᠡᠴᠢᠯᠡᠯᠲᠡ ᠶᠢ | ᠤᠯᠠᠮ ᠨᠢᠭᠡ ᠠᠯᠬᠤᠮ ᠪᠦᠬᠦ ᠲᠠᠯ᠎ᠠ ᠪᠠᠷ ᠭᠦᠨᠵᠡᠭᠡᠶᠢᠷᠡᠭᠦᠯᠬᠦ ᠶᠢᠨ ᠴᠢᠬᠤᠯᠠ ᠨᠢᠭᠡ ᠵᠢᠯ ᠮᠥᠨ᠃ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ | ᠬᠤᠷᠢᠶᠠᠨ ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠢᠲᠡᠭᠡᠯ ᠵᠣᠷᠢᠭ ᠢᠶᠠᠨ ᠪᠠᠲᠤᠳᠬᠠᠵᠤ᠂ | ᠬᠠᠲᠠᠭᠤᠵᠢᠯᠲᠠᠢ ᠮᠥᠷᠲᠡᠭᠡᠨ ᠪᠣᠳᠠᠲᠠᠢ ᠠᠵᠢᠯᠯᠠᠵᠤ᠂ ᠲᠣᠭᠲᠠᠭᠤᠨ ᠤ ᠳᠤᠮᠳᠠ ᠤᠷᠤᠭᠰᠢᠯᠠᠵᠤ᠂ ᠴᠢᠳᠠᠮᠠᠭᠠᠢ ᠪᠠᠷ ᠠᠵᠢᠯᠯᠠᠨ ᠠᠮᠵᠢᠯᠲᠠ ᠣᠯᠵᠤ᠂ ᠴᠢᠨᠠᠷ ᠰᠠᠶᠢᠲᠠᠢ | ᠬᠥᠭᠵᠢᠯᠲᠡ ᠶᠢ ᠭᠤᠶᠢᠪᠢᠰᠢ ᠦᠭᠡᠢ ᠠᠬᠢᠭᠤᠯᠵᠤ ᠪᠣᠢ᠃ | ᠡᠨᠡ ᠵᠢᠯ ᠠᠴᠠ ᠨᠠᠭᠠᠰᠢ᠂ ᠳᠤᠮᠳᠠᠳᠤ ᠤᠯᠤᠰ ᠤᠨ ᠠᠵᠤ ᠠᠬᠤᠢ ᠶᠢᠨ ᠠᠵᠢᠯᠯᠠᠭᠠᠨ ᠲᠣᠭᠲᠠᠭᠤᠨ ᠢᠶᠠᠷ ᠡᠬᠢᠯᠡᠵᠦ᠂ ᠬᠥᠭᠵᠢᠯᠲᠡ ᠶᠢᠨ ᠪᠠᠶᠢᠳᠠᠯ ᠰᠢᠨ᠎ᠡ ᠪᠥᠭᠡᠳ | ᠰᠠᠶᠢᠨ ᠵᠦᠭ ᠬᠠᠨᠳᠤᠵᠤ ᠪᠣᠢ᠃ | 【ᠰᠢᠨ᠎ᠡ ᠬᠥᠭᠵᠢᠯᠲᠡ ᠶᠢᠨ ᠰᠢᠨ᠎ᠡ ᠱᠠᠲᠤ ᠦᠶ᠎ᠡ】 | 2024 ᠣᠨ ᠳᠤ᠂ ᠮᠠᠨ ᠤ ᠤᠯᠤᠰ ᠤᠨ ᠠᠵᠤ ᠠᠬᠤᠢ ᠶᠢᠨ ᠶᠡᠷᠦᠩᠬᠡᠢ ᠬᠡᠮᠵᠢᠶ᠎ᠡ 134.9 ᠲᠦᠮᠡᠨ ᠳ᠋ᠦᠩᠰᠢᠭᠤᠷ ᠲᠥᠭᠦᠷᠢᠭ ᠲᠤ ᠬᠦᠷᠴᠦ᠂ ᠠᠩᠬ᠎ᠠ | ᠤᠳᠠᠭ᠎ᠠ 130 ᠲᠦᠮᠡᠨ ᠳ᠋ᠦᠩᠰᠢᠭᠤᠷ ᠲᠥᠭᠦᠷᠢᠭ ᠢ ᠳᠠᠪᠠᠵᠤ᠂ ᠳᠡᠭᠡᠷ᠎ᠡ ᠵᠢᠯ ᠤᠨ ᠬᠢ ᠠᠴᠠ 5% ᠪᠠᠷ ᠨᠡᠮᠡᠭᠳᠡᠵᠦ᠂ ᠠᠵᠤ ᠠᠬᠤᠢ ᠶᠢᠨ ᠶᠡᠷᠦᠩᠬᠡᠢ ᠬᠡᠮᠵᠢᠶᠡᠨ ᠤ | ᠬᠡᠪᠴᠢᠶᠡᠵᠢᠯ ᠪᠦᠬᠦ ᠪᠥᠮᠪᠥᠷᠴᠡᠭ ᠤᠨ ᠬᠤᠶᠠᠳᠤᠭᠠᠷ ᠲᠤ ᠣᠷᠣᠵᠤ᠂ ᠳᠤᠮᠳᠠᠳᠤ ᠤᠯᠤᠰ ᠦᠷᠭᠦᠯᠵᠢᠯᠡᠨ ᠳᠡᠯᠡᠬᠡᠢ ᠶᠢᠨ ᠠᠵᠤ ᠠᠬᠤᠢ ᠶᠢᠨ ᠨᠡᠮᠡᠭᠳᠡᠯ ᠤᠨ ᠭᠤᠣᠯ | ᠬᠤᠪᠢ ᠨᠡᠮᠡᠷᠢ ᠦᠵᠡᠭᠦᠯᠦᠭᠴᠢ ᠪᠠ ᠲᠣᠭᠲᠠᠪᠤᠷᠢᠵᠢᠭᠤᠯᠤᠭᠴᠢ ᠪᠣᠯᠤᠭᠰᠠᠨ ᠪᠠᠶᠢᠨ᠎ᠠ᠃ ᠶᠡᠷᠦᠩᠬᠡᠢ ᠳᠤ ᠨᠢ ᠠᠪᠴᠤ ᠦᠵᠡᠪᠡᠯ᠂ ᠳᠤᠮᠳᠠᠳᠤ ᠤᠯᠤᠰ ᠤᠨ ᠠᠵᠤ | ᠠᠬᠤᠢ ᠶᠢᠨ ᠰᠠᠭᠤᠷᠢ ᠲᠣᠭᠲᠠᠭᠤᠨ᠂ ᠳᠠᠪᠠᠭᠤᠯᠢᠭ ᠣᠯᠠᠨ᠂ ᠤᠶᠠᠨ ᠴᠢᠨᠠᠷ ᠴᠢᠩᠭ᠎ᠠ᠂ ᠳᠠᠯᠳᠠ ᠬᠦᠴᠦᠨ ᠶᠡᠭᠡ᠂ ᠣᠷᠳᠣ ᠬᠤᠭᠤᠴᠠᠭ᠎ᠠ ᠪᠠᠷ ᠰᠠᠶᠢᠵᠢᠷᠠᠬᠤ ᠶᠢᠨ | ᠲᠤᠯᠭᠠᠭᠤᠷᠢᠯᠠᠬᠤ ᠨᠥᠬᠦᠴᠡᠯ ᠪᠠ ᠦᠨᠳᠦᠰᠦᠨ ᠬᠠᠨᠳᠤᠰᠢ ᠬᠤᠪᠢᠷᠠᠭᠰᠠᠨ ᠦᠭᠡᠢ᠃ | 【ᠰᠢᠨ᠎ᠡ ᠬᠥᠭᠵᠢᠯᠲᠡ ᠶᠢᠨ ᠣᠨᠣᠯᠵᠢᠬᠤᠨ】 | ᠴᠢᠨᠠᠷ ᠰᠠᠶᠢᠲᠠᠢ ᠬᠥᠭᠵᠢᠯᠲᠡ ᠪᠣᠯ ᠳᠠᠷᠤᠢ ᠠᠷᠠᠳ ᠲᠦᠮᠡᠨ ᠤ ᠡᠳᠦᠷ ᠢᠷᠡᠬᠦᠶ᠎ᠡ ᠨᠡᠮᠡᠭᠳᠡᠵᠦ ᠪᠠᠶᠢᠭ᠎ᠠ ᠰᠠᠶᠢᠨ ᠰᠠᠶᠢᠬᠠᠨ ᠠᠮᠢᠳᠤᠷᠠᠯ ᠤᠨ ᠬᠡᠷᠡᠭᠴᠡᠭᠡ ᠶᠢ ᠨᠡᠩ | ᠰᠠᠶᠢᠨ ᠢᠶᠠᠷ ᠬᠠᠩᠭᠠᠵᠤ ᠳᠡᠶᠢᠯᠬᠦ ᠬᠥᠭᠵᠢᠯᠲᠡ ᠮᠥᠨ᠂ ᠰᠢᠨ᠎ᠡ ᠬᠥᠭᠵᠢᠯᠲᠡ ᠶᠢᠨ ᠣᠨᠣᠯᠵᠢᠬᠤᠨ ᠢ ᠢᠯᠡᠷᠡᠭᠦᠯᠬᠦ ᠬᠥᠭᠵᠢᠯᠲᠡ ᠮᠥᠨ᠂ ᠰᠢᠨ᠎ᠡ ᠶᠢ ᠡᠭᠦᠳᠬᠦ ᠶᠢ | ᠨᠢᠭᠡᠳᠦᠭᠡᠷ ᠬᠥᠳᠡᠯᠭᠡᠬᠦ ᠬᠦᠴᠦᠨ ᠪᠣᠯᠭᠠᠬᠤ᠂ ᠵᠣᠬᠢᠴᠠᠭᠤᠯᠬᠤ ᠶᠢ ᠳᠣᠲᠣᠭᠠᠳᠤ ᠶᠢᠨ ᠡᠭᠦᠰᠦᠮᠡᠯ ᠣᠨᠴᠠᠯᠢᠭ ᠪᠣᠯᠭᠠᠬᠤ᠂ ᠪᠣᠬᠢᠷᠲᠤᠯ ᠦᠭᠡᠢ ᠪᠠᠶᠢᠯᠭᠠᠬᠤ ᠶᠢ ᠲᠦᠭᠡᠮᠡᠯ | ᠪᠠᠶᠢᠳᠠᠯ ᠪᠣᠯᠭᠠᠬᠤ᠂ ᠨᠡᠭᠡᠭᠡᠯᠲᠡ ᠬᠢᠬᠦ ᠶᠢ ᠡᠷᠬᠡᠪᠰᠢ ᠵᠠᠮᠨᠠᠬᠤ ᠵᠠᠮ ᠪᠣᠯᠭᠠᠬᠤ᠂ ᠬᠠᠮᠲᠤ ᠡᠳ᠋ᠯᠡᠬᠦ ᠶᠢ ᠦᠨᠳᠦᠰᠦᠨ ᠬᠠᠷᠠᠯᠲᠠ ᠪᠣᠯᠭᠠᠬᠤ ᠬᠥᠭᠵᠢᠯᠲᠡ ᠮᠥᠨ᠃ | 【ᠰᠢᠨ᠎ᠡ ᠬᠥᠭᠵᠢᠯᠲᠡ ᠶᠢᠨ ᠲᠥᠯᠥᠪ ᠪᠠᠶᠢᠳᠠᠯ】 | ᠣᠶᠢᠷ᠎ᠠ ᠶᠢᠨ ᠵᠢᠯ ᠤᠳ ᠠᠴᠠ ᠨᠠᠭᠠᠰᠢ᠂ ᠰᠢᠨ᠎ᠡ ᠬᠥᠭᠵᠢᠯᠲᠡ ᠶᠢᠨ ᠲᠥᠯᠥᠪ ᠪᠠᠶᠢᠳᠠᠯ ᠢ ᠪᠠᠶᠢᠭᠤᠯᠬᠤ ᠠᠵᠢᠯ ᠯᠠᠪᠳᠠᠭᠤᠨ ᠢᠶᠠᠷ ᠠᠬᠢᠵᠤ ᠪᠣᠢ᠃ ᠤᠯᠤᠰ ᠤᠨ | ᠳᠣᠲᠣᠭᠠᠳᠤ ᠶᠢᠨ ᠶᠡᠭᠡ ᠣᠷᠴᠢᠯ ᠢ ᠰᠠᠭᠠᠳ ᠦᠭᠡᠢ ᠨᠠᠪᠲᠠᠷᠡᠭᠦᠯᠵᠦ᠂ ᠬᠡᠳᠦ ᠶᠡᠭᠡ ᠬᠡᠪᠴᠢᠶᠡᠨ ᠤ ᠵᠠᠬ᠎ᠠ ᠳᠡᠯᠭᠡᠭᠦᠷ ᠤᠨ ᠳᠠᠯᠳᠠ ᠬᠦᠴᠦᠨ ᠢ ᠲᠠᠰᠤᠷᠠᠯᠲᠠ ᠦᠭᠡᠢ | ᠪᠠᠳᠠᠷᠠᠭᠤᠯᠵᠤ ᠪᠠᠶᠢᠨ᠎ᠠ᠃ 2024 ᠣᠨ ᠳᠤ᠂ ᠨᠡᠶᠢᠭᠡᠮ ᠤᠨ ᠬᠡᠷᠡᠭᠯᠡᠭᠡ ᠶᠢᠨ ᠵᠦᠢᠯ ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠬᠡᠮᠵᠢᠶ᠎ᠡ ᠳᠡᠭᠡᠷ᠎ᠡ ᠵᠢᠯ ᠤᠨ | ᠬᠢ ᠠᠴᠠ 3.5% ᠪᠠᠷ ᠨᠡᠮᠡᠭᠳᠡᠵᠦ᠂ ᠬᠡᠷᠡᠭᠯᠡᠭᠡ ᠶᠢᠨ ᠰᠠᠭᠤᠷᠢ ᠴᠢᠨᠠᠷᠲᠠᠢ ᠦᠢᠯᠡᠳᠦᠯ ᠦᠷᠭᠦᠯᠵᠢᠯᠡᠨ ᠴᠢᠩᠭᠠᠷᠠᠪᠠ︔ ᠦᠢᠯᠡᠳᠬᠦ ᠦᠢᠯᠡᠰ ᠤᠨ ᠨᠡᠮᠡᠭᠳᠡᠯ ᠥᠷᠲᠡᠭ | ᠠᠳᠠᠯᠢ ᠬᠤᠭᠤᠴᠠᠭᠠᠨ ᠤ ᠬᠢ ᠠᠴᠠ 6.1% ᠪᠠᠷ ᠨᠡᠮᠡᠭᠳᠡᠵᠦ᠂ ᠶᠡᠷᠦᠩᠬᠡᠢ ᠬᠡᠪᠴᠢᠶᠡᠵᠢᠯ ᠨᠢ ᠪᠥᠬᠦ ᠳᠡᠯᠡᠬᠡᠢ ᠳᠤ 15 ᠵᠢᠯ ᠳᠠᠷᠠᠭᠠᠯᠠᠨ ᠨᠢᠭᠡᠳᠦᠭᠡᠷ ᠲᠤ ᠪᠠᠶᠢᠷᠢᠯᠠᠪᠠ | ᠃ 2024 ᠣᠨ ᠳᠤ᠂ ᠮᠠᠨ ᠤ ᠤᠯᠤᠰ ᠤᠨ ᠡᠳ᠋ ᠪᠠᠷᠠᠭ᠎ᠠ ᠶᠢ ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠭᠰᠠᠨ ᠶᠡᠷᠦᠩᠬᠡᠢ ᠬᠡᠮᠵᠢᠶ᠎ᠡ 43.8 ᠲᠦᠮᠡᠨ | ᠳ᠋ᠦᠩᠰᠢᠭᠤᠷ ᠲᠥᠭᠦᠷᠢᠭ ᠲᠤ ᠬᠦᠷᠴᠦ᠂ ᠲᠡᠦᠬᠡ ᠶᠢᠨ ᠰᠢᠨ᠎ᠡ ᠲᠡᠮᠳᠡᠭᠯᠡᠯ ᠢ ᠡᠭᠦᠳᠴᠦ᠂ 8 ᠵᠢᠯ ᠳᠠᠷᠠᠭᠠᠯᠠᠨ ᠪᠦᠬᠦ ᠪᠥᠮᠪᠥᠷᠴᠡᠭ ᠤᠨ ᠡᠳ᠋ ᠪᠠᠷᠠᠭᠠᠨ ᠤ | ᠠᠷᠠᠯᠵᠢᠶᠠᠨ ᠤ ᠨᠢᠭᠡᠳᠦᠭᠡᠷ ᠲᠣᠮᠣ ᠤᠯᠤᠰ ᠢ ᠪᠠᠲᠤᠯᠠᠪᠠ᠃ | 【ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ】 | 2024 ᠣᠨ ᠳᠤ᠂ ᠤᠯᠠᠮᠵᠢᠯᠠᠯᠲᠤ ᠠᠵᠤ ᠦᠢᠯᠡᠰ ᠤᠨ ᠬᠡᠯᠪᠡᠷᠢ ᠶᠢ ᠬᠤᠪᠢᠷᠠᠭᠤᠯᠤᠨ ᠲᠡᠰ ᠳᠡᠪᠰᠢᠭᠦᠯᠬᠦ ᠶᠢ ᠯᠠᠪᠳᠠᠭᠤᠨ ᠪᠠᠲᠤᠲᠠᠢ ᠠᠬᠢᠭᠤᠯᠵᠤ᠂ ᠦᠢᠯᠡᠳᠬᠦ | ᠦᠢᠯᠡᠰ ᠤᠨ ᠮᠡᠷᠭᠡᠵᠢᠯ ᠤᠨ ᠰᠢᠨᠡᠴᠢᠯᠡᠯᠲᠡ ᠶᠢᠨ ᠪᠡᠯᠡ ᠣᠷᠣᠭᠤᠯᠤᠯᠲᠠ ᠳᠡᠭᠡᠷ᠎ᠡ ᠵᠢᠯ ᠤᠨ ᠬᠢ ᠠᠴᠠ 8% ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠶᠢᠨ | ᠨᠡᠮᠡᠭᠳᠡᠯ ᠤᠨ ᠬᠤᠷᠳᠤᠴᠠ ᠠᠴᠠ 4.8 ᠵᠠᠭᠤᠨ ᠤ ᠬᠤᠪᠢ ᠲᠦᠷᠭᠡᠨ ᠪᠣᠯᠪᠠ︔ ᠰᠢᠨ᠎ᠡ ᠪᠠᠷ ᠡᠭᠦᠰᠦᠭᠰᠡᠨ ᠠᠵᠤ ᠦᠢᠯᠡᠰ ᠲᠣᠷᠨᠢᠨ ᠪᠣᠶᠢᠵᠢᠵᠤ᠂ | ᠬᠡᠪᠴᠢᠶᠡᠵᠢᠯ ᠠᠴᠠ ᠳᠡᠭᠡᠭᠰᠢᠬᠢ ᠳᠡᠭᠡᠳᠦ ᠮᠡᠷᠭᠡᠵᠢᠯ ᠤᠨ ᠦᠢᠯᠡᠳᠬᠦ ᠦᠢᠯᠡᠰ ᠤᠨ ᠨᠡᠮᠡᠭᠳᠡᠯ ᠦᠷᠳᠡᠭ ᠲᠦᠷᠦᠭᠦᠦ ᠵᠢᠯ ᠤᠨ ᠬᠢ ᠠᠴᠠ 8.9% ᠪᠠᠷ ᠨᠡᠮᠡᠭᠳᠡᠵᠦ᠂ | ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠦᠷᠳᠡᠭ ᠲᠤ ᠡᠵᠡᠯᠡᠬᠦ ᠬᠤᠪᠢ ᠶᠢᠨ ᠵᠢᠩ ᠲᠦᠷᠦᠭᠦᠦ ᠵᠢᠯ ᠤᠨ ᠬᠢ ᠠᠴᠠ 0.6 ᠵᠠᠭᠤᠨ ᠤ | ᠬᠤᠪᠢ ᠳᠡᠭᠡᠭᠰᠢᠯᠡᠪᠡ︔ ᠢᠷᠡᠭᠡᠳᠦᠢ ᠶᠢᠨ ᠠᠵᠤ ᠦᠢᠯᠡᠰ ᠪᠣᠶᠢᠵᠢᠨ ᠪᠤᠵᠠᠭᠠᠶᠢᠷᠠᠵᠤ᠂ ᠠᠮᠢᠳᠤ ᠪᠣᠳᠠᠰ ᠤᠨ ᠦᠢᠯᠡᠳᠬᠦ ᠦᠢᠯᠡᠰ᠂ ᠺᠸᠠᠨ᠋ᠲ ᠰᠢᠨᠵᠢᠯᠡᠬᠦ ᠤᠬᠠᠭᠠᠨ | ᠲᠧᠭᠨᠢᠭ ᠮᠡᠷᠭᠡᠵᠢᠯ᠂ ᠪᠡᠶᠡᠲᠦ ᠣᠶᠤᠨ᠂ 6G ᠵᠡᠷᠭᠡ ᠠᠵᠤ ᠦᠢᠯᠡᠰ ᠤᠨ ᠪᠠᠶᠢᠷᠢᠰᠢᠭᠤᠯᠤᠯᠲᠠ ᠶᠢ ᠲᠦᠷᠭᠡᠳᠬᠡᠵᠦ ᠪᠣᠢ᠃ | 【ᠠᠷᠠᠳ ᠲᠦᠮᠡᠨ ᠢᠶᠠᠷ ᠭᠤᠣᠯ ᠪᠣᠯᠭᠠᠬᠤ ᠶᠢ ᠪᠠᠷᠢᠮᠲᠠᠯᠠᠨ᠎ᠠ】 | 2024 ᠣᠨ ᠳᠤ᠂ ᠶᠢᠰᠦᠨ ᠵᠢᠯ ᠤᠨ ᠠᠯᠪᠠᠨ ᠵᠢᠷᠤᠮ ᠤᠨ ᠰᠤᠷᠭᠠᠨ ᠬᠥᠮᠦᠵᠢᠯ ᠢ ᠪᠠᠬᠢᠵᠢᠭᠦᠯᠦᠭᠰᠡᠨ ᠨᠣᠷᠮ᠎ᠠ 95.9% ᠳᠤ ᠬᠦᠷᠴᠦ᠂ ᠲᠦᠷᠦᠭᠦᠸ | ᠵᠢᠯ ᠤᠨ ᠬᠢ ᠠᠴᠠ 0.2 ᠵᠠᠭᠤᠨ ᠤ ᠬᠤᠪᠢ ᠳᠡᠭᠡᠭᠰᠢᠯᠡᠵᠡᠢ︔ ᠬᠥᠳᠡᠯᠮᠦᠷᠢᠯᠡᠭᠰᠡᠳ ᠲᠤ ᠣᠯᠭᠤᠮᠵᠢ ᠲᠠᠢ ᠪᠠᠶᠢᠯᠭᠠᠵᠤ᠂ 2024 ᠣᠨ ᠳᠤ᠂ ᠪᠥᠬᠦ ᠤᠯᠤᠰ ᠤᠨ | ᠬᠤᠲᠠ ᠪᠠᠯᠭᠠᠰᠤᠨ ᠳᠤ 1256 ᠲᠦᠮᠡᠨ ᠬᠥᠮᠥᠨ ᠳᠤ ᠰᠢᠨ᠎ᠡ ᠪᠠᠷ ᠠᠵᠢᠯ ᠣᠯᠭᠤᠵᠤ᠂ 4 ᠵᠢᠯ ᠳᠠᠷᠠᠭᠠᠯᠠᠨ 1200 ᠲᠦᠮᠡ ᠠᠴᠠ ᠳᠡᠭᠡᠭᠰᠢᠬᠢ ᠬᠥᠮᠥᠨ ᠳᠤ | ᠰᠢᠨ᠎ᠡ ᠪᠠᠷ ᠠᠵᠢᠯ ᠣᠯᠭᠤᠬᠤ ᠶᠢ ᠪᠠᠲᠤᠯᠠᠪᠠ︔ ᠥᠲᠡᠯᠦᠭᠰᠡᠳ ᠲᠤ ᠠᠰᠠᠷᠠᠮᠵᠢ ᠲᠠᠢ ᠪᠠᠶᠢᠯᠭᠠᠵᠤ᠂ 2024 ᠣᠨ ᠤ ᠡᠴᠦᠰ ᠪᠣᠯᠲᠠᠯ᠎ᠠ᠂ ᠪᠥᠬᠦ ᠤᠯᠤᠰ ᠤᠨ | ᠨᠠᠰᠤᠵᠢᠯ ᠤᠨ ᠠᠰᠠᠷᠠᠮᠵᠢ ᠶᠢᠨ ᠦᠨᠳᠦᠰᠦᠨ ᠳᠠᠭᠠᠳᠬᠠᠯ 10.7 ᠳ᠋ᠦᠩᠰᠢᠭᠤᠷ ᠬᠥᠮᠥᠨ ᠢ ᠬᠠᠮᠤᠷᠪᠠ︔ ᠰᠠᠭᠤᠬᠤ ᠳᠤ ᠭᠡᠷ ᠲᠠᠢ ᠪᠠᠶᠢᠯᠭᠠᠵᠤ᠂ 2019 | ᠣᠨ ᠠᠴᠠ ᠨᠠᠭᠠᠰᠢ᠂ ᠬᠤᠳᠠ ᠪᠠᠯᠭᠠᠰᠤᠨ ᠤ 28 ᠲᠦᠮᠡ ᠰᠢᠬᠠᠮ ᠬᠠᠭᠤᠴᠢᠨ ᠰᠠᠭᠤᠭᠠᠯᠢ ᠲᠣᠭᠤᠷᠢᠭ ᠢ ᠡᠬᠢᠯᠡᠨ ᠥᠭᠡᠷᠡᠴᠢᠯᠡᠨ ᠰᠢᠨᠡᠳᠬᠡᠵᠦ᠂ ᠳ᠋ᠦᠩᠰᠢᠭᠤᠷ | ᠭᠠᠷᠤᠢ ᠰᠠᠭᠤᠭᠠᠯᠢ ᠠᠷᠠᠳ ᠲᠤ ᠠᠰᠢᠭ ᠬᠦᠷᠲᠡᠭᠡᠪᠡ ᠁ ᠠᠷᠠᠳ ᠲᠤ ᠠᠰᠢᠭ ᠬᠦᠷᠲᠡᠭᠡᠭᠰᠡᠨ ᠠᠷᠭ᠎ᠠ ᠬᠡᠮᠵᠢᠶ᠎ᠡ ᠨᠦᠭᠦᠳ ᠢ ᠵᠠᠯᠭᠠᠭ᠎ᠠ ᠪᠠᠷ ᠨᠠᠶᠢᠳᠠᠪᠤᠷᠢᠵᠢᠭᠤᠯᠵᠤ | ᠂ ᠠᠷᠠᠳ ᠤᠯᠠᠨ ᠤ ᠬᠦᠷᠲᠡᠮᠵᠢ ᠶᠢᠨ ᠲᠥᠷᠥᠭᠳᠡᠯ᠂ ᠵᠣᠯ ᠵᠢᠷᠭᠠᠯᠲᠤ ᠲᠥᠷᠥᠭᠳᠡᠯ᠂ ᠠᠮᠤᠷ ᠲᠦᠪᠰᠢᠨ ᠤ ᠲᠥᠷᠥᠭᠳᠡᠯ ᠨᠡᠩ ᠨᠡᠮᠡᠭᠳᠡᠵᠦ᠂ ᠨᠡᠩ ᠪᠠᠲᠤᠯᠠᠭ᠎ᠠ ᠲᠠᠢ᠂ | ᠨᠡᠩ ᠦᠷᠭᠦᠯᠵᠢᠯᠡᠬᠦᠶᠢᠴᠡ ᠪᠣᠯᠵᠠᠢ᠃ | |