ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶ᠎ᠠ ᠶᠢᠨ ᠤᠯᠤᠰ ᠲᠥᠷᠥ ᠶᠢᠨ ᠲᠣᠪᠴᠢᠶᠠᠨ ᠤ ᠪᠠᠶᠢᠩᠭᠤ ᠶᠢᠨ ᠭᠡᠰᠢᠭᠦᠨ᠂ ᠲᠥᠷᠥ ᠶᠢᠨ | ᠶᠠᠪᠤᠳᠠᠯ ᠤᠨ ᠬᠤᠷᠢᠶ᠎ᠠ ᠶᠢᠨ ᠶᠡᠷᠦᠩᠬᠡᠢ ᠰᠠᠶᠢᠳ ᠯᠢ ᠴᠢᠶᠠᠩ 4 ᠰᠠᠷ᠎ᠠ ᠶᠢᠨ 9 ᠤ ᠦᠳᠡ ᠶᠢᠨ ᠬᠤᠶᠢᠨ᠎ᠠ ᠠᠵᠤ ᠠᠬᠤᠢ ᠶᠢᠨ ᠪᠠᠶᠢᠳᠠᠯ ᠤᠨ ᠲᠤᠰᠬᠠᠢ ᠮᠡᠷᠭᠡᠵᠢᠯᠲᠡᠨ | ᠪᠠ ᠠᠵᠤ ᠠᠬᠤᠶᠢᠯᠠᠯᠲᠠᠳ ᠤᠨ ᠶᠠᠷᠢᠯᠴᠠᠬᠤ ᠬᠤᠷᠠᠯ ᠢ ᠡᠷᠭᠢᠯᠡᠨ ᠬᠤᠷᠠᠯᠳᠤᠭᠤᠯᠵᠤ᠂ ᠣᠳᠣᠬᠠᠨ ᠤ ᠠᠵᠤ ᠠᠬᠤᠢ ᠶᠢᠨ ᠪᠠᠶᠢᠳᠠᠯ ᠪᠠ ᠲᠠᠷᠠᠭᠠᠴᠢ ᠶᠢᠨ ᠠᠯᠬᠤᠮ ᠤᠨ | ᠠᠵᠤ ᠠᠬᠤᠢ ᠶᠢᠨ ᠠᠵᠢᠯ ᠤᠨ ᠲᠤᠬᠠᠢ ᠰᠠᠨᠠᠯ ᠰᠠᠨᠠᠭᠤᠯᠭ᠎ᠠ ᠶᠢ ᠰᠣᠨᠣᠰᠪᠠ᠃ | ᠶᠠᠷᠢᠯᠴᠠᠬᠤ ᠬᠤᠷᠠᠯ ᠳᠡᠭᠡᠷ᠎ᠡ᠂ ᠵᠠᠩ ᠪᠢᠨ᠂ ᠯᠢ ᠰᠢᠶᠦ᠋ᠨ ᠯᠧᠢ᠂ ᠱᠧᠨ ᠵᠢᠶᠠᠨ ᠭᠤᠸᠠᠩ᠂ ᠸᠠᠨ ᠮᠢᠨ᠂ ᠵᠧᠩ ᠶᠢᠨ᠂ ᠫᠧᠩ ᡁᠢ ᠬᠤᠶ᠂ ᠸᠠᠩ ᠽᠤᠸᠠᠨ ᠨᠠᠷ | ᠤᠷᠢᠳ ᠬᠤᠵᠢᠳ ᠦᠭᠡ ᠬᠡᠯᠡᠪᠡ᠃ ᠤᠯᠠᠨ ᠢᠶᠠᠷ ᠢᠶᠠᠨ᠂ ᠵᠢᠯ ᠤᠨ ᠡᠬᠢᠨ ᠠᠴᠠ ᠨᠠᠭᠠᠰᠢ᠂ ᠮᠠᠨ ᠤ ᠤᠯᠤᠰ ᠤᠨ ᠠᠵᠤ ᠠᠬᠤᠢ ᠶᠢᠨ ᠡᠷᠭᠢᠯᠲᠡ ᠶᠡᠷᠦᠩᠬᠡᠢ ᠳᠡᠭᠡᠨ | ᠲᠣᠭᠲᠠᠭᠤᠨ ᠪᠠᠶᠢᠵᠤ᠂ ᠰᠢᠨ᠎ᠡ ᠲᠡᠶᠢᠰᠢ ᠰᠠᠶᠢᠵᠢᠷᠠᠵᠤ᠂ ᠬᠥᠭᠵᠢᠯᠲᠡ ᠶᠢᠨ ᠰᠢᠨ᠎ᠡ ᠬᠥᠳᠡᠯᠭᠡᠬᠦ ᠡᠨᠧᠷᠭᠢ ᠲᠦᠷᠭᠡᠨ ᠪᠤᠵᠠᠭᠠᠶᠢᠷᠠᠪᠠ᠃ ᠬᠡᠳᠦᠶᠢᠪᠡᠷ ᠭᠠᠳᠠᠭᠠᠳᠤ | ᠣᠷᠴᠢᠨ ᠨᠥᠬᠦᠴᠡᠯ ᠤᠨ ᠬᠤᠪᠢᠷᠠᠯᠲᠠ ᠠᠴᠠ ᠪᠣᠯᠵᠤ ᠴᠥᠭᠡᠨ ᠪᠤᠰᠤ ᠬᠦᠴᠢᠷᠳᠡᠯ ᠲᠤᠯᠭᠠᠷᠠᠭᠰᠠᠨ ᠪᠤᠯᠪᠠᠴᠤ ᠮᠠᠨ ᠤ ᠤᠯᠤᠰ ᠤᠨ ᠠᠵᠤ ᠠᠬᠤᠢ ᠶᠢᠨ ᠳᠠᠪᠠᠭᠤᠯᠢᠭ | ᠲᠠᠯ᠎ᠠ ᠤᠯᠠᠨ᠂ ᠤᠶᠠᠨ ᠬᠠᠳᠠᠨ ᠴᠢᠨᠠᠷ ᠴᠢᠩᠭ᠎ᠠ᠂ ᠲᠠᠯᠳᠠ ᠬᠦᠴᠦᠨ ᠶᠡᠭᠡ᠂ ᠬᠥᠭᠵᠢᠯᠲᠡ ᠶᠢᠨ ᠢᠷᠡᠭᠡᠳᠦᠢ ᠤᠷᠳᠤ ᠬᠤᠭᠤᠴᠠᠭ᠎ᠠ ᠪᠠᠷ ᠰᠠᠶᠢᠨ ᠪᠠᠶᠢᠨ᠎ᠠ ᠭᠡᠵᠦ | ᠦᠵᠡᠪᠡ᠃ ᠣᠯᠠᠨ ᠢᠶᠠᠷ ᠢᠶᠠᠨ ᠪᠠᠰᠠ ᠭᠠᠳᠠᠨᠠᠬᠢ ᠳᠠᠭᠠᠷᠢᠯᠲᠠ ᠶᠢ ᠠᠷᠭᠠᠴᠠᠭᠠᠬᠤ᠂ ᠠᠵᠤ ᠠᠬᠤᠢ ᠶᠢᠨ ᠦᠷᠭᠦᠯᠵᠢᠯᠡᠨ ᠰᠠᠶᠢᠵᠢᠷᠠᠬᠤ ᠶᠢ ᠠᠬᠢᠭᠤᠯᠬᠤ ᠲᠤᠬᠠᠢ ᠰᠠᠨᠠᠯ | ᠰᠠᠨᠠᠭᠤᠯᠭ᠎ᠠ ᠳᠤᠷᠠᠳᠴᠠᠢ᠃ | ᠲᠤᠰᠬᠠᠢ ᠮᠡᠷᠭᠡᠵᠢᠯᠲᠡᠨ ᠪᠣᠯᠣᠨ ᠠᠵᠤ ᠠᠬᠤᠶᠢᠯᠠᠯᠲᠠᠨ ᠤ ᠦᠭᠡ ᠬᠡᠯᠡᠬᠦ ᠶᠢ ᠨᠠᠷᠢᠨ ᠬᠢᠨᠠᠮᠠᠭᠠᠢ ᠰᠣᠨᠣᠰᠤᠭᠰᠠᠨ ᠤ ᠳᠠᠷᠠᠭ᠎ᠠ᠂ ᠯᠢ ᠴᠢᠶᠠᠩ᠂ ᠡᠨᠡ ᠵᠢᠯ ᠤᠨ | ᠪᠠᠶᠢᠳᠠᠯ ᠨᠡᠯᠢᠶᠡᠳ ᠣᠨᠴᠠᠭᠠᠶ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠶᠢᠨ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ | ᠪᠢᠳᠡ ᠡᠯ᠎ᠡ ᠵᠦᠢᠯ ᠤᠨ ᠠᠶᠤᠯ ᠲᠦᠭᠰᠢᠭᠦᠷᠢ ᠥᠷᠢᠰᠦᠯᠳᠦᠭᠡᠨ ᠢ ᠯᠠᠪᠳᠠᠭᠤᠨ ᠲᠣᠭᠲᠠᠭᠤᠨ ᠢᠶᠠᠷ ᠠᠷᠭᠠᠴᠠᠭᠠᠵᠤ᠂ ᠲᠦᠷᠦᠭᠦᠦ ᠤᠯᠠᠷᠢᠯ ᠤᠨ ᠠᠵᠤ ᠠᠬᠤᠢ ᠶᠢᠨ | ᠡᠷᠭᠢᠯᠲᠡ ᠦᠷᠭᠦᠯᠵᠢᠯᠡᠨ ᠰᠠᠶᠢᠵᠢᠷᠠᠬᠤ ᠬᠠᠨᠳᠤᠰᠢ ᠲᠠᠢ ᠪᠣᠯᠪᠠ᠃ ᠡᠭᠦᠨ ᠤ ᠵᠡᠷᠭᠡ ᠪᠠᠷ᠂ ᠭᠠᠳᠠᠨᠠᠬᠢ ᠳᠠᠭᠠᠷᠢᠯᠲᠠ ᠨᠢ ᠮᠠᠨ ᠤ ᠤᠯᠤᠰ ᠤᠨ ᠠᠵᠤ ᠠᠬᠤᠢ ᠶᠢᠨ | ᠲᠣᠭᠲᠠᠭᠤᠨ ᠡᠷᠭᠢᠯᠲᠡ ᠳᠤ ᠵᠣᠬᠢᠬᠤ ᠳᠠᠷᠤᠯᠲᠠ ᠪᠣᠯᠵᠤ ᠪᠠᠶᠢᠬᠤ ᠶᠢ ᠰᠡᠷᠭᠡᠭ ᠢᠶᠠᠷ ᠣᠯᠵᠤ ᠬᠠᠷᠠᠬᠤ ᠬᠡᠷᠡᠭᠲᠡᠢ᠃ ᠪᠢᠳᠡ ᠡᠭᠦᠨ ᠤ ᠲᠤᠬᠠᠢ ᠨᠢᠭᠡᠨᠲᠡ ᠭᠦᠢᠴᠡᠳ | ᠵᠢᠱᠢᠯᠲᠡ ᠬᠢᠵᠦ᠂ ᠡᠯ᠎ᠡ ᠵᠦᠢᠯ ᠤᠨ ᠲᠣᠬᠲᠠᠭᠠᠯᠳᠤ ᠪᠤᠰᠤ ᠬᠦᠴᠦᠨ ᠵᠦᠢᠯ ᠢ ᠠᠷᠭᠠᠴᠠᠭᠠᠬᠤ ᠪᠡᠯᠡᠳᠬᠡᠯ ᠢ ᠰᠠᠶᠢᠲᠤᠷ ᠬᠢᠵᠡᠢ᠃ ᠮᠠᠨ ᠤ ᠤᠯᠤᠰ ᠤᠨ ᠬᠥᠭᠵᠢᠯᠲᠡ | ᠶᠡᠷᠦ ᠠᠴᠠ ᠬᠦᠴᠢᠷ ᠪᠡᠷᠬᠡᠰᠢᠶᠡᠯ ᠥᠷᠢᠰᠦᠯᠳᠦᠭᠡᠨ ᠢ ᠢᠯᠠᠨ ᠳᠠᠪᠠᠭ᠋ᠤ ᠳᠤᠮᠳᠠ ᠤᠷᠤᠭᠰᠢᠯᠠᠵᠤ ᠢᠷᠡᠭᠰᠡᠨ ᠶᠤᠮ᠂ ᠪᠢᠳᠡ ᠢᠲᠡᠭᠡᠯ ᠵᠣᠷᠢᠭ ᠢᠶᠠᠨ ᠪᠠᠲᠤᠳᠬᠠᠵᠤ᠂ | ᠪᠦᠯᠬᠦᠮᠳᠡᠨ ᠲᠡᠮᠡᠴᠡᠵᠦ᠂ ᠥᠪᠡᠷ ᠤᠨ ᠶᠠᠪᠤᠳᠠᠯ ᠢᠶᠠᠨ ᠡᠷᠡᠰ ᠭᠤᠶᠢᠪᠢᠰᠢ ᠦᠭᠡᠢ ᠰᠠᠶᠢᠲᠤᠷ ᠬᠢᠳᠡᠭ ᠯᠡ ᠶᠤᠮ ᠪᠣᠯ ᠯᠠᠪᠲᠠᠢ ᠠᠶᠤᠯ ᠲᠦᠭᠰᠢᠭᠦᠷᠢ ᠶᠢ ᠠᠵᠠ | ᠲᠣᠭᠢᠶᠠᠯ ᠪᠣᠯᠭᠠᠨ ᠬᠤᠪᠢᠷᠠᠭᠤᠯᠵᠤ᠂ ᠳᠤᠮᠳᠠᠳᠤ ᠤᠯᠤᠰ ᠤᠨ ᠠᠵᠤ ᠠᠬᠤᠢ ᠶᠢᠨ ᠲᠣᠭᠲᠠᠭᠤᠨ ᠢᠶᠠᠷ ᠬᠤᠯᠠ ᠠᠶᠠᠯᠠᠬᠤ ᠶᠢ ᠠᠬᠢᠭᠤᠯᠵᠤ ᠴᠢᠳᠠᠨ᠎ᠠ ᠭᠡᠵᠦ ᠬᠡᠯᠡᠪᠡ᠃ | ᠯᠢ ᠴᠢᠶᠠᠩ᠂ ᠤᠯᠤᠰ ᠤᠨ ᠳᠣᠲᠣᠭᠠᠳᠤ ᠭᠠᠳᠠᠭᠠᠳᠤ ᠶᠢᠨ ᠪᠠᠶᠢᠳᠠᠯ ᠤᠨ ᠰᠢᠨ᠎ᠡ ᠬᠤᠪᠢᠷᠠᠯᠲᠠ ᠶᠢᠨ ᠡᠮᠦᠨ᠎ᠡ᠂ ᠬᠤᠶᠠᠳᠤᠭᠠᠷ ᠤᠯᠠᠷᠢᠯ ᠪᠣᠯᠣᠨ ᠲᠠᠷᠠᠭᠠᠴᠢ ᠶᠢᠨ | ᠠᠯᠬᠤᠮ ᠤᠨ ᠠᠵᠤ ᠠᠬᠤᠢ ᠶᠢᠨ ᠠᠵᠢᠯ ᠢ ᠰᠠᠶᠢᠲᠤᠷ ᠬᠢᠬᠦ ᠨᠢ ᠨᠠᠩ ᠴᠢᠬᠤᠯᠠ ᠶᠤᠮ᠂ ᠡᠯ᠎ᠡ ᠵᠦᠢᠯ ᠤᠨ ᠠᠵᠢᠯ ᠳᠤ ᠴᠥᠮ ᠦᠷᠭᠦᠯᠵᠢᠯᠡᠨ ᠬᠦᠴᠦᠯᠡᠵᠦ᠂ ᠨᠠᠩ | ᠬᠦᠴᠦᠯᠡᠬᠦ ᠬᠡᠷᠡᠭᠲᠡᠢ᠃ ᠨᠡᠩ ᠢᠳᠡᠪᠬᠢᠲᠡᠢ ᠵᠢᠳᠬᠦᠯ ᠴᠢᠷᠮᠠᠶᠢᠯᠭ᠎ᠠ ᠲᠠᠢ ᠬᠤᠷᠸ᠎ᠠ ᠲᠦᠷᠦ ᠶᠢᠨ ᠪᠣᠳᠣᠯᠭ᠎ᠠ ᠶᠢ ᠰᠠᠶᠢᠲᠤᠷ ᠬᠡᠷᠡᠭᠵᠢᠭᠦᠯᠵᠦ᠂ ᠨᠢᠭᠡᠨᠲᠡ ᠲᠣᠭᠲᠠᠭᠠᠭᠰᠠᠨ | ᠲᠦᠷᠦ ᠶᠢᠨ ᠪᠣᠳᠣᠯᠭ᠎ᠠ ᠶᠢ ᠳᠠᠷᠤᠢ ᠲᠦᠷᠭᠡᠨ ᠪᠣᠳᠠᠲᠠᠢ ᠳᠤ ᠨᠠᠶᠢᠳᠠᠪᠤᠷᠢᠵᠢᠭᠤᠯᠤᠨ ᠦᠷ᠎ᠡ ᠪᠦᠲᠦᠮᠵᠢ ᠭᠠᠷᠭᠠᠬᠤ ᠶᠢ ᠠᠬᠢᠭᠤᠯᠵᠤ᠂ ᠪᠠᠶᠢᠳᠠᠯ ᠤᠨ ᠬᠡᠷᠡᠭᠴᠡᠭᠡ ᠶᠢ | ᠦᠨᠳᠦᠰᠦᠯᠡᠨ ᠰᠢᠨ᠎ᠡ ᠨᠡᠮᠡᠭᠳᠡᠯ ᠤᠨ ᠲᠦᠷᠦ ᠶᠢᠨ ᠪᠣᠳᠣᠯᠭ᠎ᠠ ᠶᠢ ᠴᠠᠭ ᠲᠤᠬᠠᠢ ᠳᠤᠨᠢ ᠲᠣᠭᠲᠠᠭᠠᠵᠤ᠂ ᠬᠦᠴᠦᠲᠡᠢ ᠪᠦᠲᠦᠮᠵᠢᠲᠡᠢ ᠲᠦᠷᠦ ᠶᠢᠨ ᠪᠣᠳᠣᠯᠭ᠎ᠠ ᠪᠠᠷ | ᠭᠠᠳᠠᠭᠠᠳᠤ ᠣᠷᠴᠢᠨ ᠤ ᠲᠣᠬᠲᠠᠭᠠᠯᠳᠤ ᠪᠤᠰᠤ ᠴᠢᠨᠠᠷ ᠢ ᠠᠷᠭᠠᠴᠠᠭᠠᠬᠤ ᠬᠡᠷᠡᠭᠲᠡᠢ᠃ ᠤᠯᠤᠰ ᠤᠨ ᠳᠣᠲᠣᠭᠠᠳᠤ ᠶᠢᠨ ᠶᠡᠭᠡ ᠣᠷᠴᠢᠯ ᠢ ᠪᠤᠵᠠᠭᠠᠶᠢᠷᠠᠭᠤᠯᠤᠨ | ᠬᠦᠴᠦᠷᠬᠡᠭᠵᠢᠭᠦᠯᠵᠦ᠂ ᠳᠣᠲᠣᠭᠠᠳᠤ ᠬᠡᠷᠡᠭᠴᠡᠭᠡ ᠶᠢ ᠥᠷᠭᠡᠳᠬᠡᠬᠦ ᠶᠢ ᠣᠷᠳᠣ ᠬᠤᠭᠤᠴᠠᠭᠠᠨ ᠤ ᠪᠠᠶᠢᠯᠳᠤᠬᠤ ᠪᠣᠳᠣᠯᠭ᠎ᠠ ᠪᠤᠯᠭᠠᠵᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠤᠨ ᠣᠷᠣᠯᠭ᠎ᠠ ᠶᠢ ᠨᠡᠮᠡᠭᠳᠡᠭᠦᠯᠬᠦ ᠡᠷᠴᠢᠮ ᠢᠶᠠᠨ ᠴᠢᠩᠭᠠᠷᠠᠭᠤᠯᠵᠤ᠂ ᠬᠡᠷᠡᠭᠯᠡᠭᠡᠨ ᠤ ᠵᠦᠢᠯ ᠤᠨ ᠬᠠᠭᠤᠴᠢᠨ ᠢᠶᠠᠷ ᠰᠢᠨ᠎ᠡ ᠶᠢ ᠰᠣᠯᠢᠬᠤ ᠶᠢ ᠰᠠᠶᠢᠲᠤᠷ | ᠠᠳᠬᠤᠬᠤ ᠶᠢᠨ ᠵᠡᠷᠭᠡ ᠪᠠᠷ ᠦᠢᠯᠡᠴᠢᠯᠡᠭᠡᠨ ᠤ ᠬᠡᠷᠡᠭᠯᠡᠭᠡᠨ ᠤ ᠳᠠᠯᠳᠠ ᠬᠦᠴᠦᠨ ᠢ ᠲᠦᠷᠭᠡᠳᠬᠡᠨ ᠪᠠᠳᠠᠷᠠᠭᠤᠯᠵᠤ᠂ ᠰᠢᠨᠵᠢᠯᠡᠬᠦ ᠤᠬᠠᠭᠠᠨ ᠲᠧᠭᠨᠢᠭ ᠮᠡᠷᠭᠡᠵᠢᠯ ᠤᠨ | ᠰᠢᠨ᠎ᠡ ᠶᠢ ᠡᠭᠦᠳᠬᠦ ᠪᠠ ᠠᠵᠤ ᠦᠢᠯᠡᠰ ᠤᠨ ᠰᠢᠨ᠎ᠡ ᠶᠢ ᠡᠭᠦᠳᠬᠦ ᠠᠭᠤᠰᠤᠯᠴᠠᠨ ᠬᠥᠭᠵᠢᠬᠦ ᠶᠢ ᠠᠬᠢᠭᠤᠯᠵᠤ᠂ ᠴᠢᠨᠠᠷ ᠰᠠᠶᠢᠲᠠᠢ ᠬᠠᠩᠭᠠᠯᠭ᠎ᠠ ᠪᠠᠷ ᠬᠡᠷᠡᠭᠴᠡᠭᠡ ᠶᠢ | ᠬᠥᠲᠥᠯᠥᠨ ᠳᠠᠭᠠᠭᠤᠯᠵᠤ᠂ ᠬᠡᠷᠡᠭᠴᠡᠭᠡ ᠶᠢ ᠡᠭᠦᠳᠬᠦ ᠬᠡᠷᠡᠭᠲᠡᠢ᠃ ᠡᠯ᠎ᠡ ᠲᠥᠷᠥᠯ ᠤᠨ ᠡᠵᠡᠩᠨᠡᠯᠲᠡ ᠶᠢᠨ ᠭᠤᠣᠯ ᠴᠣᠭᠴᠠ ᠶᠢᠨ ᠠᠮᠢᠵᠢᠷᠠᠯ ᠤᠨ ᠬᠦᠴᠦᠨ ᠢ | ᠭᠦᠢᠴᠡᠳ ᠬᠥᠭᠵᠢᠭᠡᠵᠦ᠂ ᠡᠯ᠎ᠡ ᠵᠦᠢᠯ ᠤᠨ ᠳᠡᠮᠵᠢᠯᠭᠡ ᠶᠢᠨ ᠴᠢᠨᠠᠷᠲᠠᠢ ᠲᠥᠷᠥ ᠶᠢᠨ ᠪᠣᠳᠣᠯᠭ᠎ᠠ ᠶᠢ ᠭᠦᠨᠵᠡᠭᠡᠢ ᠨᠠᠶᠢᠳᠠᠪᠤᠷᠢᠵᠢᠭᠤᠯᠤᠨ᠂ ᠠᠵᠤ ᠠᠬᠤᠶᠢᠯᠠᠯ ᠳᠤ | ᠬᠤᠯᠪᠣᠭᠳᠠᠭᠰᠠᠨ ᠬᠠᠤᠯᠢ ᠬᠡᠷᠡᠭᠵᠢᠭᠦᠯᠦᠯᠲᠡ ᠶᠢ ᠬᠦᠴᠦᠯᠡᠨ ᠵᠢᠷᠤᠮᠵᠢᠭᠤᠯᠵᠤ᠂ ᠲᠠᠩᠰᠠᠨ ᠳᠤ ᠥᠷᠢᠲᠦᠭᠰᠡᠨ ᠵᠣᠭᠤᠰ᠂ ᠪᠡᠯᠡ ᠬᠤᠷᠠᠮᠳᠤᠭᠤᠯᠬᠤ ᠳᠤ ᠬᠦᠴᠢᠷ ᠪᠡᠯᠡ | ᠬᠤᠷᠠᠮᠳᠤᠭᠤᠯᠬᠤ ᠳᠤ ᠦᠨᠡᠲᠡᠢ ᠪᠠᠶᠢᠬᠤ ᠵᠡᠷᠭᠡ ᠠᠰᠠᠭᠤᠳᠠᠯ ᠢ ᠤᠯᠠᠮ ᠨᠢᠭᠡ ᠠᠯᠬᠤᠮ ᠰᠢᠢᠳᠪᠦᠷᠢᠯᠡᠵᠦ᠂ ᠠᠵᠤ ᠠᠬᠤᠶᠢᠯᠠᠯ ᠢ ᠦᠨᠡᠨ ᠪᠣᠳᠠᠲᠠᠢ ᠪᠠᠷ ᠬᠠᠪᠰᠤᠷᠤᠨ | ᠬᠥᠭᠵᠢᠯᠲᠡ ᠶᠢᠨ ᠳᠤᠮᠳᠠᠬᠢ ᠬᠦᠴᠢᠷᠳᠡᠯ ᠢ ᠨᠢ ᠰᠢᠢᠳᠪᠦᠷᠢᠯᠡᠨ ᠥᠭᠴᠦ᠂ ᠠᠵᠤ ᠠᠬᠤᠶᠢᠯᠠᠯ ᠳᠤ ᠨᠠᠩ ᠰᠠᠶᠢᠨ ᠬᠥᠭᠵᠢᠯᠲᠡ ᠶᠢᠨ ᠣᠷᠴᠢᠨ ᠲᠣᠭᠤᠷᠢᠨ ᠪᠠ | ᠲᠥᠷᠥ ᠶᠢᠨ ᠪᠣᠳᠣᠯᠭ᠎ᠠ ᠶᠢᠨ ᠦᠢᠯᠡᠴᠢᠯᠡᠭᠡ ᠬᠠᠩᠭᠠᠬᠤ ᠪᠠᠷ ᠴᠢᠷᠮᠠᠶᠢᠬᠤ ᠬᠡᠷᠡᠭᠲᠡᠢ ᠭᠡᠵᠦ ᠴᠢᠬᠤᠯᠠᠴᠢᠯᠠᠪᠠ᠃ | ᠯᠢ ᠴᠢᠶᠠᠩ᠂ ᠥᠷᠭᠡᠨ ᠤᠯᠠᠨ ᠠᠵᠤ ᠠᠬᠤᠶᠢᠯᠠᠯᠲᠠᠨ ᠤᠯᠤᠰ ᠭᠡᠷ ᠤᠨ ᠬᠠᠶᠢᠷ᠎ᠠ ᠰᠡᠳᠬᠢᠯᠭᠡ ᠪᠠᠨ ᠵᠤᠵᠠᠭᠠᠳᠬᠠᠵᠤ᠂ ᠢᠳᠡᠪᠬᠢᠲᠡᠢ ᠪᠠᠷ ᠪᠠᠶᠢᠳᠠᠯ ᠢ | ᠠᠷᠭᠠᠴᠠᠭᠠᠨ ᠬᠥᠭᠵᠢᠯᠲᠡ ᠶᠢ ᠠᠬᠢᠭᠤᠯᠵᠤ᠂ ᠠᠵᠤ ᠠᠬᠤᠶᠢᠯᠠᠯ ᠢᠶᠠᠨ ᠬᠦᠴᠦᠷᠬᠡᠭᠵᠢᠭᠦᠯᠦᠨ ᠰᠢᠯᠢᠳᠡᠭᠵᠢᠭᠦᠯᠵᠦ ᠪᠤᠵᠠᠭᠠᠶᠢᠷᠠᠭᠤᠯᠤᠨ᠂ ᠤᠯᠤᠰ ᠤᠨ ᠬᠥᠭᠵᠢᠯᠲᠡ ᠶᠢᠨ | ᠶᠡᠭᠡ ᠲᠠᠯ᠎ᠠ ᠳᠤ ᠢᠯᠡᠭᠦᠬᠡᠨ ᠬᠤᠪᠢ ᠨᠡᠮᠡᠷᠢ ᠦᠵᠡᠭᠦᠯᠭᠦ ᠶᠢ ᠬᠦᠰᠡᠪᠡ᠃ ᠲᠤᠰᠬᠠᠢ ᠮᠡᠷᠭᠡᠵᠢᠯᠲᠡᠨ ᠡᠷᠳᠡᠮᠲᠡᠳ ᠲᠤᠰᠬᠠᠢ ᠮᠡᠷᠭᠡᠵᠢᠯ ᠤᠨ ᠳᠠᠪᠠᠭᠤᠯᠢᠭ ᠢᠶᠠᠨ | ᠪᠠᠳᠠᠷᠠᠭᠤᠯᠵᠤ᠂ ᠠᠵᠤ ᠠᠬᠤᠢ ᠶᠢᠨ ᠡᠷᠭᠢᠯᠲᠡ ᠳᠤᠮᠳᠠᠬᠢ ᠰᠢᠨ᠎ᠡ ᠪᠠᠶᠢᠳᠠᠯ ᠰᠢᠨ᠎ᠡ ᠠᠰᠠᠭᠤᠳᠠᠯ ᠤᠨ ᠲᠣᠭᠤᠷᠢᠨ ᠳᠤ ᠪᠠᠷᠠᠯᠠᠯᠳᠤ ᠴᠢᠨᠠᠷᠲᠠᠢ᠂ ᠪᠦᠲᠦᠭᠡᠯᠴᠢ ᠴᠢᠨᠠᠷᠲᠠᠢ | ᠰᠠᠨᠠᠯ ᠢ ᠢᠯᠡᠭᠦᠬᠡᠨ ᠳᠤᠷᠠᠳᠬᠤ ᠶᠢ ᠬᠦᠰᠡᠪᠡ᠃ | ᠦ᠋ ᠵᠧᠩ ᠯᠦᠩ ᠶᠠᠷᠢᠯᠴᠠᠬᠤ ᠬᠤᠷᠠᠯ ᠳᠤ ᠣᠷᠣᠯᠴᠠᠵᠠᠢ᠃ | | | |