4 ᠰᠠᠷ᠎ᠠ ᠶᠢᠨ 8 ᠤ ᠡᠳᠦᠷ ᠠᠴᠠ 9 ᠤ ᠡᠳᠦᠷ ᠪᠣᠯᠲᠠᠯ᠎ᠠ᠂ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠬᠡᠷ ᠠᠴᠠ ᠲᠥᠪ ᠤᠨ ᠨᠠᠢᠮᠠᠨ | ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠡᠷᠭᠢᠯᠡᠵᠦ᠂ ᠶᠡᠷᠦᠩᠬᠡᠶ ᠱᠦᠵᠢ | ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠴᠢᠬᠤᠯᠠ ᠥᠭᠦᠯᠡᠯᠲᠡ᠂ ᠥᠪᠥᠷ ᠮᠣᠩᠭᠤᠯ ᠳᠤ ᠰᠢᠨᠵᠢᠯᠡᠨ ᠪᠠᠶᠢᠴᠠᠭᠠᠬᠤ | ᠦᠶ᠎ᠡ ᠶᠢᠨ ︽ᠰᠤᠷᠤᠯᠴᠠᠯᠭ᠎ᠠ ᠪᠠᠷ ᠰᠤᠷᠲᠠᠯ ᠢ ᠲᠥᠪ ᠪᠣᠯᠭᠠᠬᠤ︾ ᠲᠤᠬᠠᠶ ᠴᠢᠬᠤᠯᠠ ᠱᠠᠭᠠᠷᠳᠠᠯᠭ᠎ᠠ ᠶᠢ ᠭᠦᠨᠵᠡᠭᠡᠶ ᠰᠤᠷᠤᠯᠴᠠᠨ ᠨᠠᠷᠢᠯᠢᠭ ᠣᠶᠢᠯᠠᠭᠠᠵᠤ᠂ ᠲᠥᠪ ᠤᠨ | ᠨᠠᠢᠮᠠᠨ ᠵᠣᠷᠪᠣᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠶᠢ ᠭᠦᠨᠵᠡᠭᠡᠶ ᠰᠤᠷᠤᠯᠴᠠᠨ ᠣᠶᠢᠯᠠᠭᠠᠵᠤ᠂ ᠲᠥᠪ ᠤᠨ ᠨᠠᠢᠮᠠᠨ | ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠤᠨ ᠨᠠᠶᠢᠳᠠᠪᠤᠷᠢᠵᠢᠭᠤᠯᠬᠤ ᠰᠤᠷᠤᠯᠴᠠᠯᠭ᠎ᠠ ᠬᠥᠮᠦᠵᠢᠯ ᠢ ᠭᠦᠨᠵᠡᠭᠡᠶᠢᠷᠡᠭᠦᠯᠦᠨ | ᠪᠣᠳᠠᠲᠠᠶᠢᠵᠢᠭᠤᠯᠬᠤ ᠶᠢ ᠦᠷᠭᠦᠯᠵᠢᠯᠡᠨ ᠠᠬᠢᠭᠤᠯᠪᠠ᠃ ᠲᠣᠰ ᠤᠳᠠᠭᠠᠨ ᠤ ᠨᠣᠮ ᠤᠩᠰᠢᠬᠤ ᠠᠩᠭᠢ ᠬᠤᠶᠠᠷ ᠡᠳᠦᠷ ᠤᠨ ᠬᠤᠭᠤᠴᠠᠭ᠎ᠠ ᠲᠠᠢ ᠶᠠᠪᠤᠭᠳᠠᠵᠤ᠂ | ᠲᠥᠪᠯᠡᠷᠡᠭᠦᠯᠦᠨ ᠰᠤᠷᠤᠯᠴᠠᠬᠤ᠂ ᠨᠠᠮ ᠤᠨ ᠡᠭᠦᠷ ᠤᠨ ᠱᠦᠵᠢ ᠨᠠᠮ ᠤᠨ ᠬᠢᠴᠢᠶᠡᠯ ᠣᠷᠣᠬᠤ᠂ ᠰᠡᠷᠡᠮᠵᠢᠯᠡᠭᠦᠯᠬᠦ ᠬᠥᠮᠦᠵᠢᠯ ᠤᠨ ᠹᠢᠯᠢᠮ ᠢ ᠦᠵᠡᠬᠦ᠂ ᠲᠤᠰᠬᠠᠶ | ᠰᠡᠳᠦᠪ ᠢᠶᠠᠷ ᠰᠤᠳᠤᠯᠤᠨ ᠶᠠᠷᠢᠯᠴᠠᠬᠤ ᠬᠡᠯᠪᠡᠷᠢ ᠪᠠᠷ ᠥᠷᠨᠢᠭᠦᠯᠪᠡ᠃ ᠠᠯᠪᠠᠨ ᠭᠡᠷ ᠤᠨ ᠪᠦᠬᠦ ᠺᠠᠳ᠋ᠷ ᠠᠵᠢᠯᠲᠠᠳ ᠣᠷᠣᠯᠴᠠᠪᠠ᠃ | | | | ᠬᠤᠷᠠᠯ ᠠᠴᠠ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠪᠣᠯ ᠨᠢᠭᠡ | ᠵᠦᠢᠯ ᠤᠨ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠂ ᠦᠵᠡᠯ ᠰᠠᠨᠠᠭ᠎ᠠ ᠲᠠᠨᠢᠯᠲᠠ ᠪᠠᠨ ᠭᠦᠨᠵᠡᠭᠡᠶᠢᠷᠡᠭᠦᠯᠵᠦ᠂ ᠨᠡᠩ ᠥᠨᠳᠥᠷ ᠵᠣᠭᠰᠣᠴᠠ ᠪᠠᠷ ᠴᠢᠬᠤᠯᠠ | ᠠᠴᠢ ᠬᠤᠯᠪᠣᠭᠳᠠᠯ ᠢ ᠣᠶᠢᠯᠠᠭᠠᠬᠤ ᠬᠡᠷᠡᠭᠲᠡᠢ᠃ ᠪᠦᠬᠦ ᠺᠠᠳ᠋ᠷ ᠠᠵᠢᠯᠲᠠᠳ ᠨᠠᠮ ᠤᠨ ᠤᠨᠤᠯ ᠤᠨ ᠰᠢᠨ᠎ᠡ ᠡᠭᠦᠳᠦᠯᠳᠡ ᠠᠴᠠ ᠨᠠᠮᠴᠢ ᠴᠢᠨᠠᠷ ᠤᠨ ᠰᠢᠮ᠎ᠡ ᠲᠡᠵᠢᠭᠡᠯ | ᠬᠦᠷᠲᠡᠵᠦ᠂ ︽ᠰᠤᠷᠲᠠᠯ ᠤᠨ ᠪᠠᠶᠢᠭᠤᠯᠤᠯᠲᠠ ᠡᠭᠦᠷᠢᠳᠡ ᠵᠤᠬᠰᠤᠰᠢ ᠦᠭᠡᠢ ᠪᠠᠶᠢᠬᠤ︾ ᠤᠯᠤᠰ ᠲᠦᠷᠦ ᠶᠢᠨ ᠰᠡᠷᠭᠡᠭ ᠴᠢᠨᠠᠷ ᠢ ᠢᠮᠠᠭᠲᠠ ᠪᠠᠷᠢᠮᠲᠠᠯᠠᠨ᠂ ︽ | ᠲᠦᠷᠪᠡᠨ ᠰᠤᠷᠲᠠᠯ︾ ᠤᠨ ᠠᠰᠠᠭᠤᠳᠠᠯ ᠤᠨ ᠰᠢᠨ᠎ᠡ ᠢᠯᠡᠷᠡᠯ ᠢ ᠴᠢᠩᠭ᠎ᠠ ᠠᠩᠬᠠᠷᠴᠤ᠂ ᠰᠤᠷᠲᠠᠯ ᠤᠨ ᠪᠠᠶᠢᠭᠤᠯᠤᠯᠲᠠ ᠶᠢᠨ ᠪᠠᠶᠢᠩᠭᠤᠵᠢᠭᠰᠠᠨ ᠤᠷᠳᠤ | ᠬᠤᠭᠤᠴᠠᠭᠠᠨ ᠤ ᠪᠦᠲᠦᠮᠵᠢᠲᠡᠢ ᠪᠠᠶᠢᠬᠤ ᠲᠦᠷᠢᠮ ᠲᠣᠭᠲᠠᠴᠠ ᠶᠢ ᠪᠦᠷᠢᠨᠰᠢᠬᠦᠯᠵᠦ᠂ ᠴᠢᠩᠭ᠎ᠠ ᠬᠦᠭ ᠠᠶᠠᠰ᠂ ᠪᠣᠳᠠᠲᠠᠢ ᠠᠷᠭ᠎ᠠ ᠬᠡᠮᠵᠢᠶ᠎ᠡ ᠶᠢ ᠡᠬᠢᠨ ᠠᠴᠠ ᠨᠢ | ᠳᠠᠭᠤᠰᠲᠠᠯ᠎ᠠ ᠲᠤᠤᠱᠯᠠᠭᠤᠯᠵᠤ᠂ ᠰᠤᠷᠤᠯᠴᠠᠯᠭ᠎ᠠ ᠴᠢᠨᠠᠷ ᠴᠢᠨᠰᠠᠭ᠎ᠠ ᠲᠠᠢ᠂ ᠪᠠᠶᠢᠴᠠᠭᠠᠯᠲᠠ ᠡᠷᠴᠢᠮ ᠲᠠᠢ ᠂ ᠦᠭᠡᠷᠡᠴᠢᠯᠡᠯᠲᠡ ᠦᠷ᠎ᠡ ᠪᠦᠲᠦᠮᠵᠢ ᠲᠠᠢ ᠪᠠᠶᠢᠬᠤ ᠶᠢ | ᠪᠠᠲᠤᠯᠠᠬᠤ ᠬᠡᠷᠡᠭᠲᠡᠢ᠃ ᠰᠠᠨᠠᠭᠠᠴᠢᠯᠠᠭ᠎ᠠ ᠠᠴᠠ ᠪᠠᠨ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠠᠵᠢᠯ ᠤᠨ ᠪᠠᠶᠢᠷᠢ ᠶᠢᠨ ᠦᠢᠯᠡᠳᠦᠯᠭᠡ ᠳᠤ | ᠭᠦᠨᠵᠡᠭᠡᠢ ᠠᠭᠤᠰᠤᠯᠴᠠᠭᠤᠯᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠴᠢᠨᠠᠷ ᠴᠢᠨᠰᠠᠭ᠎ᠠ ᠦᠷ᠎ᠡ ᠪᠦᠲᠦᠮᠵᠢ ᠶᠢ ᠳᠡᠭᠡᠭᠰᠢᠯᠡᠭᠦᠯᠦᠨ᠂ ᠪᠥᠬᠦ ᠬᠤᠰᠢᠭᠤᠨ ᠤ | ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠵᠠᠰᠠᠭ ᠤᠨ ᠣᠷᠳᠣᠨ ᠤ ᠠᠯᠪᠠᠨ ᠬᠡᠷ ᠤᠨ ᠬᠦᠴᠦᠨ ᠴᠢᠳᠠᠯ ᠢᠶᠠᠨ ᠡᠷᠭᠦᠬᠦ ᠬᠡᠷᠡᠭᠲᠡᠢ ᠭᠡᠵᠦ | ᠴᠢᠬᠤᠯᠠᠴᠢᠯᠠᠪᠠ᠃ | | | |