ᠰᠢᠨ᠎ᠡ ᠪᠠᠷᠭᠤ ᠪᠠᠷᠠᠭᠤᠨ ᠬᠤᠰᠢᠭᠤ 2025 ᠣᠨ ᠤ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ︕
ᠨᠡᠶᠢᠲᠡᠯᠡᠭᠰᠡᠨ ᠴᠠᠭ᠄
2025/4/10
      ᠤᠷᠢᠬᠠᠨ ᠬᠠᠪᠤᠷ ᠰᠠᠭᠠᠲᠠᠵᠤ᠂ ᠲᠦᠮᠡᠨ ᠪᠣᠳᠠᠰ ᠠᠮᠢᠯᠠᠨ᠎ᠠ᠃ 4 ᠰᠠᠷ᠎ᠠ ᠶᠢᠨ 10 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ 2025 ᠣᠨ ᠤ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠠᠵᠢᠯ ᠪᠦᠬᠦ ᠲᠠᠯ᠎ᠠ ᠪᠠᠷ ᠡᠬᠢᠯᠡᠬᠦ ᠪᠣᠯᠣᠨ᠎ᠠ᠃ ᠲᠤᠰ ᠤᠳᠠᠭ᠎ᠠ ᠶᠢᠨ ᠰᠡᠯᠭᠦᠨ ᠮᠠᠯᠵᠢᠬᠤ ᠠᠵᠢᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠦᠷᠢᠮ︾ ᠵᠢᠴᠢ ︽ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠦᠯ︾ ᠵᠡᠷᠭᠡ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ᠂ ᠡᠮᠬᠢ ᠵᠢᠷᠤᠮ ᠲᠠᠢ ᠡᠬᠢᠯᠡᠬᠦ ᠪᠣᠯᠣᠨ᠎ᠠ᠃ 2025 ᠣᠨ ᠤ 4 ᠰᠠᠷ᠎ᠠ ᠶᠢᠨ 10 ᠤ ᠡᠳᠦᠷ ᠠᠴᠠ 5 ᠰᠠᠷ᠎ᠠ ᠶᠢᠨ 25 ᠤ ᠡᠳᠦᠷ ᠪᠣᠯᠲᠠᠯ᠎ᠠ᠂ ᠰᠢᠨ᠎ᠡ ᠪᠠᠷᠭᠤ ᠪᠠᠷᠠᠭᠤᠨ ᠬᠤᠰᠢᠭᠤ 45 ᠡᠳᠦᠷ ᠤᠨ ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠰᠡᠯᠭᠦᠨ ᠮᠠᠯᠵᠢᠬᠤ ᠠᠵᠢᠯ ᠦᠷᠨᠢᠭᠦᠯᠬᠦ ᠪᠠᠷ ᠲᠣᠭᠲᠠᠵᠤ᠂ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠨ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠶᠢᠨ ᠲᠥᠯᠥᠭᠡ ᠶᠤᠮ᠃
4.10休牧1.jpg
      ᠣᠶᠢᠯᠠᠭᠠᠭᠰᠠᠨ ᠢᠶᠠᠷ᠂ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠲᠠᠢ ᠤᠶᠠᠯᠳᠤᠭᠤᠯᠤᠨ᠂ ᠲᠣᠰ ᠤᠳᠠᠭᠠᠨ ᠤ ᠬᠠᠪᠤᠷ ᠤᠨ ᠤᠯᠠᠷᠢᠯ ᠤᠨ ᠪᠡᠯᠴᠢᠭᠡᠷᠯᠡᠭᠦᠯᠬᠦ ᠶᠢ ᠵᠣᠭᠰᠤᠭᠠᠬᠤ ᠬᠦᠷᠢᠶ᠎ᠡ ᠬᠡᠪᠴᠢᠶ᠎ᠡ ᠨᠢ ᠪᠥᠬᠦ ᠬᠤᠰᠢᠭᠤᠨ ᠤ 7 ᠰᠤᠮᠤ ᠪᠠᠯᠭᠠᠰᠤ ᠶᠢᠨ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ᠤ ᠳᠣᠲᠣᠷᠠᠬᠢ ᠦᠬᠡᠷ᠂ ᠠᠳᠤᠭᠤ᠂ ᠬᠤᠨᠢ᠂ ᠢᠮᠠᠭ᠎ᠠ ᠶᠢ ᠬᠠᠮᠤᠷᠴᠤ᠂ ᠲᠡᠮᠡᠭᠡ ᠶᠢ ᠰᠡᠯᠭᠦᠨ ᠮᠠᠯᠵᠢᠬᠤ ᠬᠡᠪᠴᠢᠶᠡᠨ ᠳᠤ ᠪᠠᠭᠲᠠᠭᠠᠬᠤ ᠦᠭᠡᠢ᠃ ᠪᠥᠬᠦ ᠬᠤᠰᠢᠭᠤᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠣᠷᠣᠨ ︵ᠰᠡᠯᠭᠦᠨ ᠮᠠᠯᠵᠢᠬᠤ ᠣᠷᠣᠨ︶ ᠤ ᠲᠠᠯᠠᠪᠠᠶ 3128.67 ᠲᠦᠮᠡᠨ ᠮᠥ ᠪᠠᠶᠢᠨ᠎ᠠ᠃      ᠰᠡᠯᠭᠦᠨ ᠮᠠᠯᠵᠢᠬᠤ ᠪᠠᠷᠢᠮᠵᠢᠶ᠎ᠠ ᠶᠢᠨ ᠲᠠᠯ᠎ᠠ ᠪᠠᠷ᠂ ᠮᠠᠯᠵᠢᠬᠤ ᠡᠷᠦᠬᠡ ᠳᠤ ᠬᠢᠨᠠᠨ ᠲᠣᠭᠲᠠᠭᠠᠭᠰᠠᠨ ᠳᠠᠭᠠᠭᠠᠴᠠ ᠶᠢᠨ ᠬᠡᠮᠵᠢᠶ᠎ᠡ ᠪᠠᠷ ᠰᠠᠭᠤᠷᠢ ᠲᠤᠭ᠎ᠠ ᠪᠣᠯᠭᠠᠵᠤ᠂ ᠨᠢᠭᠡ ᠪᠤᠭ ᠮᠠᠯ ᠢ 1 ᠬᠤᠨᠢᠴᠢᠯᠠᠭᠰᠠᠨ ᠨᠢᠭᠡᠴᠡ᠂ ᠨᠢᠭᠡ ᠪᠣᠳᠠ ᠮᠠᠯ ᠢ 5 ᠬᠤᠨᠢᠴᠢᠯᠠᠭᠰᠠᠨ ᠨᠢᠭᠡᠴᠡ ᠪᠠᠷ ᠪᠣᠳᠣᠵᠤ᠂ ᠬᠤᠨᠢᠴᠢᠯᠠᠭᠰᠠᠨ ᠨᠢᠭᠡᠴᠡ ᠪᠦᠷᠢ ᠶᠢᠨ ᠰᠡᠯᠭᠦᠨ ᠮᠠᠯᠵᠢᠬᠤ ᠬᠤᠭᠤᠴᠠᠭᠠᠨ ᠳᠠᠬᠢ ᠬᠦᠳᠡᠯᠭᠡᠭᠡᠨ ᠤ ᠲᠠᠯᠠᠪᠠᠢ ᠶᠢ ᠵᠠᠷᠴᠢᠮ ᠳᠡᠭᠡᠷ᠎ᠡ ᠪᠠᠨ 20 ᠲᠡᠭᠰᠢ ᠳᠥᠷᠪᠡᠯᠵᠢᠨ ᠮᠧᠲᠷ ᠠᠴᠠ ᠬᠡᠲᠦᠷᠡᠭᠦᠯᠬᠦ ᠦᠭᠡᠢ ᠮᠦᠷᠲᠡᠭᠡᠨ ᠬᠦᠳᠡᠯᠭᠡᠭᠡᠨ ᠤ ᠲᠠᠯᠠᠪᠠᠢ ᠶᠢ ᠮᠠᠯ ᠤᠨ ᠬᠠᠰᠢᠶ᠎ᠠ ᠰᠠᠷᠠᠪᠴᠢ ᠶᠢᠨ ᠡᠷᠭᠢᠨ ᠲᠣᠭᠤᠷᠢᠨ ᠳᠤ ᠪᠠᠶᠢᠷᠢᠯᠠᠭᠤᠯᠬᠤ ᠶᠢᠨ ᠬᠠᠮᠲᠤ᠂ ᠢᠯᠡᠷᠬᠡᠢ ᠲᠡᠮᠳᠡᠭ ᠢᠯᠡᠷᠬᠡᠶᠢᠯᠡᠯ ᠪᠠᠶᠢᠬᠤ ᠬᠡᠷᠡᠭᠲᠡᠢ᠃ ᠡᠭᠦᠨ ᠤ ᠬᠠᠮᠲᠤ᠂ ᠲᠥᠯ ᠮᠠᠯ ᠢ ᠲᠤᠰᠠᠭᠠᠷᠯᠠᠬᠤ ᠪᠣᠳᠠᠲᠤ ᠬᠡᠷᠡᠭᠴᠡᠭᠡ ᠶᠢ ᠪᠣᠳᠣᠯᠬᠢᠯᠠᠵᠤ᠂ ᠡᠬᠡ ᠲᠥᠯ ᠤᠨ ᠬᠥᠳᠡᠯᠭᠡᠭᠡᠨ ᠤ ᠲᠠᠯᠠᠪᠠᠢ ᠶᠢ ᠵᠣᠬᠢᠰᠲᠠᠶ ᠲᠣᠬᠢᠷᠠᠭᠤᠯᠵᠤ ᠪᠣᠯᠤᠨ᠎ᠠ᠂ ᠨᠢᠭᠡ ᠬᠤᠷᠠᠭ᠎ᠠ ᠲᠠᠢ ᠬᠤᠨᠢ ᠶᠢ 0.5 ᠮᠦ ᠠᠴᠠ ᠬᠡᠲᠦᠷᠡᠭᠦᠯᠵᠦ ᠪᠣᠯᠬᠤ ᠦᠭᠡᠢ ᠭᠡᠵᠦ ᠲᠣᠭᠲᠠᠭᠠᠪᠠ᠃
4.10休牧2.jpg
      ᠰᠢᠨ᠎ᠡ ᠪᠠᠷᠭᠤ ᠪᠠᠷᠠᠭᠤᠨ ᠬᠤᠰᠢᠭᠤᠨ ᠤ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠶᠢᠨ ᠳᠡᠳ᠋ ᠳᠠᠷᠤᠭ᠎ᠠ ᠰᠡᠴᠡᠨᠳᠤ᠄ ︽ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠠᠵᠢᠯ ᠤᠨ ᠪᠣᠳᠠᠲᠤ ᠦᠷ᠎ᠡ ᠪᠦᠲᠦᠮᠵᠢ ᠣᠯᠬᠤ ᠶᠢ ᠦᠨᠡᠨ ᠬᠦ ᠪᠠᠲᠤᠯᠠᠵᠤ᠂ ᠮᠠᠯᠴᠢᠳ ᠤᠨ ᠠᠵᠤ ᠠᠬᠤᠢ ᠶᠢᠨ ᠳᠠᠷᠤᠭᠠᠰᠤ ᠶᠢ ᠬᠥᠩᠭᠡᠯᠡᠨ᠂ ᠮᠠᠯᠵᠢᠬᠤ ᠡᠷᠦᠬᠡ ᠶᠢᠨ ᠦᠨᠳᠦᠰᠦᠨ ᠠᠮᠢᠳᠤᠷᠠᠯ ᠢ ᠨᠥᠯᠥᠭᠡᠯᠡᠬᠦ ᠦᠭᠡᠢ ᠪᠠᠶᠢᠬᠤ ᠶᠢ ᠪᠠᠲᠤᠯᠠᠬᠤ ᠶᠢᠨ ᠲᠥᠯᠥᠭᠡ᠂ ᠮᠠᠨ ᠤ ᠬᠤᠰᠢᠭᠤ ᠰᠡᠯᠭᠦᠨ ᠮᠠᠯᠵᠢᠬᠤ ᠶᠢ ᠬᠡᠷᠡᠭᠵᠢᠭᠦᠯᠦᠭᠰᠡᠨ ᠮᠠᠯᠵᠢᠬᠤ ᠡᠷᠦᠬᠡ ᠳᠤ ᠨᠤᠲᠤᠭ ᠪᠡᠯᠴᠢᠭᠡᠷ ᠤᠨ ᠲᠠᠯᠠᠪᠠᠶ ᠪᠠᠷ ᠪᠠᠷᠢᠮᠵᠢᠶᠠᠯᠠᠨ ᠨᠥᠬᠦᠪᠦᠷᠢ ᠥᠭᠴᠦ᠂ ᠨᠥᠬᠦᠪᠦᠷᠢ ᠶᠢᠨ ᠪᠠᠷᠢᠮᠵᠢᠶ᠎ᠠ ᠨᠢ ᠮᠦ ᠪᠦᠷᠢ 0.738824 ᠲᠥᠭᠦᠷᠢᠭ ᠪᠣᠯᠣᠨ᠎ᠠ᠃ ᠰᠡᠯᠭᠦᠨ ᠮᠠᠯᠵᠢᠬᠤ ᠬᠤᠭᠤᠴᠠᠭ᠎ᠠ ᠳᠠᠭᠤᠰᠤᠭᠰᠠᠨ ᠤ ᠳᠠᠷᠠᠭ᠎ᠠ᠂ ᠬᠤᠰᠢᠭᠤᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ︿  ᠪᠦᠷᠢᠨ ᠴᠢᠳᠠᠮᠵᠢᠲᠤ ᠺᠠᠷᠲ﹀ ᠢᠶᠠᠷ ᠳᠡᠮᠵᠢᠨ ᠰᠡᠯᠭᠦᠨ ᠮᠠᠯᠵᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠮᠠᠯᠵᠢᠬᠤ ᠡᠷᠦᠬᠡ ᠳᠤ ᠨᠥᠬᠦᠪᠦᠷᠢ ᠣᠯᠭᠤᠨ᠎ᠠ᠃ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠭᠰᠠᠨ ᠦᠭᠡᠢ᠂ ᠲᠣᠭᠲᠠᠭᠠᠯ ᠠᠴᠠ ᠵᠥᠷᠢᠴᠡᠨ ᠪᠡᠯᠴᠢᠭᠡᠷᠯᠡᠭᠦᠯᠦᠭᠰᠡᠨ ᠦᠢᠯᠡ ᠠᠵᠢᠯᠯᠠᠭ᠎ᠠ  ᠲᠠᠢ ᠮᠠᠯᠵᠢᠬᠤ ᠡᠷᠦᠬᠡ ᠳᠤ ᠪᠣᠯ ᠪᠡᠯᠴᠢᠭᠡᠷᠯᠡᠭᠦᠯᠬᠦ ᠶᠢ ᠵᠣᠭᠰᠤᠭᠠᠬᠤ ᠨᠥᠬᠦᠪᠦᠷᠢ ᠶᠢ ᠨᠢ ᠬᠠᠰᠤᠬᠤ ᠶᠢᠨ ᠬᠠᠮᠲᠤ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠳᠦᠷᠢᠮ︾ ᠤᠨ ᠭᠤᠴᠢᠨ ᠲᠠᠪᠤᠳᠤᠭᠠᠷ ᠵᠦᠢᠯ ᠢ ᠦᠨᠳᠦᠰᠦᠯᠡᠨ ᠲᠣᠷᠭᠠᠨ ᠰᠢᠢᠳᠬᠡᠨ᠎ᠡ᠃ ᠮᠠᠨ ᠤ ᠬᠤᠰᠢᠭᠤ ᠪᠡᠯᠴᠢᠭᠡᠷᠯᠡᠭᠦᠯᠬᠦ ᠶᠢ ᠵᠣᠭᠰᠤᠭᠠᠬᠤ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠶᠢᠨ ᠬᠠᠮᠲᠤ᠂ ᠡᠪᠡᠰᠦ ᠪᠣᠷᠳᠤᠭ᠎ᠠ ᠶᠢᠨ ᠨᠥᠭᠡᠴᠡ ᠶᠢ ᠴᠢᠩᠭᠠᠳᠬᠠᠬᠤ᠂ ᠮᠡᠷᠭᠡᠵᠢᠯ ᠤᠨ ᠵᠢᠯᠣᠭᠤᠳᠤᠯᠭ᠎ᠠ ᠬᠠᠩᠭᠠᠬᠤ ᠵᠡᠷᠭᠡ ᠢᠳᠡᠪᠬᠢᠲᠡᠢ ᠠᠷᠭ᠎ᠠ ᠬᠡᠮᠵᠢᠶ᠎ᠡ ᠠᠪᠴᠤ᠂ ᠮᠠᠯᠵᠢᠬᠤ ᠡᠷᠦᠬᠡ ᠶᠢ ᠬᠠᠪᠰᠤᠷᠤᠨ ᠰᠡᠯᠭᠦᠨ ᠮᠠᠯᠵᠢᠬᠤ ᠬᠤᠭᠤᠴᠠᠭᠠᠨ ᠳᠠᠬᠢ ᠦᠢᠯᠡᠳᠪᠦᠷᠢᠯᠡᠯ ᠠᠮᠢᠳᠤᠷᠠᠯ ᠤᠨ ᠠᠰᠠᠭᠤᠳᠠᠯ ᠢ ᠨᠠᠩ ᠰᠠᠶᠢᠲᠤᠷ ᠠᠷᠭᠠᠴᠠᠨ᠎ᠠ᠃ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠠᠵᠢᠯ ᠪᠣᠯ ᠮᠠᠨ ᠤ ᠬᠤᠰᠢᠭᠤᠨ ᠤ ᠨᠤᠲᠤᠭ ᠪᠡᠯᠴᠢᠭᠡᠷ ᠤᠨ ᠠᠮᠢ ᠠᠬᠤᠢ ᠶᠢ ᠬᠠᠮᠠᠭᠠᠯᠠᠵᠤ᠂ ᠮᠠᠯ ᠠᠵᠤ ᠠᠬᠤᠢ ᠶᠢᠨ ᠦᠷᠭᠦᠯᠵᠢᠯᠡᠨ ᠬᠥᠭᠵᠢᠬᠦ ᠶᠢ ᠠᠬᠢᠭᠤᠯᠬᠤ ᠴᠢᠬᠤᠯᠠ ᠨᠢᠭᠡ ᠠᠯᠬᠤᠮ ᠪᠣᠯᠣᠨ᠎ᠠ᠃ ᠵᠠᠰᠠᠭ ᠤᠨ ᠣᠷᠳᠣᠨ᠂ ᠮᠠᠯᠴᠢᠳ ᠪᠠ ᠨᠡᠶᠢᠭᠡᠮ ᠤᠨ ᠡᠯ᠎ᠡ ᠲᠠᠯ᠎ᠠ ᠶᠢᠨ ᠬᠢᠨ ᠤ ᠬᠠᠮᠲᠤ ᠶᠢᠨ ᠴᠢᠷᠮᠠᠶᠢᠯᠭ᠎ᠠ ᠪᠠᠷ ᠳᠡᠮᠵᠢᠨ᠂ ᠮᠠᠨ ᠤ ᠬᠤᠰᠢᠭᠤ ᠨᠤᠲᠤᠭ ᠪᠡᠯᠴᠢᠭᠡᠷ ᠢ ᠬᠠᠮᠠᠭᠠᠯᠠᠬᠤ ᠶᠢᠨ ᠬᠠᠮᠲᠤ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠪᠡᠶᠡᠯᠡᠭᠦᠯᠵᠦ᠂ ᠡᠨᠡᠬᠦ ᠦᠵᠡᠰᠬᠦᠯᠡᠩᠲᠦ ᠰᠠᠶᠢᠬᠠᠨ ᠲᠠᠯ᠎ᠠ ᠨᠤᠲᠤᠭ ᠢ ᠨᠠᠩ ᠥᠷᠨᠢᠭᠦᠨ ᠪᠠᠳᠠᠷᠠᠩᠭᠤᠢ ᠠᠮᠢᠵᠢᠷᠠᠯ ᠤᠨ ᠬᠦᠴᠦᠨ ᠲᠠᠢ ᠪᠣᠯᠭᠠᠬᠤ ᠪᠣᠯᠣᠮᠵᠢ ᠲᠠᠢ ᠪᠠᠶᠢᠨ᠎ᠠ ︾ ᠭᠡᠪᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ