ᠪᠤᠳᠠᠰ ᠤᠨ ᠪᠤᠰᠤ ᠰᠤᠶᠤᠯ ᠤᠨ ᠦᠪ ᠨᠢ ᠲᠤᠮᠳᠠᠳᠤ ᠶᠢᠨ ᠦᠨᠳᠦᠰᠦᠳᠡᠨ ᠤ ᠲᠡᠦᠭᠡ ᠶᠢᠨ ᠤᠷᠳᠤ ᠮᠦᠷᠡᠨ ᠳᠠᠬᠢ ᠭᠡᠷᠡᠯᠳᠦ ᠰᠤᠪᠤᠳ ᠰᠢᠭ ᠭᠢᠯᠠᠯᠵᠠᠵᠤ᠂ | ᠤᠷᠢᠳᠤ ᠶᠢᠨ ᠭᠦᠮᠦᠰ ᠤᠨ ᠤᠶᠤᠨ ᠤᠬᠠᠭᠠᠨ᠂ ᠬᠠᠶᠢᠷ᠎ᠠ ᠰᠡᠳᠭᠢᠯᠭᠡ ᠪᠤᠯᠤᠨ ᠦᠵᠡᠯ ᠪᠤᠳᠤᠯ ᠢ ᠠᠴᠢᠶᠠᠯᠠᠵᠤ᠂ ᠦᠨᠳᠦᠰᠦᠳᠡᠨ ᠤ ᠵᠤᠷᠢᠭ ᠰᠠᠨᠠᠭᠠᠨ ᠤ ᠴᠢᠬᠤᠯᠠ | ᠪᠡᠯᠭᠡ ᠲᠡᠮᠳᠡᠭ ᠪᠤᠯᠵᠤ ᠪᠠᠶᠢᠳᠠᠭ᠃ ᠡᠶᠢᠮᠦ ᠠᠴᠠ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠨᠢ ᠠᠯᠤᠰ ᠬᠤᠯᠠ ᠶᠢᠨ ᠤᠳᠬ᠎ᠠ ᠠᠭᠤᠯᠭ᠎ᠠ ᠲᠠᠢ᠃ | ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠪᠤᠯ ᠦᠨᠳᠦᠰᠦᠳᠡᠨ ᠤ ᠰᠤᠶᠤᠯ ᠤᠨ ᠲᠤᠬᠠᠢ ᠪᠠᠷᠢᠮᠳᠠᠯᠠᠯ ᠪᠠᠶᠢᠵᠤ᠂ ᠪᠤᠳᠠᠰ ᠤᠨ ᠪᠤᠰᠤ | ᠰᠤᠶᠤᠯ ᠤᠨ ᠦᠪ ᠨᠢᠭᠡᠪᠦᠷᠢ ᠶᠢᠨ ᠠᠷᠤ ᠳᠤ ᠪᠦᠷ ᠦᠪᠡᠷᠮᠢᠴᠡ ᠰᠤᠶᠤᠯ ᠠᠭᠤᠯᠤᠭᠳᠠᠵᠤ ᠪᠠᠶᠢᠳᠠᠭ᠃ ᠦᠨᠢ ᠡᠷᠳᠡᠨ ᠤ ᠤᠯᠠᠮᠵᠢᠯᠠᠯᠳᠤ ᠤᠷ᠎ᠠ ᠮᠠᠷᠭᠡᠵᠢᠯ᠂ | ᠬᠠᠳᠬᠤᠮᠠᠯ ᠰᠠᠶᠢᠯᠦᠮᠠᠯ ᠢᠶᠠᠷ ᠲᠠᠮᠵᠢᠭᠤᠯᠤᠨ ᠤᠷᠢᠳᠤ ᠶᠢᠨ ᠭᠦᠮᠦᠰ ᠤᠨ ᠤᠷᠠᠨ ᠲᠠᠷᠬᠠᠨ ᠤ ᠵᠤᠷᠢᠭ ᠰᠠᠨᠠᠭ᠎ᠠ ᠶᠢ ᠤᠯᠠᠮᠵᠢᠯᠠᠵᠤ ᠪᠠᠶᠢᠳᠠᠭ᠃ ᠤᠯᠠᠮᠵᠢᠯᠠᠯᠳᠤ ᠪᠠᠶᠠᠷ | ᠲᠤᠷᠠᠰᠬᠠᠯ ᠤᠨ ᠡᠳᠦᠷ᠂ ᠴᠠᠭᠠᠨ ᠰᠠᠷ᠎ᠠ᠂ ᠬᠠᠨᠭ᠍ᠰᠢ ᠶᠢᠨ ᠡᠳᠦᠷ ᠵᠡᠷᠭᠡ ᠨᠢ ᠪᠦᠷ ᠲᠤᠮᠳᠠᠳᠤ ᠶᠢᠨ ᠦᠨᠳᠦᠰᠦᠳᠡᠨ ᠤ ᠬᠠᠶᠢᠷ᠎ᠠ ᠰᠡᠳᠭᠢᠯᠭᠡ ᠶᠢᠨ ᠲᠠᠨᠢᠯᠳᠠ ᠪᠤᠯᠤᠨ | ᠦᠷᠳᠡᠭ ᠤᠨ ᠦᠵᠡᠯᠳᠡ ᠶᠢ ᠢᠯᠡᠷᠡᠭᠦᠯᠵᠤ ᠪᠤᠢ᠃ ᠡᠳᠡᠭᠡᠷ ᠪᠤᠳᠠᠰ ᠤᠨ ᠪᠤᠰᠤ ᠰᠤᠶᠤᠯ ᠤᠨ ᠦᠪ ᠨᠢ ᠲᠤᠮᠳᠠᠳᠤ ᠶᠢᠨ ᠦᠨᠳᠦᠰᠦᠳᠡᠨ ᠤ ᠭᠦᠭᠵᠢᠯᠳᠡ ᠶᠢᠨ | ᠶᠠᠪᠤᠴᠠ ᠶᠢᠨ ᠭᠡᠷᠡᠴᠢᠯᠡᠯ ᠪᠤᠯᠵᠤ᠂ ᠲᠡᠳᠡᠭᠡᠷ ᠢ ᠬᠠᠮᠠᠭᠠᠯᠠᠬᠤ ᠨᠢ ᠲᠠᠷᠤᠢ ᠪᠢᠳᠡᠨ ᠤ ᠰᠤᠶᠤᠯ ᠤᠨ ᠦᠨᠳᠦᠰᠦ ᠰᠠᠭᠤᠷᠢ ᠪᠠᠨ ᠬᠠᠮᠠᠭᠠᠯᠠᠵᠤ ᠪᠠᠶᠢᠭ᠎ᠠ ᠤᠴᠢᠷ ᠪᠤᠯᠤᠨ᠎ᠠ᠃ | | ᠦᠨᠦᠳᠦᠷ ᠪᠤᠳᠠᠰ ᠤᠨ ᠪᠤᠰᠤ ᠰᠤᠶᠤᠯ ᠤᠨ ᠦᠪ ᠤᠨ ᠬᠠᠮᠠᠭᠠᠯᠠᠯᠳᠠ ᠰᠢᠨ᠎ᠡ ᠠᠰᠠᠭᠤᠳᠠᠯ ᠲᠤᠯᠭᠠᠷᠠᠵᠠᠢ᠃ ᠤᠳᠤᠭᠢᠴᠢᠯᠠᠯᠳᠠ ᠶᠢᠨ ᠶᠠᠪᠤᠴᠠ ᠲᠤᠮᠳᠠ | ᠠᠮᠢᠳᠤᠷᠠᠯ ᠤᠨ ᠠᠷᠭ᠎ᠠ ᠮᠠᠶ᠋ᠢᠭ ᠤᠨ ᠲᠦᠷᠭᠡᠨ ᠬᠤᠪᠢᠷᠠᠯᠳᠠ ᠠᠴᠠ ᠪᠤᠯᠵᠤ᠂ ᠨᠢᠭᠡ ᠪᠦᠯᠦᠭ ᠪᠤᠳᠠᠰ ᠤᠨ ᠪᠤᠰᠤ ᠰᠤᠶᠤᠯ ᠤᠨ ᠦᠪ ᠤᠷᠤᠰᠢᠨ ᠲᠤᠭᠳᠠᠨᠢᠬᠤ | ᠭᠦᠷᠦᠰᠦ ᠰᠢᠷᠤᠢ ᠪᠠᠨ ᠠᠯᠳᠠᠵᠤ᠂ ᠤᠯᠠᠮᠵᠢᠯᠠᠭᠴᠢ ᠨᠢ ᠨᠠᠰᠤᠵᠢᠵᠤ᠂ ᠵᠠᠯᠭᠠᠮᠵᠢᠯᠠᠭᠴᠢ ᠴᠦᠭᠡᠷᠡᠭᠰᠡᠨ ᠵᠡᠷᠭᠡ ᠪᠠᠶᠢᠳᠠᠯ ᠲᠤᠪᠤᠶᠢᠮ᠎ᠠ ᠤᠷᠤᠰᠢᠵᠤ᠂ ᠵᠠᠬ᠎ᠠ | ᠲᠡᠯᠭᠡᠭᠦᠷ ᠤᠨ ᠦᠷᠢᠰᠦᠯᠳᠦᠭᠡᠨ ᠲᠤᠮᠳᠠ ᠭᠡᠰᠡᠭ ᠪᠦᠯᠦᠭ ᠪᠤᠳᠠᠰ ᠤᠨ ᠪᠤᠰᠤ ᠰᠤᠶᠤᠯ ᠤᠨ ᠦᠪ ᠨᠢ ᠠᠷᠠᠯᠵᠢᠶᠠᠨ ᠤ ᠦᠷᠳᠡᠭ ᠲᠤᠳᠠᠮᠠᠭ ᠠᠴᠠ ᠪᠤᠯᠵᠤ | ᠤᠮᠳᠤᠭᠠᠶᠢᠯᠠᠭᠳᠠᠭᠰᠠᠨ ᠪᠠᠶᠢᠨ᠎ᠠ᠃ ᠡᠭᠦᠨ ᠠᠴᠠ ᠭᠠᠳᠠᠨ᠎ᠠ ᠵᠤᠭᠢᠰ ᠦᠭᠡᠢ ᠨᠡᠭᠡᠭᠡᠨ ᠠᠰᠢᠭᠯᠠᠬᠤ ᠵᠡᠷᠭᠡ ᠨᠢ ᠪᠠᠰᠠ ᠪᠤᠳᠠᠰ ᠤᠨ ᠪᠤᠰᠤ ᠰᠤᠶᠤᠯ ᠤᠨ ᠦᠪ ᠲᠤ | ᠬᠤᠭᠢᠷᠠᠯ ᠰᠦᠢᠳᠦᠯ ᠢ ᠠᠪᠴᠢᠷᠠᠵᠠᠢ᠃ | ᠡᠯ᠎ᠠ ᠵᠦᠢᠯ ᠤᠨ ᠦᠷᠢᠰᠦᠯᠳᠦᠭᠡᠨ ᠳᠤ ᠪᠦᠭᠦ ᠨᠠᠶᠢᠭᠡᠮ ᠢᠶᠠᠷ ᠢᠶᠠᠨ ᠭᠠᠷ ᠬᠤᠯᠪᠤᠨ ᠬᠠᠮᠳᠤᠪᠠᠷ ᠤᠷᠤᠭᠰᠢᠯᠠᠬᠤ ᠴᠢᠬᠤᠯᠠᠳᠠᠢ᠃ ᠬᠠᠮᠢᠶ᠎ᠠ ᠪᠦᠭᠦᠢ ᠪᠠᠶᠢᠭᠤᠯᠭ᠎ᠠ | ᠤᠳᠤᠷᠢᠳᠤᠨ ᠲᠠᠭᠠᠭᠤᠯᠬᠤ ᠦᠢᠯᠡᠳᠦᠯ ᠢᠶᠠᠨ ᠪᠠᠳᠠᠷᠠᠭᠤᠯᠵᠤ᠂ ᠪᠡᠯᠡ ᠤᠷᠤᠭᠤᠯᠤᠯᠳᠠ ᠪᠠᠨ ᠨᠡᠮᠡᠭᠳᠡᠭᠦᠯᠦᠨ᠂ ᠪᠤᠳᠠᠰ ᠤᠨ ᠪᠤᠰᠤ ᠰᠤᠶᠤᠯ ᠤᠨ ᠦᠪ ᠤᠨ | ᠬᠠᠮᠠᠭᠠᠯᠠᠯᠳᠠ ᠳᠤ ᠪᠠᠳᠤᠯᠠᠭ᠎ᠠ ᠬᠠᠨᠭ᠍ᠭᠠᠬᠤ ᠭᠡᠷᠡᠭᠳᠡᠢ᠃ ᠨᠡᠶᠢᠭᠡᠮ ᠤᠨ ᠡᠯ᠎ᠠ ᠡᠳᠡᠭᠡᠳ ᠤᠨ ᠬᠢᠨ ᠢᠳᠡᠪᠭᠢᠳᠡᠢ ᠤᠷᠤᠯᠴᠠᠵᠤ᠂ ᠪᠤᠳᠠᠰ ᠤᠨ ᠪᠤᠰᠤ ᠰᠤᠶᠤᠯ ᠤᠨ ᠦᠪ ᠢ | ᠬᠠᠮᠠᠭᠠᠯᠠᠬᠤ ᠨᠠᠶᠢᠭᠡᠮ ᠤᠨ ᠵᠤᠭᠢᠶᠠᠨ ᠪᠠᠶᠢᠭᠤᠯᠤᠯᠳᠠ ᠶᠢ ᠪᠠᠶᠢᠭᠤᠯᠵᠤ᠂ ᠰᠠᠶᠢᠨ ᠲᠤᠷᠠᠴᠤᠤᠯ ᠤᠨ ᠦᠢᠯᠡᠴᠢᠯᠡᠭᠡ ᠶᠢ ᠦᠷᠨᠢᠭᠦᠯᠦᠨ᠂ ᠵᠠᠭᠤᠴᠢᠯᠠᠭᠤᠷ ᠤᠨ ᠬᠢᠨ ᠪᠠᠰᠠ | ᠤᠬᠠᠭᠤᠯᠭ᠎ᠠ ᠶᠢᠨ ᠭᠦᠴᠦᠯᠡᠴᠡ ᠪᠠᠨ ᠨᠡᠮᠡᠭᠳᠡᠭᠦᠯᠵᠤ᠂ ᠪᠦᠭᠦ ᠠᠷᠠᠳ ᠢᠶᠠᠷ ᠢᠶᠠᠨ ᠪᠤᠳᠠᠰ ᠤᠨ ᠪᠤᠰᠤ ᠰᠤᠶᠤᠯ ᠤᠨ ᠦᠪ ᠢ ᠬᠠᠮᠠᠭᠠᠯᠠᠬᠤ ᠢᠳᠡᠪᠭᠢ ᠠᠭᠤᠷ | ᠠᠮᠢᠰᠬᠤᠯ ᠢ ᠪᠤᠢ ᠪᠤᠯᠭᠠᠬᠤ ᠭᠡᠷᠡᠭᠳᠡᠢ᠃ | ︽ᠰᠤᠶᠤᠯ ᠭᠦᠭᠵᠢᠪᠠᠯ ᠤᠯᠤᠰ ᠭᠦᠭᠵᠢᠨᠡ᠂ ᠰᠤᠶᠤᠯ ᠭᠦᠴᠦᠷᠭᠡᠭ ᠪᠤᠯ ᠦᠨᠳᠦᠰᠦᠳᠡᠨ ᠭᠦᠴᠦᠷᠭᠡᠭ︾ ᠪᠤᠳᠠᠰ ᠤᠨ ᠪᠤᠰᠤ ᠰᠤᠶᠤᠯ ᠤᠨ ᠦᠪ ᠨᠢ | ᠦᠨᠳᠦᠰᠦᠳᠡᠨ ᠤ ᠰᠤᠶᠤᠯ ᠤᠨ ᠤᠭᠢ ᠰᠤᠳᠤ ᠪᠤᠯᠤᠭᠰᠠᠨ ᠤ ᠬᠤᠪᠢ ᠳᠤ ᠲᠡᠭᠦᠨ ᠢ ᠬᠠᠮᠠᠭᠠᠯᠠᠬᠤ ᠨᠢ ᠲᠡᠦᠭᠡ ᠪᠠᠨ ᠪᠠᠳᠤ ᠴᠡᠭᠡᠵᠢᠯᠠᠭᠦ ᠶᠢᠨ ᠲᠠᠭᠠᠦ ᠢᠳᠡᠪᠭᠢ | ᠭᠦᠴᠦᠨ ᠢ ᠤᠯᠵᠤ᠂ ᠦᠨᠳᠦᠰᠦᠳᠡᠨ ᠤ ᠰᠤᠶᠤᠯ ᠤᠨ ᠦᠷᠨᠢᠨ ᠭᠦᠭᠵᠢᠭᠦ ᠶᠢ ᠠᠭᠢᠭᠤᠯᠵᠤ᠂ ᠲᠤᠮᠳᠠᠳᠤ ᠶᠢᠨ ᠦᠨᠳᠦᠰᠦᠳᠡᠨ ᠤ ᠦᠵᠡᠯ ᠰᠠᠨᠠᠭᠠᠨ ᠤ ᠭᠡᠷ ᠤᠷᠤᠨ ᠢ | ᠨᠡᠩ ᠪᠠᠶᠠᠯᠢᠭ ᠪᠤᠯᠭᠠᠬᠤ ᠨᠢ ᠯᠠᠪᠳᠠᠢ᠃ |