ᠣᠯᠠᠨ ᠲᠦᠮᠡᠨ ᠤ ᠣᠷᠣᠯᠴᠠᠬᠤ ᠶᠢ ᠴᠢᠬᠤᠯᠠᠴᠢᠯᠠᠵᠤ ᠣᠯᠠᠨ ᠲᠦᠮᠡᠨ ᠤ ᠬᠢᠨᠠᠯᠲᠠ ᠶᠢ ᠬᠦᠯᠢᠶᠡᠬᠦ ᠬᠡᠷᠡᠭᠳᠡᠢ
ᠨᠡᠶᠢᠲᠡᠯᠡᠭᠰᠡᠨ ᠴᠠᠭ᠄
2025/4/10
      ᠤᠯᠠᠨ ᠲᠦᠮᠡᠨ ᠤ ᠣᠷᠣᠯᠴᠠᠬᠤ ᠶᠢ ᠴᠢᠬᠤᠯᠠᠴᠢᠯᠠᠵᠤ᠂ ᠤᠯᠠᠨ ᠲᠦᠮᠡᠨ ᠤ ᠬᠢᠨᠠᠯᠲᠠ ᠶᠢ ᠬᠦᠯᠢᠶᠡᠬᠦ ᠪᠣᠯ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠶᠢᠨ ᠪᠣᠳᠠᠲᠤ ᠦᠷ᠎ᠡ ᠪᠦᠲᠦᠮᠵᠢ ᠤᠯᠬᠤ ᠶᠢ ᠦᠨᠡᠨ ᠬᠦ ᠪᠠᠲᠤᠯᠠᠬᠤ ᠴᠢᠬᠤᠯᠠ ᠠᠷᠭ᠎ᠠ ᠵᠠᠮ ᠮᠥᠨ᠃ ᠠᠰᠠᠭᠤᠳᠠᠯ ᠢ ᠪᠠᠶᠢᠴᠠᠭᠠᠨ ᠳᠡᠯᠭᠡᠭᠰᠡᠨ ᠴᠦ ᠲᠡᠷᠡ᠂ ᠲᠥᠪᠯᠡᠷᠡᠭᠦᠯᠦᠨ ᠴᠡᠭᠴᠡᠯᠡᠨ ᠵᠠᠰᠠᠭᠰᠠᠨ ᠴᠤ ᠲᠡᠷᠡ᠂ ᠴᠥᠮ ︽ᠡᠭᠦᠳᠡ ᠪᠠᠨ ᠲᠦᠭᠵᠢᠵᠦ ᠥᠪᠡᠷ ᠤᠨ ᠪᠡᠶ᠎ᠡ ᠳᠡᠭᠡᠨ ᠬᠡᠯᠡᠬᠡᠳ ᠰᠠᠭᠤᠵᠤ︾ ᠪᠣᠯᠬᠤ ᠦᠭᠡᠢ᠃ ᠤᠯᠠᠨ ᠲᠦᠮᠡᠨ ᠤ ᠰᠠᠨᠠᠯ ᠪᠠ ᠬᠦᠰᠡᠯ ᠱᠠᠭᠠᠷᠳᠠᠯᠭ᠎ᠠ ᠶᠢ ᠰᠣᠨᠣᠰᠴᠤ᠂ ᠤᠯᠠᠨ ᠲᠦᠮᠡᠨ ᠤ ᠪᠠᠴᠢᠮᠳᠠᠵᠤ ᠲᠦᠪᠡᠭᠳᠡᠵᠤ ᠵᠤᠪᠠᠨᠢᠵᠤ ᠬᠦᠰᠡᠵᠤ ᠪᠠᠶᠢᠭ᠎ᠠ ᠠᠰᠠᠭᠤᠳᠠᠯ ᠢ ᠰᠢᠢᠳᠪᠦᠷᠢᠯᠡᠵᠦ᠂ ᠤᠯᠠᠨ ᠲᠦᠮᠡᠨ ᠤ ᠦᠨᠡᠨ ᠬᠦ ᠤᠯᠵᠤ ᠮᠡᠳᠡᠷᠡᠵᠦ ᠳᠡᠶᠢᠯᠬᠦ ᠪᠣᠳᠠᠲᠤ ᠦᠷ᠎ᠡ ᠪᠦᠲᠦᠮᠵᠢ ᠪᠠᠷ ᠠᠷᠠᠳ ᠤᠨ ᠢᠲᠡᠭᠡᠯ ᠢ ᠣᠯᠵᠤ᠂ ᠰᠤᠷᠲᠠᠯ ᠤᠨ ᠪᠠᠶᠢᠭᠤᠯᠤᠯᠲᠠ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠬᠡᠷᠡᠭᠲᠡᠢ᠃       ᠠᠷᠠᠳ ᠤᠯᠠᠨ ᠶᠠᠭᠤ ᠶᠢ ᠡᠰᠡᠷᠭᠦᠴᠡᠵᠦ᠂ ᠶᠠᠭᠤ ᠶᠢ ᠬᠤᠷᠣᠰᠤᠨ ᠵᠠᠨᠤᠵᠤ ᠪᠠᠶᠢᠪᠡᠯ ᠶᠠᠭᠤ ᠶᠢ ᠡᠷᠡᠰ ᠰᠡᠷᠭᠡᠶᠢᠯᠡᠨ ᠵᠠᠯᠠᠷᠠᠭᠤᠯᠬᠤ ᠬᠡᠷᠡᠭᠲᠡᠢ᠃ ᠨᠠᠮ ᠤᠨ ᠰᠤᠷᠲᠠᠯ ᠤᠨ ᠪᠠᠶᠢᠭᠤᠯᠤᠯᠲᠠ ᠶᠢ ᠠᠬᠢᠭᠤᠯᠬᠤ ᠳᠤ ᠤᠯᠠᠨ ᠲᠦᠮᠡᠨ ᠪᠣᠯ ᠬᠥᠨᠳᠡᠯᠡᠨ ᠠᠴᠠ ᠬᠠᠷᠠᠭᠴᠢ ᠪᠢᠰᠢ᠂ ᠬᠠᠷᠢᠨ ᠣᠷᠣᠯᠴᠠᠭᠴᠢ᠂ ᠬᠢᠨᠠᠯᠲᠠ ᠲᠠᠯᠪᠢᠭᠴᠢ ᠪᠠ ᠰᠢᠯᠭᠠᠯᠳᠠ ᠬᠢᠨᠠᠬᠴᠢ ᠮᠥᠨ᠃ ᠣᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠤᠨ ᠲᠤᠬᠠᠶ ᠲᠥᠷᠥᠭᠳᠡᠯ ᠬᠠᠮᠤᠭ ᠤᠨ ᠦᠨᠡᠨ ᠪᠣᠳᠠᠲᠠᠶ᠂ ᠰᠤᠷᠲᠠᠯ ᠤᠨ ᠪᠠᠶᠢᠭᠤᠯᠤᠯᠲᠠ ᠶᠢᠨ ᠦᠷ᠎ᠡ ᠪᠦᠲᠦᠮᠵᠢ ᠶᠢᠨ ᠲᠤᠬᠠᠶ ᠦᠨᠡᠯᠡᠯᠲᠡ ᠬᠠᠮᠤᠭ ᠤᠨ ᠪᠤᠰᠤᠳᠴᠢ ᠪᠠᠶᠢᠳᠠᠭ᠃ ᠰᠤᠷᠤᠯᠴᠠᠯᠭ᠎ᠠ ᠬᠥᠮᠦᠵᠢᠯ ᠳᠤ᠂ ᠣᠯᠠᠨ ᠲᠦᠮᠡᠨ ᠢ ᠥᠷᠭᠡᠨ ᠢᠶᠠᠷ ᠣᠷᠣᠯᠴᠠᠭᠤᠯᠪᠠᠯ ᠰᠠᠶ᠋ᠢ ᠣᠯᠠᠨ ᠲᠦᠮᠡᠨ ᠤ ᠬᠦᠰᠡᠵᠦ ᠰᠠᠨᠠᠵᠤ ᠪᠠᠶᠢᠭ᠎ᠠ ᠵᠦᠢᠯ ᠢ ᠦᠨᠡᠨ ᠬᠦ ᠣᠶᠢᠯᠠᠭᠠᠵᠤ᠂ ᠠᠰᠠᠭᠤᠳᠠᠯ ᠤᠨ ᠴᠤᠬᠤᠶᠢᠯᠲᠠ ᠪᠠ ᠭᠡᠮ ᠰᠤᠭᠤᠭ ᠢ ᠣᠨᠣᠪᠴᠢᠳᠠᠢ ᠢᠯᠡᠷᠡᠭᠦᠯᠵᠦ ᠴᠢᠳᠠᠨ᠎ᠠ᠃       ᠤᠯᠠᠨ ᠲᠦᠮᠡᠨ ᠤ ᠳᠡᠷᠭᠡᠳᠡᠬᠢ ︽ᠵᠢᠵᠢᠭ ᠶᠠᠪᠤᠳᠠᠯ︾ ᠪᠣᠯ ᠰᠤᠷᠲᠠᠯ ᠤᠨ ᠪᠠᠶᠢᠭᠤᠯᠤᠯᠲᠠ ᠶᠢᠨ ︽ᠲᠤᠮᠤ ᠶᠠᠪᠤᠳᠠᠯ︾ ᠮᠥᠨ᠂ ᠤᠯᠠᠨ ᠲᠦᠮᠡᠨ ᠤ ᠬᠦᠰᠡᠯ ᠱᠠᠭᠠᠷᠳᠠᠯᠭ᠎ᠠ ᠰᠠᠨᠠᠯ ᠪᠣᠯ ᠳᠠᠷᠤᠢ ᠬᠠᠮᠤᠭ ᠤᠨ ᠦᠨᠡᠨ ᠪᠣᠳᠠᠲᠠᠢ ︽ᠬᠤᠪᠢᠷᠠᠯᠳᠠ ᠶᠢᠨ ᠰᠢᠯᠭᠠᠭᠤᠷ︾ ᠮᠥᠨ᠃ ᠨᠠᠮ ᠤᠨ ᠭᠡᠰᠢᠭᠦᠨ ᠺᠠᠳ᠋ᠷᠴᠤᠳ ︽ᠲᠤᠷᠰᠢᠯᠭ᠎ᠠ ᠲᠠᠢ ᠬᠦᠮᠦᠰ ᠠᠴᠠ ᠪᠠᠶᠢᠳᠠᠯ ᠢ ᠤᠶᠢᠯᠠᠭᠠᠬᠤ︾ ᠳᠠᠷᠤᠤ ᠬᠢᠴᠢᠶᠡᠩᠭᠦᠶ ᠣᠪᠣᠷ ᠢᠶᠠᠷ ᠦᠨᠳᠦᠰᠦᠨ ᠱᠠᠲᠤᠨ ᠳᠤ ᠭᠦᠨᠵᠡᠭᠡᠶᠢᠷᠡᠵᠦ᠂ ᠣᠯᠠᠨ ᠲᠦᠮᠡᠨ ᠤ ᠳᠤᠮᠳᠠ ᠭᠦᠨᠵᠡᠭᠡᠶᠢᠷᠡᠵᠦ᠂ ᠣᠯᠠᠨ ᠲᠦᠮᠡᠨ ᠤ ︽ᠭᠤᠮᠣᠳᠠᠯ ᠤᠨ ᠦᠭᠡ︾ ᠠᠴᠠ ᠦᠨᠡᠨ ᠠᠰᠠᠭᠤᠳᠠᠯ ᠢ ᠡᠵᠡᠮᠰᠢᠵᠦ᠂ ᠣᠯᠠᠨ ᠲᠦᠮᠡᠨ ᠤ ︽ᠡᠩ ᠤᠨ ᠦᠭᠡ︾ ᠠᠴᠠ ᠦᠨᠡᠨ ᠠᠷᠭ᠎ᠠ ᠶᠢ ᠡᠷᠢᠵᠦ᠂ ᠠᠰᠠᠭᠤᠳᠠᠯ ᠢ ᠪᠠᠶᠢᠴᠠᠭᠠᠨ ᠳᠡᠯᠭᠡᠬᠦ ᠶᠢ ᠨᠠᠩ ᠣᠨᠣᠪᠴᠢᠳᠠᠢ ᠪᠣᠯᠭᠠᠵᠤ᠂ ᠲᠥᠪᠯᠡᠷᠡᠭᠦᠯᠦᠨ ᠴᠡᠭᠴᠡᠯᠡᠨ ᠵᠠᠰᠠᠬᠤ ᠶᠢ ᠨᠠᠩ ᠪᠦᠲᠦᠮᠵᠢᠲᠡᠶ ᠪᠣᠯᠭᠠᠵᠤ᠂ ᠲᠥᠷᠥ ᠶᠢᠨ ᠪᠣᠳᠣᠯᠭ᠎ᠠ ᠲᠣᠭᠲᠠᠭᠠᠬᠤ ᠶᠢ ᠨᠠᠩ ᠣᠯᠠᠨ ᠲᠦᠮᠡᠨ ᠲᠠᠢ ᠣᠶᠢᠷᠠᠲᠤᠭᠤᠯᠵᠤ᠂ ᠴᠡᠭᠴᠡᠯᠡᠨ ᠰᠠᠶᠢᠵᠢᠷᠠᠭᠤᠯᠬᠤ ᠠᠷᠭ᠎ᠠ ᠬᠡᠮᠵᠢᠶ᠎ᠡ ᠶᠢ ᠨᠠᠩ ᠠᠷᠠᠳ ᠤᠨ ᠰᠡᠳᠭᠢᠯ ᠳᠤ ᠨᠡᠶᠢᠴᠡᠭᠦᠯᠬᠦ ᠭᠡᠷᠡᠭᠳᠠᠢ᠃       ᠤᠯᠠᠨ ᠲᠦᠮᠡᠨ ᠣᠷᠣᠯᠴᠠᠬᠤ ᠪᠣᠯ ᠰᠤᠷᠲᠠᠯ ᠤᠨ ᠪᠠᠶᠢᠭᠤᠯᠤᠯᠲᠠ ᠶᠢᠨ ᠡᠬᠢ ᠪᠤᠯᠠᠭ ᠮᠥᠨ᠂ ᠤᠯᠠᠨ ᠲᠦᠮᠡᠨ ᠤ ᠬᠢᠨᠠᠯᠲᠠ ᠪᠣᠯ ᠰᠤᠷᠲᠠᠯ ᠤᠨ ᠪᠠᠶᠢᠭᠤᠯᠤᠯᠲᠠ ᠶᠢᠨ ᠬᠤᠷᠴᠠ ᠵᠡᠪᠰᠡᠭ ᠮᠥᠨ᠃ ᠤᠢᠢᠷ᠎ᠠ ᠶᠢᠨ ᠵᠢᠯ ᠳᠤ᠂ ᠡᠯ᠎ᠡ ᠭᠠᠵᠠᠷ ᠤᠨ ᠬᠢᠨ ᠬᠢᠨᠠᠯᠲᠠ ᠲᠠᠯᠪᠢᠬᠤ ᠠᠷᠭ᠎ᠠ ᠵᠠᠮ ᠢ ᠰᠢᠯᠤᠭᠤᠳᠬᠠᠵᠤ᠂ ᠤᠯᠠᠨ ᠲᠦᠮᠡᠨ ᠤ ᠬᠢᠷᠠᠬᠠᠢ ᠬᠠᠷᠠᠴᠠ ᠢᠯᠭᠠᠨ ᠲᠠᠨᠢᠬᠤ ᠴᠢᠳᠠᠪᠤᠷᠢ ᠳᠤ ᠲᠦᠰᠢᠭᠯᠡᠨ ᠨᠢᠭᠡ ᠪᠦᠯᠦᠭ ᠠᠰᠠᠭᠤᠳᠠᠯ ᠢ ᠢᠯᠡᠷᠡᠭᠦᠯᠪᠡ᠃ ᠰᠤᠷᠲᠠᠯ ᠤᠨ ᠪᠠᠶᠢᠭᠤᠯᠤᠯᠲᠠ ᠶᠢᠨ ᠳᠤᠮᠳᠠᠬᠢ ᠠᠷᠬᠠᠭ ᠭᠡᠮ ᠤᠨ ᠡᠮᠦᠨ᠎ᠡ᠂ ᠬᠢᠨᠠᠯᠲᠠ ᠲᠠᠯᠪᠢᠬᠤ ᠠᠷᠭ᠎ᠠ ᠵᠠᠮ ᠢ ᠨᠡᠩ ᠰᠢᠯᠤᠭᠤᠳᠬᠠᠵᠤ᠂ ᠤᠯᠠᠨ ᠲᠦᠮᠡᠨ ᠤ ᠬᠢᠨᠠᠯᠲᠠ ᠶᠢ ᠭᠠᠵᠠᠷ ᠪᠣᠯᠭᠠᠨ ᠳᠤ ᠪᠠᠶᠢᠯᠭᠠᠵᠤ᠂ ᠰᠤᠷᠲᠠᠯ ᠤᠨ ᠪᠠᠶᠢᠭᠤᠯᠤᠯᠲᠠ ᠶᠢᠨ ᠪᠦᠬᠦ ᠶᠠᠪᠤᠴᠠ ᠳᠤ ᠲᠤᠭᠤᠰᠢᠯᠠᠭᠤᠯᠵᠤ᠂ ᠨᠠᠮ ᠤᠨ ᠰᠤᠷᠲᠠᠯ ᠤᠨ ᠪᠠᠶᠢᠭᠤᠯᠤᠯᠲᠠ ᠶᠢᠨ ᠲᠦᠷᠢᠮ ᠤᠨ ᠳᠠᠪᠠᠭᠤᠯᠢᠭ ᠢ ᠨᠡᠩ ᠰᠠᠶᠢᠳᠤᠷ ᠵᠠᠰᠠᠯᠲᠠ ᠶᠢᠨ ᠦᠷ᠎ᠡ ᠪᠦᠲᠦᠮᠵᠢ ᠪᠣᠯᠭᠠᠨ ᠬᠤᠪᠢᠷᠠᠭᠤᠯᠬᠤ ᠬᠡᠷᠡᠭᠲᠡᠢ᠃       ︽ᠤᠯᠠᠨ ᠲᠦᠮᠡᠨ ᠬᠠᠨᠤᠮᠵᠢ ᠲᠠᠢ ᠪᠠᠶᠢᠬᠤ ᠡᠰᠡᠬᠦ᠂ ᠪᠠᠶᠠᠷᠯᠠᠬᠤ ᠡᠰᠡᠬᠦ᠂ ᠵᠦᠪᠰᠢᠶᠡᠷᠡᠬᠦ ᠡᠰᠡᠬᠦ︾ ᠪᠠᠷ ᠪᠠᠷᠢᠮᠵᠢᠶ᠎ᠠ ᠪᠣᠯᠭᠠᠵᠤ᠂ ᠤᠯᠠᠨ ᠲᠦᠮᠡᠨ ᠢ ᠣᠷᠣᠯᠴᠠᠬᠤ ᠭᠤᠣᠯ ᠴᠣᠭᠴᠠ᠂ ᠬᠢᠨᠠᠯᠲᠠ ᠲᠠᠯᠪᠢᠬᠤ ᠨᠢᠳᠦ᠂ ᠴᠡᠭᠴᠡᠯᠡᠨ ᠰᠠᠶᠢᠵᠢᠷᠠᠭᠤᠯᠬᠤ ᠲᠤᠯᠢ᠂ ᠦᠨᠡᠯᠡᠬᠦ ᠬᠡᠮᠵᠢᠭᠦᠷ ᠪᠣᠯᠭᠠᠬᠤ ᠬᠡᠷᠡᠭᠲᠡᠢ᠃ ᠰᠤᠷᠲᠠᠯ ᠤᠨ ᠪᠠᠶᠢᠭᠤᠯᠤᠯᠲᠠ ᠶᠢᠨ ᠰᠢᠨ᠎ᠡ ᠦᠷ᠎ᠡ ᠪᠦᠲᠦᠮᠵᠢ ᠪᠠᠷ ᠠᠷᠠᠳ ᠣᠯᠠᠨ ᠤ ᠢᠲᠡᠭᠡᠯ ᠪᠠ ᠬᠦᠷᠢᠶᠡᠯᠡᠯ ᠢ ᠲᠠᠰᠤᠷᠠᠯᠲᠠ ᠥᠬᠡᠶ ᠣᠯᠵᠤ᠂ ᠨᠠᠢᠮᠠᠨ ᠲᠣᠭᠲᠠᠭᠠᠯ ᠤᠨ ᠡᠨᠡ ᠬᠦ ︽ᠰᠢᠵᠢᠷ ᠠᠯᠳᠠᠨ ᠨᠡᠷ᠎ᠡ ᠶᠢᠨ ᠬᠠᠭᠤᠳᠠᠰᠤ︾ ᠢᠢ ᠨᠠᠩ ᠬᠡᠷᠡᠯ ᠭᠢᠯᠪᠠᠭ᠎ᠠ ᠰᠠᠴᠤᠷᠠᠭᠤᠯᠬᠤ ᠬᠡᠷᠡᠭᠲᠡᠶ᠃       ︵ᠰᠢᠨᠬᠤᠸᠠ ᠬᠤᠷᠢᠶ᠎ᠠ ᠶᠢᠨ ᠱᠢ ᠵᠢᠶᠠ ᠵᠤᠸᠠᠩ ᠤᠨ ᠴᠠᠬᠢᠯᠭᠠᠨ ᠮᠡᠳᠡᠭᠡ︶
ᠢᠷᠡᠯᠲᠡ᠄ ᠳᠤᠮᠳᠠᠳᠤ ᠤᠯᠤᠰ ᠤᠨ ᠮᠣᠩᠭᠤᠯ ᠬᠡᠯᠡᠨ ᠤ ᠰᠣᠨᠢᠨ ᠮᠡᠳᠡᠭᠡ ᠶᠢᠨ ᠰᠦᠯᠵᠢᠶ᠎ᠡ