ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ ᠶᠡᠷᠦᠩᠬᠡᠢ ᠱᠦᠵᠢ ᠰᠢ  ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠪᠠ ᠪᠦᠭᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠠᠴᠠ ᠮᠤᠵᠢ ︵ᠥᠪᠡᠷᠲᠡᠭᠡᠨ ᠵᠠᠰᠠᠬᠤ ᠣᠷᠣᠨ ᠬᠤᠲᠠ︶ ᠶᠢ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠰᠤᠷᠤᠯᠴᠠᠨ ᠲᠤᠭᠤᠰᠢᠯᠠᠭᠤᠯᠪᠠ  ᠰᠦᠨ ᠱᠤᠤ ᠴᠧᠩ ᠬᠤᠷᠠᠯ ᠢ ᠡᠷᠭᠢᠯᠡᠵᠠᠢ
ᠨᠡᠶᠢᠲᠡᠯᠡᠭᠰᠡᠨ ᠴᠠᠭ᠄
2025/4/11
      4 ᠰᠠᠷ᠎ᠠ ᠶᠢᠨ 10 ᠤ ᠡᠳᠦᠷ᠂ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠪᠠᠶᠢᠩᠭᠤ ᠶᠢᠨ ᠬᠤᠷᠢᠶ᠎ᠠ ᠲᠤᠰᠬᠠᠢ ᠰᠡᠳᠦᠪᠲᠦ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠵᠢᠴᠢ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠳᠦᠷᠢᠮ︾᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠲᠣᠭᠤᠷᠢᠨ ᠪᠠᠶᠢᠴᠠᠭᠠᠬᠤ ᠠᠵᠢᠯ ᠤᠨ ᠳᠦᠷᠢᠮ︾ ᠵᠡᠷᠭᠡ ᠨᠠᠮ ᠤᠨ ᠳᠣᠲᠣᠭᠠᠳᠤ ᠶᠢᠨ ᠬᠠᠤᠯᠢ ᠲᠣᠭᠲᠠᠭᠠᠯ ᠢ ᠭᠦᠨᠵᠡᠭᠡᠢ ᠰᠤᠷᠤᠯᠴᠠᠵᠤ᠂ ᠪᠦᠭᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠠᠴᠠ ᠮᠤᠵᠢ ︵ᠥᠪᠡᠷᠲᠡᠭᠡᠨ ᠵᠠᠰᠠᠬᠤ ᠣᠷᠣᠨ᠂ ᠬᠤᠲᠠ︶ ᠶᠢ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠠᠵᠢᠯ ᠢ ᠰᠤᠳᠤᠯᠤᠨ ᠪᠠᠶᠢᠷᠢᠯᠠᠭᠤᠯᠪᠠ᠃ ᠥᠪᠡᠷᠲᠡᠭᠡᠨ ᠵᠠᠰᠠᠬᠤ ᠣᠷᠣᠨ ᠤ ᠨᠠᠮ ᠤᠨ ᠬᠤᠷᠢᠶ᠎ᠠ ᠶᠢᠨ ᠱᠦᠵᠢ ᠰᠦᠨ ᠱᠤᠤ ᠴᠧᠩ ᠬᠤᠷᠠᠯ ᠢ ᠡᠷᠭᠢᠯᠡᠪᠡ᠃      ᠬᠤᠷᠠᠯ ᠠᠴᠠ᠂ ᠲᠣᠭᠤᠷᠢᠨ ᠪᠠᠶᠢᠴᠠᠭᠠᠯᠲᠠ ᠪᠣᠯ ᠨᠠᠮ ᠤᠨ ᠥᠪᠡᠷ ᠪᠡᠶ᠎ᠡ ᠶᠢᠨ ᠬᠤᠪᠢᠰᠬᠠᠯ ᠢ ᠠᠬᠢᠭᠤᠯᠬᠤ᠂ ᠪᠦᠭᠦ ᠲᠠᠯ᠎ᠠ ᠪᠠᠷ ᠨᠠᠮ ᠢ ᠴᠢᠩᠭ᠎ᠠ ᠵᠠᠰᠠᠬᠤ ᠲᠤᠬᠠᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠳᠦᠷᠢᠮ ᠤᠨ ᠲᠣᠬᠢᠷᠠᠭᠤᠯᠤᠯᠲᠠ ᠪᠠᠶᠢᠵᠤ᠂ ᠨᠠᠮ ᠤᠨ ᠬᠤᠷᠴᠠ ᠵᠡᠪᠰᠡᠭ᠂ ᠤᠯᠤᠰ ᠤᠨ ᠬᠤᠷᠴᠠ ᠵᠡᠪᠰᠡᠭ ᠮᠥᠨ᠃ ᠨᠠᠮ ᠤᠨ ᠠᠷᠪᠠᠨ ᠨᠠᠢᠮᠠᠳᠤᠭᠠᠷ ᠶᠡᠭᠡ ᠬᠤᠷᠠᠯ ᠠᠴᠠ ᠨᠠᠭᠠᠰᠢ᠂ ᠰᠢ ᠶᠢᠨ ᠫᠢᠩ ᠨᠥᠬᠦᠷ ᠢᠶᠠᠷ ᠭᠤᠣᠯ ᠪᠤᠯᠭᠠᠬᠰᠠᠨ ᠨᠠᠮ ᠤᠨ ᠲᠥᠪ ᠬᠤᠷᠢᠶ᠎ᠠ ᠲᠣᠭᠤᠷᠢᠨ ᠪᠠᠶᠢᠴᠠᠭᠠᠬᠤ ᠠᠵᠢᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠶᠡᠷᠦᠩᠬᠡᠢ ᠱᠦᠵᠢ ᠰᠢ ᠶᠢᠨ ᠫᠢᠩ ᠪᠡᠶ᠎ᠡ ᠪᠠᠷ ᠢᠶᠠᠨ ᠲᠥᠯᠥᠪᠵᠢᠭᠦᠯᠵᠦ᠂ ᠪᠡᠶ᠎ᠡ ᠪᠠᠷ ᠢᠶᠠᠨ ᠪᠠᠶᠢᠷᠢᠯᠠᠭᠤᠯᠵᠤ᠂ ᠤᠯᠠᠨ ᠤᠳᠠᠭ᠎ᠠ ᠴᠢᠬᠤᠯᠠ ᠶᠠᠷᠢᠶ᠎ᠠ ᠲᠠᠯᠪᠢᠵᠤ᠂ ᠴᠢᠬᠤᠯᠠ ᠵᠢᠭᠠᠪᠤᠷᠢ ᠥᠭᠴᠦ᠂ ᠲᠣᠭᠤᠷᠢᠨ ᠪᠠᠶᠢᠴᠠᠭᠠᠬᠤ ᠤᠨᠤᠯ᠂ ᠦᠢᠯᠡᠳᠦᠯᠭᠡ ᠪᠣᠯᠣᠨ ᠳᠦᠷᠢᠮ ᠤᠨ ᠲᠠᠰᠤᠷᠠᠯᠳᠡ ᠦᠭᠡᠢ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠪᠠ᠃ ᠶᠡᠷᠦᠩᠬᠡᠢ ᠱᠦᠵᠢ ᠰᠢ ᠶᠢᠨ ᠫᠢᠩ ᠤᠨ ᠲᠣᠭᠤᠷᠢᠨ ᠪᠠᠶᠢᠴᠠᠭᠠᠬᠤ ᠠᠵᠢᠯ ᠤᠨ ᠲᠤᠬᠠᠢ ᠴᠢᠬᠤᠯᠠ ᠥᠭᠦᠯᠡᠯᠲᠡ ᠨᠢ ᠲᠣᠭᠤᠷᠢᠨ ᠪᠠᠶᠢᠴᠠᠭᠠᠬᠤ ᠠᠵᠢᠯ ᠤᠨ ᠤᠯᠤᠰ ᠲᠦᠷᠦ ᠶᠢᠨ ᠪᠠᠶᠢᠷᠢ ᠲᠣᠭᠲᠠᠭᠠᠯᠲᠠ᠂ ᠠᠵᠢᠯ ᠤᠨ ᠴᠢᠭᠯᠡᠯᠲᠡ᠂ ᠬᠢᠨᠠᠯᠲᠠ ᠲᠠᠯᠪᠢᠬᠤ ᠭᠤᠣᠯᠳᠠᠯᠭ᠎ᠠ᠂ ᠴᠡᠭᠴᠡᠯᠡᠨ ᠰᠠᠶᠢᠵᠢᠷᠠᠭᠤᠯᠬᠤ ᠱᠠᠭᠠᠷᠳᠠᠯᠭ᠎ᠠ ᠵᠡᠷᠭᠡ ᠳᠤ ᠭᠦᠨᠵᠡᠭᠡᠢ ᠲᠠᠶᠢᠯᠪᠤᠷᠢᠯᠠᠯᠲᠠ ᠬᠢᠵᠦ᠂ ᠲᠣᠭᠤᠷᠢᠨ ᠪᠠᠶᠢᠴᠠᠭᠠᠬᠤ ᠠᠵᠢᠯ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠤᠷᠤᠭᠰᠢᠯᠠᠬᠤ ᠴᠢᠭᠯᠡᠯ ᠢ ᠲᠣᠳᠣᠷᠬᠠᠢ ᠵᠢᠭᠠᠵᠤ᠂ ᠦᠨᠳᠦᠰᠦᠨ ᠵᠢᠷᠤᠮᠯᠠᠯ ᠬᠠᠩᠭᠠᠵᠠᠢ᠃ ᠪᠢᠳᠡ ᠭᠦᠨᠵᠡᠭᠡᠢ ᠰᠤᠷᠤᠯᠴᠠᠨ ᠣᠶᠢᠯᠠᠭᠠᠵᠤ᠂ ᠨᠡᠩ ᠰᠠᠶᠢᠲᠤᠷ ᠲᠠᠷᠢᠬᠢ ᠲᠣᠯᠣᠭᠠᠢ ᠪᠠᠨ ᠵᠡᠪᠰᠡᠭᠯᠡᠵᠦ᠂ ᠦᠢᠯᠡᠳᠦᠯᠭᠡ ᠪᠠᠨ ᠵᠢᠯᠣᠭᠤᠳᠤᠭᠤᠯᠵᠤ᠂ ᠠᠵᠢᠯ ᠢᠶᠠᠨ ᠠᠬᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠵᠠᠢ᠃      ᠬᠤᠷᠠᠯ ᠠᠴᠠ᠂ ᠪᠦᠭᠦ ᠤᠯᠤᠰ ᠤᠨ ᠲᠣᠭᠤᠷᠢᠨ ᠪᠠᠶᠢᠴᠠᠭᠠᠬᠤ ᠠᠵᠢᠯ ᠤᠨ ᠬᠤᠷᠠᠯ ᠵᠢᠴᠢ ᠬᠤᠷᠢᠳᠤᠭᠠᠷ ᠬᠤᠭᠤᠴᠠᠭᠠᠨ ᠤ ᠲᠥᠪ ᠠᠴᠠ ᠮᠤᠵᠢ ︵ᠥᠪᠡᠷᠲᠡᠭᠡᠨ ᠵᠠᠰᠠᠬᠤ ᠣᠷᠣᠨ᠂ ᠬᠤᠲᠠ︶ ᠶᠢ ᠲᠣᠭᠤᠷᠢᠨ ᠪᠠᠶᠢᠴᠠᠭᠠᠬᠤ ᠳᠠᠶᠢᠴᠢᠯᠠᠯᠲᠠ ᠪᠠᠶᠢᠷᠢᠯᠠᠭᠤᠯᠤᠯᠲᠠ ᠶᠢᠨ ᠬᠤᠷᠠᠯ ᠠᠴᠠ 2025 ᠣᠨ ᠤ ᠲᠣᠭᠤᠷᠢᠨ ᠪᠠᠶᠢᠴᠠᠭᠠᠬᠤ ᠠᠵᠢᠯ ᠢ ᠰᠠᠶᠢᠲᠤᠷ ᠬᠢᠬᠦ ᠲᠤᠬᠠᠢ ᠲᠣᠬᠢᠷᠠᠭᠤᠯᠵᠤ᠂ ᠲᠥᠪ ᠠᠴᠠ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠳᠤ ᠵᠤᠷᠰᠢᠯᠲᠤ ᠲᠣᠭᠤᠷᠢᠨ ᠪᠠᠶᠢᠴᠠᠭᠠᠯᠲᠠ ᠥᠷᠨᠢᠭᠦᠯᠦᠨ᠎ᠡ ᠭᠡᠵᠦ ᠲᠣᠳᠣᠷᠬᠠᠶᠢᠯᠠᠪᠠ᠃ ᠪᠦᠭᠦ ᠣᠷᠣᠨ ᠤ ᠡᠯ᠎ᠡ ᠱᠠᠲᠤᠨ ᠤ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ︽ᠬᠤᠶᠠᠷ ᠢ ᠲᠣᠭᠲᠠᠭᠠᠭᠰᠠᠨ︾ ᠢ ᠡᠷᠡᠰ ᠬᠦᠷᠢᠶᠡᠯᠡᠬᠦ᠂ ︽ᠬᠤᠶᠠᠷ ᠢ ᠬᠠᠮᠠᠭᠠᠯᠠᠬᠤ︾ ᠶᠢ ᠡᠷᠡᠰ ᠪᠡᠶᠡᠯᠡᠭᠦᠯᠬᠦ ᠥᠨᠳᠥᠷᠴᠡ ᠠᠴᠠ ᠲᠥᠪ ᠤᠨ ᠲᠣᠭᠤᠷᠢᠨ ᠪᠠᠶᠢᠴᠠᠭᠠᠯᠲᠠ ᠶᠢ ᠦᠵᠡᠬᠦ ᠪᠠ ᠬᠠᠨᠳᠤᠵᠤ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠲᠥᠪ ᠴᠢᠩᠭ᠎ᠠ ᠨᠠᠷᠢᠨ ᠬᠢᠨᠠᠮᠠᠭᠠᠢ ᠬᠦᠯᠢᠶᠡᠬᠦ ᠬᠡᠷᠡᠭᠲᠡᠢ᠃ ᠲᠣᠭᠤᠷᠢᠨ ᠪᠠᠶᠢᠴᠠᠭᠠᠬᠤ ᠠᠵᠢᠯ ᠤᠨ ᠭᠤᠣᠯᠳᠠᠯᠭ᠎ᠠ ᠶᠢ ᠣᠨᠣᠪᠴᠢᠲᠠᠢ ᠡᠵᠡᠮᠳᠡᠵᠦ᠂ ᠲᠣᠭᠤᠷᠢᠨ ᠪᠠᠶᠢᠴᠠᠭᠠᠬᠤ ᠱᠠᠭᠠᠷᠳᠠᠯᠭ᠎ᠠ ᠲᠠᠢ ᠬᠠᠷᠭᠤᠭᠤᠯᠤᠨ ᠡᠮᠬᠢᠯᠡᠵᠦ ᠪᠦᠷᠢᠳᠬᠡᠬᠦ᠂ ᠰᠠᠶᠢᠵᠢᠷᠠᠭᠤᠯᠵᠤ ᠳᠡᠭᠡᠭᠰᠢᠯᠡᠭᠦᠯᠭᠦ ᠵᠡᠷᠭᠡ ᠠᠵᠢᠯ ᠢ ᠰᠠᠶᠢᠲᠤᠷ ᠬᠢᠬᠦ ᠬᠡᠷᠡᠭᠲᠡᠢ᠃ ᠲᠣᠭᠤᠷᠢᠨ ᠪᠠᠶᠢᠴᠠᠭᠠᠯᠲᠠ ᠪᠠᠷ ᠠᠵᠠ ᠲᠣᠭᠢᠶᠠᠯ ᠪᠤᠯᠭᠠᠵᠤ ᠬᠦᠴᠢᠷ ᠠᠰᠠᠭᠤᠳᠠᠯ ᠢ ᠰᠢᠢᠳᠪᠦᠷᠢᠯᠡᠨ ᠬᠥᠭᠵᠢᠯᠲᠡ ᠶᠢ ᠠᠬᠢᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠱᠠᠭᠠᠷᠳᠠᠯᠭ᠎ᠠ ᠪᠣᠯᠣᠨ ᠨᠠᠮ ᠤᠨ ᠲᠥᠪ ᠬᠤᠷᠢᠶ᠎ᠠ ᠶᠢᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠤᠯᠠᠮ ᠨᠢᠭᠡ ᠠᠯᠬᠤᠮ ᠪᠣᠳᠠᠲᠠᠢ ᠳᠤ ᠨᠠᠶᠢᠳᠠᠪᠤᠷᠢᠵᠢᠭᠤᠯᠬᠤ ᠶᠢ ᠬᠦᠴᠦᠯᠡᠨ ᠠᠬᠢᠭᠤᠯᠬᠤ ᠬᠡᠷᠡᠭᠲᠡᠢ᠃ ᠲᠥᠪ ᠤᠨ ᠲᠣᠭᠤᠷᠢᠨ ᠪᠠᠶᠢᠴᠠᠭᠠᠯᠲᠠ ᠶᠢ ᠪᠦᠭᠦ ᠬᠦᠴᠦᠨ ᠢᠶᠠᠷ ᠢᠶᠠᠨ ᠳᠡᠮᠵᠢᠵᠦ ᠬᠠᠮᠵᠢᠯᠴᠠᠨ᠂ ︽ᠲᠣᠭᠤᠷᠢᠨ ᠪᠠᠶᠢᠴᠠᠭᠠᠭᠳᠠᠬᠤ ᠨᠠᠮ ᠤᠨ ᠵᠣᠬᠢᠶᠠᠨ ᠪᠠᠶᠢᠭᠤᠯᠤᠯᠲᠠ ᠲᠥᠪ ᠤᠨ ᠲᠣᠭᠤᠷᠢᠨ ᠪᠠᠶᠢᠴᠠᠭᠠᠬᠤ ᠠᠵᠢᠯ ᠳᠤ ᠬᠠᠮᠵᠢᠯᠴᠠᠬᠤ ᠠᠵᠢᠯ ᠤᠨ ᠲᠣᠭᠲᠠᠭᠠᠯ︾ ᠢ ᠨᠠᠷᠢᠨ ᠬᠢᠨᠠᠮᠠᠭᠠᠢ ᠨᠠᠶᠢᠳᠠᠪᠤᠷᠢᠵᠢᠭᠤᠯᠵᠤ᠂ ᠲᠣᠬᠢᠷᠠᠭᠤᠯᠤᠯᠲᠠ ᠶᠢ ᠳᠠᠭᠠᠵᠤ᠂ ᠰᠠᠬᠢᠯᠭ᠎ᠠ ᠪᠠᠲᠤ ᠶᠢ ᠴᠢᠩᠳᠠᠯᠠᠵᠤ᠂ ᠭᠦᠢᠴᠡᠳ ᠪᠡᠯᠡᠳᠬᠡᠬᠦ ᠬᠡᠷᠡᠭᠲᠡᠢ᠃ ᠴᠡᠭᠴᠡᠯᠡᠨ ᠰᠠᠶᠢᠵᠢᠷᠠᠭᠤᠯᠬᠤ ᠶᠢ ᠴᠢᠩᠭ᠎ᠠ ᠪᠣᠳᠠᠲᠠᠢ ᠱᠠᠯᠠᠪᠳᠠᠭᠤᠯᠤᠨ ᠰᠠᠶᠢᠲᠤᠷ ᠠᠳᠬᠤᠵᠤ᠂ ᠲᠣᠭᠤᠷᠢᠨ ᠪᠠᠶᠢᠴᠠᠭᠠᠯᠲᠠ ᠳᠤ ᠵᠢᠭᠠᠵᠤ ᠭᠠᠷᠭᠠᠭᠰᠠᠨ ᠡᠯ᠎ᠡ ᠲᠦᠷᠦᠯ ᠤᠨ ᠠᠰᠠᠭᠤᠳᠠᠯ ᠢ ᠪᠠᠷᠢᠨ ᠮᠡᠳᠡᠵᠦ ᠪᠠᠷᠢᠨ ᠴᠡᠭᠴᠡᠯᠡᠨ ᠰᠠᠶᠢᠵᠢᠷᠠᠭᠤᠯᠵᠤ᠂ ᠦᠨᠡᠨ ᠬᠦ ᠴᠡᠭᠴᠡᠯᠡᠨ ᠰᠠᠶᠢᠵᠢᠷᠠᠭᠤᠯᠵᠤ ᠪᠣᠳᠠᠲᠠᠢ ᠴᠡᠭᠴᠡᠯᠡᠨ ᠰᠠᠶᠢᠵᠢᠷᠠᠭᠤᠯᠵᠤ᠂ ᠬᠤᠯᠪᠤᠭᠠᠯᠠᠨ ᠴᠡᠭᠴᠡᠯᠡᠨ ᠰᠠᠶᠢᠵᠢᠷᠠᠭᠤᠯᠵᠤ᠂ ᠦᠳᠲᠡᠷ ᠲᠦᠷᠭᠡᠨ ᠦᠷ᠎ᠡ ᠪᠦᠲᠦᠮᠵᠢ ᠭᠠᠷᠭᠠᠬᠤ ᠪᠠᠷ ᠴᠢᠷᠮᠠᠶᠢᠬᠤ ᠬᠡᠷᠡᠭᠲᠡᠢ᠃ ᠲᠣᠭᠤᠷᠢᠨ ᠪᠠᠶᠢᠴᠠᠭᠠᠬᠤ ᠪᠠ ᠪᠤᠰᠤᠳ ᠡᠯ᠎ᠡ ᠵᠦᠢᠯ ᠤᠨ ᠠᠵᠢᠯ ᠢ ᠰᠠᠶᠢᠲᠤᠷ ᠨᠢᠭᠡᠳᠦᠯᠲᠡᠢ ᠲᠥᠯᠥᠪᠵᠢᠭᠦᠯᠵᠦ᠂ ᠲᠣᠭᠤᠷᠢᠨ ᠪᠠᠶᠢᠴᠠᠭᠠᠵᠤ ᠬᠢᠨᠠᠯᠲᠠ ᠲᠠᠯᠪᠢᠬᠤ ᠶᠢ ᠬᠦᠯᠢᠶᠡᠬᠦ ᠶᠢ ᠲᠥᠪ ᠤᠨ ᠨᠠᠢᠮᠠᠨ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠠᠢ ᠤᠶᠠᠯᠳᠤᠭᠤᠯᠵᠤ᠂ ᠥᠪᠡᠷᠲᠡᠭᠡᠨ ᠵᠠᠰᠠᠬᠤ ᠣᠷᠣᠨ ᠤ ᠭᠤᠣᠯᠳᠠᠯᠭ᠎ᠠ ᠲᠠᠢ ᠠᠵᠢᠯ ᠢ ᠠᠬᠢᠭᠤᠯᠬᠤ ᠲᠠᠢ ᠤᠶᠠᠯᠳᠤᠭᠤᠯᠵᠤ᠂ ᠪᠦᠭᠦ ᠬᠦᠴᠦᠨ ᠢᠶᠠᠷ ᠢᠶᠠᠨ ᠡᠯ᠎ᠡ ᠵᠦᠢᠯ ᠤᠨ ᠡᠭᠦᠷᠭᠡ ᠶᠢ ᠴᠢᠩᠭ᠎ᠠ ᠠᠳᠬᠤᠨ ᠰᠠᠶᠢᠲᠤᠷ ᠠᠳᠬᠤᠵᠤ᠂ ᠬᠤᠶᠠᠷ ᠢ ᠰᠠᠭᠠᠲᠠᠭᠠᠬᠤ ᠦᠭᠡᠢ᠂ ᠬᠤᠶᠠᠷ ᠢ ᠠᠬᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠦ ᠵᠢᠭᠠᠵᠤ ᠭᠠᠷᠭᠠᠪᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ