ᠡᠷᠡᠭᠦᠯᠵᠢᠯ ᠵᠢᠭᠤᠯᠴᠢᠯᠠᠯ ᠨᠢ ᠮᠠᠨ ᠤ ᠣᠷᠣᠨ ᠤ ᠰᠤᠶᠤᠯ ᠵᠢᠭᠤᠯᠴᠢᠯᠠᠯ ᠤᠨ ᠦᠢᠯᠡᠰ ᠤᠨ ᠴᠢᠬᠤᠯᠠ ᠠᠭᠤᠯᠭ᠎ᠠ ᠪᠣᠯᠣᠭᠰᠠᠨ ᠤ ᠬᠤᠪᠢ ᠳᠤ᠂ ᠣᠶᠢᠷ᠎ᠠ ᠶᠢᠨ | ᠵᠢᠯ ᠳᠤ ᠦᠳᠲᠡᠷ ᠲᠦᠷᠭᠡᠨ ᠬᠥᠭᠵᠢᠵᠦ᠂ ᠦᠵᠡᠮᠵᠢ ᠶᠢᠨ ᠣᠷᠣᠨ ᠨᠤᠭᠤᠳ ᠡᠷᠡᠭᠦᠯᠵᠢᠯ ᠵᠢᠭᠤᠯᠴᠢᠯᠠᠯ ᠤᠨ ᠪᠦᠲᠦᠭᠡᠭᠳᠡᠬᠦᠨ ᠢ ᠨᠡᠭᠡᠭᠡᠨ ᠬᠥᠭᠵᠢᠭᠦᠯᠬᠦ ᠪᠠ | ᠪᠦᠲᠦᠭᠡᠨ ᠪᠠᠶᠢᠭᠤᠯᠬᠤ ᠶᠢ ᠡᠬᠢᠯᠡᠨ ᠴᠢᠬᠤᠯᠠᠴᠢᠯᠠᠵᠤ᠂ ᠨᠢᠭᠡ ᠪᠦᠯᠦᠭ ᠡᠷᠡᠭᠦᠯᠵᠢᠯ ᠰᠤᠪᠢᠯᠠᠯᠲᠠ ᠪᠠᠷ ᠭᠤᠣᠯ ᠠᠭᠤᠯᠭ᠎ᠠ ᠪᠣᠯᠭᠠᠭᠰᠠᠨ ᠵᠢᠭᠤᠯᠴᠢᠯᠠᠯ ᠤᠨ | ᠠᠮᠠᠷᠠᠯᠲᠠ ᠶᠢᠨ ᠣᠷᠣᠨ ᠢᠯᠡᠷᠡᠭᠰᠡᠨ ᠪᠠᠶᠢᠨ᠎ᠠ᠃ ᠡᠭᠦᠨ ᠤ ᠵᠡᠷᠭᠡ ᠳᠤ ᠡᠯ᠎ᠡ ᠱᠠᠳᠣᠨ ᠤ ᠵᠠᠰᠠᠭ ᠤᠨ ᠣᠷᠳᠣᠨ ᠴᠦ ᠠᠯᠢ ᠣᠯᠠᠨ ᠳᠡᠳᠭᠦᠨ ᠳᠡᠮᠵᠢᠬᠦ ᠲᠥᠷᠥ ᠶᠢᠨ | ᠪᠣᠳᠣᠯᠭ᠎ᠠ ᠳᠣᠭᠳᠠᠭᠠᠵᠣ᠂ ᠡᠷᠡᠭᠦᠯᠵᠢᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢ ᠠᠬᠢᠭᠤᠯᠵᠤ ᠪᠣᠢ᠃ ᠮᠠᠨ ᠤ ᠣᠷᠣᠨ ᠡᠷᠡᠭᠦᠯᠵᠢᠯ ᠵᠢᠭᠤᠯᠴᠢᠯᠠᠯ ᠤᠨ | ᠠᠵᠣ ᠦᠢᠯᠡᠰ ᠢ ᠬᠦᠭᠵᠢᠭᠦᠯᠬᠦ ᠳᠠᠯ᠎ᠠ ᠪᠠᠷ ᠦᠪᠡᠷᠮᠢᠴᠡ ᠳᠠᠪᠠᠭᠤᠯᠢᠭ ᠲᠠᠢ ᠪᠠᠶᠢᠳᠠᠭ᠃ | ᠨᠢᠭᠡ᠂ ᠪᠤᠬᠢᠷᠲᠣᠯ ᠦᠭᠡᠢ ᠪᠠᠶᠢᠭᠠᠯᠢ ᠶᠢᠨ ᠡᠬᠢ ᠪᠠᠶᠠᠯᠢᠭ ᠲᠠᠢ᠃ ᠥᠪᠥᠷ ᠮᠣᠩᠭᠤᠯ ᠤᠨ ᠲᠠᠯ᠎ᠠ ᠨᠤᠲᠤᠭ ᠪᠠ ᠣᠢ ᠰᠢᠭᠤᠢ ᠶᠢᠨ ᠠᠭᠠᠷ ᠤᠨ ᠴᠢᠨᠠᠷ | ᠴᠢᠨᠰᠠᠭ᠎ᠠ ᠨᠢ ᠠᠮᠢᠰᠬᠤᠯ ᠤᠨ ᠰᠢᠰᠲ᠋ᠧᠮ ᠳᠤ ᠠᠰᠢᠭᠲᠠᠢ ᠪᠠᠶᠢᠵᠤ᠂ ᠣᠶ ᠰᠢᠭᠤᠢ ᠶᠢᠨ ᠪᠢᠯᠢᠭ ᠬᠦᠴᠢᠯᠲᠥ᠋ᠷᠥᠭᠴᠢ ᠶᠢᠨ ᠢᠶᠤᠨ ᠨᠢ ᠠᠶᠠᠯᠠᠨ ᠰᠡᠯᠡᠭᠦᠴᠡᠵᠦ᠂ ᠪᠡᠶ᠎ᠡ | ᠰᠤᠪᠢᠯᠠᠬᠤ ᠳᠤ ᠲᠣᠬᠢᠷᠠᠮᠵᠢᠲᠠᠢ ᠪᠠᠶᠢᠳᠠᠭ᠃ ᠡᠯᠡᠰᠦᠨ ᠴᠥᠯ ᠤᠨ ᠭᠠᠵᠠᠷ ᠣᠷᠣᠨ ᠤ ᠡᠯᠡᠰᠦᠨ ᠵᠠᠰᠠᠯ ᠨᠢ ᠵᠠᠷᠢᠮ ᠡᠪᠡᠳᠴᠢᠨ ᠡᠮᠭᠡᠭ ᠢ ᠡᠮᠨᠡᠨ ᠵᠠᠰᠠᠬᠤ ᠳᠤ | ᠲᠤᠰᠠᠲᠠᠢ᠃ ᠬᠥᠯᠥᠨ ᠪᠤᠶᠢᠷ ᠢᠶᠠᠷ ᠵᠢᠱᠢᠶᠡᠯᠡᠬᠦ ᠳᠤ᠂ 13 ᠲᠦᠮᠡᠨ ᠲᠡᠭᠰᠢ ᠳᠥᠷᠪᠡᠯᠵᠢᠨ ᠺᠢᠯᠤᠮᠤᠳ᠋ᠷ ᠪᠦᠬᠦᠢ ᠶᠡᠭᠡ ᠬᠢᠩᠭᠠᠨ ᠳᠠᠪᠠᠭ᠎ᠠ ᠶᠢᠨ ᠤᠢ ᠰᠢᠭᠤᠢ ᠲᠠᠢ᠂ 8 | ᠲᠦᠮᠡᠨ ᠲᠡᠭᠰᠢ ᠳᠥᠷᠪᠡᠯᠵᠢᠨ ᠺᠢᠯᠤᠮᠤᠳ᠋ᠷ ᠤᠨ ᠬᠥᠯᠥᠨ ᠪᠤᠶᠢᠷ ᠤᠨ ᠲᠠᠯ᠎ᠠ ᠨᠤᠲᠤᠭ᠂ 3 ᠲᠦᠮᠡᠨ ᠲᠡᠭᠰᠢ ᠳᠥᠷᠪᠡᠯᠵᠢᠨ ᠺᠢᠯᠤᠮᠤᠳ᠋ᠷ ᠤᠨ ᠨᠤᠭᠤ ᠭᠠᠵᠠᠷ᠂ 3000 | ᠭᠠᠷᠤᠢ ᠭᠤᠣᠯ ᠮᠥᠷᠡᠨ᠂ 500 ᠭᠠᠷᠤᠢ ᠨᠠᠭᠤᠷ ᠴᠥᠭᠦᠷᠥᠮ ᠲᠠᠢ ᠪᠠᠶᠢᠵᠤ᠂ ᠠᠮᠢ ᠠᠬᠤᠢ ᠶᠢᠨ ᠰᠢᠰᠲ᠋ᠤᠮ ᠪᠦᠷᠢᠨ ᠪᠦᠲᠦᠨ ᠵᠡᠷᠭᠡ ᠳᠠᠪᠠᠭᠤᠯᠢᠭ ᠲᠠᠢ᠃ | ᠷᠠᠰᠢᠶᠠᠨ ᠤ ᠪᠣᠬᠢᠷᠲᠤᠯ ᠦᠭᠡᠢ ᠤᠷᠭᠤᠮᠠᠯ ᠤᠨ ᠬᠤᠴᠢᠯᠭ᠎ᠠ ᠶᠢᠨ ᠪᠦᠷᠬᠦᠴᠡ 95% ᠳᠤ ᠬᠦᠷᠴᠦ᠂ ᠠᠭᠠᠷ ᠤᠨ ᠴᠢᠨᠠᠷ ᠴᠢᠨᠰᠠᠭ᠎ᠠ ᠰᠠᠶᠢᠨ ᠡᠳᠦᠷ ᠤᠨ ᠲᠤᠭ᠎ᠠ | 98% ᠠᠴᠠ ᠳᠡᠭᠡᠭᠰᠢ ᠪᠠᠶᠢᠵᠤ᠂ ᠠᠭᠠᠷ ᠴᠡᠪᠡᠷ ᠲᠤᠩᠭᠠᠯᠠᠭ᠂ ︽ᠶᠡᠭᠡ ᠬᠦᠴᠢᠯᠲᠥ᠋ᠷᠥᠭᠴᠢ ᠶᠢᠨ ᠪᠠᠭᠠᠷ︾ ᠪᠤᠯᠵᠤ ᠪᠠᠶᠢᠳᠠᠭ᠃ ᠷᠠᠰᠢᠶᠠᠨ ᠬᠤᠲᠠ ᠶᠢᠨ 48 | ᠪᠠᠶᠢᠭᠠᠯᠢ ᠶᠢᠨ ᠷᠠᠰᠢᠶᠠᠨ ᠳᠤ ᠣᠯᠠᠨ ᠵᠦᠢᠯ ᠤᠨ ᠪᠢᠴᠢᠯ ᠡᠯᠧᠮᠧᠨ᠋ᠲ ᠠᠭᠤᠯᠣᠭᠳᠠᠵᠤ᠂ ᠵᠢᠷᠦᠬᠡ ᠴᠢᠰᠤᠨ ᠰᠤᠳᠠᠯ ᠤᠨ ᠡᠪᠡᠳᠴᠢᠨ᠂ ᠠᠷᠠᠰᠤᠨ ᠤ ᠡᠪᠡᠳᠴᠢᠨ ᠳᠤ | ᠦᠵᠡᠭᠦᠯᠬᠦ ᠡᠮᠴᠢᠯᠡᠭᠡᠨ ᠤ ᠠᠴᠢ ᠲᠤᠰᠠ ᠨᠢ ᠢᠯᠡᠷᠬᠡᠢ ᠪᠠᠶᠢᠳᠠᠭ ᠤᠨ ᠵᠡᠷᠭᠡ ᠪᠠᠷ ᠲᠡᠨᠳᠡᠬᠢ ᠳᠤᠮᠳᠠᠳᠤ ᠤᠯᠤᠰ ᠤᠨ ᠬᠠᠯᠠᠭᠤᠨ ᠷᠠᠰᠢᠶᠠᠨ ᠤ ᠮᠦᠽᠧᠢ ᠨᠢ ᠬᠠᠯᠠᠭᠤᠨ | ᠷᠠᠰᠢᠶᠠᠨ ᠤ ᠹᠢᠽᠢᠺ ᠤᠨ ᠵᠠᠰᠠᠯ ᠪᠠ ᠮᠣᠩᠭᠤᠯ ᠡᠮ ᠡᠮᠨᠡᠯᠭᠡ ᠶᠢ ᠡᠮᠬᠢᠯᠡᠨ ᠨᠡᠶᠢᠯᠡᠭᠦᠯᠵᠦ᠂ ᠡᠮᠲᠦ ᠤᠬᠢᠶᠠᠯᠭ᠎ᠠ ᠶᠢᠨ ᠦᠢᠯᠡᠴᠢᠯᠡᠭᠡ ᠬᠠᠩᠭᠠᠵᠤ ᠪᠣᠢ᠃ ᠬᠡᠰᠢᠭᠲᠡᠨ ᠤ | ᠬᠠᠯᠠᠭᠤᠨ ᠷᠠᠰᠢᠶᠠᠨ ᠨᠢ ︽ᠳᠣᠷᠣᠨᠠᠳᠠᠬᠢᠨ ᠤ ᠬᠤᠪᠢᠯᠭᠠᠨ ᠪᠤᠯᠠᠭ︾ ᠬᠡᠮᠡᠭᠳᠡᠵᠦ᠂ ︽ᠬᠠᠯᠠᠭᠤᠨ ᠷᠠᠰᠢᠶᠠᠨ + ᠮᠣᠩᠭᠤᠯ ᠡᠮᠨᠡᠯᠭᠡ ᠶᠢᠨ ᠶᠠᠰᠤ ᠪᠠᠷᠢᠬᠤ︾ | ᠡᠷᠡᠭᠦᠯᠵᠢᠯ ᠤᠨ ᠲᠥᠷᠥᠯ ᠵᠦᠢᠯ ᠢᠶᠠᠷ ᠭᠤᠣᠯᠯᠠᠳᠠᠭ᠃ | ᠥᠪᠥᠷ ᠮᠣᠩᠭᠤᠯ ᠤᠨ ᠪᠣᠬᠢᠷᠳᠣᠯ ᠦᠭᠡᠢ ᠪᠠᠶᠢᠭᠠᠯᠢ ᠶᠢᠨ ᠣᠷᠴᠢᠨ ᠲᠣᠭᠤᠷᠢᠨ ᠨᠢ ᠴᠦ ᠬᠥᠮᠥᠰ ᠤᠨ ᠰᠡᠳᠭᠢᠯ ᠰᠠᠨᠠᠭ᠎ᠠ ᠶᠢ ᠲᠠᠶᠢᠪᠤᠰᠢᠷᠠᠭᠤᠯᠵᠤ᠂ | ᠬᠤᠲᠠ ᠶᠢᠨ ᠦᠢᠮᠡᠭᠡᠨ ᠱᠤᠤᠭᠢᠶᠠᠨ ᠪᠠ ᠰᠡᠳᠭᠢᠯ ᠤᠨ ᠳᠠᠷᠤᠯᠲᠠ ᠠᠴᠠ ᠬᠤᠯᠠᠳᠬᠠᠨ᠂ ᠦᠵᠡᠰᠭᠦᠯᠡᠩᠲᠦ ᠰᠠᠶᠢᠬᠠᠨ ᠪᠠᠶᠢᠭᠠᠯᠢ ᠶᠢᠨ ᠥᠩᠭᠡ ᠦᠵᠡᠮᠵᠢ ᠶᠢ | ᠰᠣᠨᠢᠷᠬᠠᠬᠤ ᠪᠠᠷ ᠳᠠᠮᠵᠢᠨ ᠡᠬᠡ ᠪᠠᠶᠢᠭᠠᠯᠢ ᠶᠢᠨ ᠨᠠᠮ ᠰᠡᠯᠡᠭᠦᠨ ᠳᠤ ᠲᠠᠶᠢᠪᠤᠰᠢᠷᠠᠨ ᠪᠠᠶᠠᠰᠬᠤ ᠨᠦᠭᠦᠴᠡᠯ ᠣᠯᠭᠤᠵᠤ ᠴᠢᠳᠠᠳᠠᠭ᠃ | ᠬᠤᠶᠠᠷ᠂ ᠰᠢᠮ᠎ᠡ ᠲᠡᠵᠢᠭᠡᠯᠲᠦ ᠢᠳᠡᠭᠡᠨ ᠤᠮᠳᠠᠭᠠᠨ ᠤ ᠰᠤᠶᠤᠯ ᠲᠠᠢ᠃ ᠥᠪᠥᠷ ᠮᠣᠩᠭᠤᠯ ᠤᠨ ᠢᠳᠡᠭᠡᠨ ᠤᠮᠳᠠᠭᠠᠨ ᠤ ᠣᠯᠠᠩᠬᠢ ᠨᠢ ᠲᠤᠬᠠᠢ ᠶᠢᠨ | ᠭᠠᠵᠠᠷ ᠤᠨ ᠪᠠᠶᠢᠭᠠᠯᠢᠯᠢᠭ ᠢᠳᠡᠭᠡᠨ ᠤ ᠮᠠᠲ᠋ᠧᠷᠢᠶᠠᠯ ᠢᠶᠠᠷ ᠭᠤᠣᠯᠯᠠᠳᠠᠭ᠃ ᠵᠢᠱᠢᠶᠡᠯᠡᠪᠡᠯ ᠲᠠᠯ᠎ᠠ ᠨᠤᠲᠤᠭ ᠤᠨ ᠬᠤᠨᠢ ᠦᠬᠡᠷ ᠤᠨ ᠮᠢᠬ᠎ᠠ ᠨᠢ ᠰᠣᠷᠭᠤᠭ ᠵᠥᠭᠡᠯᠡᠨ᠂ | ᠤᠭᠤᠷᠠᠭ ᠸᠢᠲ᠋ᠠᠮᠢᠨ ᠵᠡᠷᠭᠡ ᠰᠢᠮ᠎ᠡ ᠲᠡᠵᠢᠭᠡᠯᠳᠣ ᠪᠦᠷᠢᠯᠳᠦᠭᠦᠨ ᠡᠯᠪᠡᠭ ᠪᠥᠭᠡᠳ ᠥᠭᠡᠬᠦ ᠶᠢᠨ ᠠᠭᠤᠯᠤᠭᠳᠠᠴᠠ ᠨᠢ ᠲᠣᠬᠢᠷᠠᠮᠵᠢᠲᠠᠢ ᠪᠣᠯᠬᠤᠷ ᠪᠡᠶ᠎ᠡ ᠮᠠᠬᠠᠪᠤᠳ ᠢ | ᠴᠢᠭᠢᠷᠠᠭᠵᠢᠭᠤᠯᠬᠤ ᠳᠤ ᠲᠤᠰᠠᠲᠠᠢ ᠪᠠᠶᠢᠳᠠᠭ᠃ ᠪᠠᠰᠠ ᠰᠠᠭᠠᠭ ᠤᠨ ᠭᠤᠯᠢᠷ᠂ ᠶᠤᠤᠮᠠᠢ ᠶᠢᠨ ᠭᠤᠯᠢᠷ ᠲᠤ ᠢᠳᠡᠭᠡᠨ ᠤ ᠰᠢᠷᠬᠡᠭᠯᠢᠭ ᠡᠯᠪᠡᠭ ᠠᠭᠤᠯᠤᠭᠳᠠᠵᠤ᠂ ᠵᠢᠷᠦᠬᠡ | ᠴᠢᠰᠤᠨ ᠰᠤᠳᠠᠯ ᠤᠨ ᠡᠪᠡᠳᠴᠢᠨ ᠢ ᠤᠷᠢᠳᠴᠢᠯᠠᠨ ᠰᠡᠷᠭᠡᠶᠢᠯᠡᠵᠦ᠂ ᠵᠢᠭᠤᠯᠴᠢᠯᠠᠭᠰᠡᠳ ᠲᠤ ᠡᠷᠡᠭᠦᠯ ᠮᠡᠨᠳᠦ ᠶᠢᠨ ᠡᠨᠧᠷᠭᠢ ᠶᠢᠨ ᠢᠷᠡᠯᠲᠡ ᠬᠠᠩᠭᠠᠳᠠᠭ᠃ | ᠡᠭᠦᠨ ᠠᠴᠠ ᠭᠠᠳᠠᠨ᠎ᠠ᠂ ᠥᠪᠥᠷ ᠮᠣᠩᠭᠤᠯ ᠤᠨ ᠬᠤᠭᠤᠯᠠ ᠬᠢᠬᠦ ᠠᠷᠭ᠎ᠠ ᠮᠠᠶ᠋ᠢᠭ ᠨᠢ ᠬᠠᠷᠢᠴᠠᠩᠭᠤᠢ ᠪᠠᠷ ᠳᠥᠭᠦᠮᠬᠡᠨ᠂ ᠴᠢᠨᠠᠬᠤ᠂ ᠰᠢᠷᠠᠬᠤ ᠵᠡᠷᠭᠡ ᠪᠠᠷ | ᠭᠤᠣᠯᠯᠠᠳᠠᠭ᠃ ᠵᠢᠱᠢᠶᠡᠯᠡᠪᠡᠯ᠂ ᠬᠤᠨᠢᠨ ᠮᠢᠬ᠎ᠠ ᠶᠢ ᠰᠢᠭᠤᠳ ᠲᠣᠭᠤᠭᠠᠨ ᠳᠤ ᠬᠢᠵᠦ ᠴᠢᠨᠠᠪᠠᠯ᠂ ᠮᠢᠬᠠᠨ ᠤ ᠰᠢᠮ᠎ᠡ ᠲᠡᠵᠢᠭᠡᠯ ᠤᠨ ᠪᠦᠷᠢᠯᠳᠦᠭᠦᠨ ᠢ ᠬᠠᠮᠤᠭ ᠤᠨ | ᠶᠡᠭᠡ ᠬᠡᠮᠵᠢᠶ᠎ᠡ ᠪᠠᠷ ᠬᠠᠳᠠᠭᠠᠯᠠᠨ ᠰᠢᠮ᠎ᠡ ᠲᠡᠵᠢᠭᠡᠯ ᠤᠨ ᠠᠯᠳᠠᠭᠳᠠᠯ ᠢ ᠪᠠᠭᠠᠰᠬᠠᠬᠤ ᠨᠢ ᠣᠲᠣ ᠦᠶ᠎ᠡ ᠶᠢᠨ ᠬᠥᠮᠥᠰ ᠤᠨ ᠡᠷᠡᠭᠦᠯ ᠢᠳᠡᠭᠡᠨ ᠤᠮᠳᠠᠭᠠᠨ ᠢ | ᠬᠥᠭᠡᠭᠡᠴᠡᠯᠳᠦᠬᠦ ᠣᠶᠢᠯᠠᠭᠠᠭᠳᠠᠬᠤᠨ ᠲᠠᠢ ᠨᠡᠶᠢᠴᠡᠵᠦ ᠪᠠᠶᠢᠳᠠᠭ᠃ ᠢᠳᠡᠭᠡᠨ ᠤᠮᠳᠠᠭᠠᠨ ᠤ ᠵᠠᠰᠠᠯ᠂ ᠰᠠᠭᠠᠯᠢ ᠶᠢᠨ ᠠᠷᠢᠬᠢᠨ ᠤ ᠵᠠᠰᠠᠯ᠂ ᠴᠡᠭᠡ ᠶᠢᠨ ᠵᠠᠰᠠᠯ ᠨᠢ ᠴᠦ | ᠡᠷᠡᠭᠦᠯᠵᠢᠯ ᠵᠢᠭᠤᠯᠴᠢᠯᠠᠯ ᠤᠨ ᠪᠦᠲᠦᠭᠡᠭᠳᠡᠭᠦᠨ ᠤ ᠴᠢᠬᠤᠯᠠ ᠡᠬᠢ ᠪᠠᠶᠠᠯᠢᠭ ᠪᠣᠯᠣᠨ᠎ᠠ᠃ | ᠡᠷᠡᠭᠦᠯᠵᠢᠯ ᠵᠢᠭᠤᠯᠴᠢᠯᠠᠯ ᠤᠨ ᠶᠠᠪᠣᠴᠠ ᠳᠤ᠂ ᠢᠳᠡᠭᠡᠨ ᠤᠮᠳᠠᠭᠠᠨ ᠨᠢ ᠰᠣᠶᠣᠯ ᠤᠨ ᠠᠴᠢᠶᠠᠯᠠᠪᠤᠷᠢ ᠪᠣᠯᠤᠭᠰᠠᠨ ᠤ ᠬᠤᠪᠢ ᠳᠤ᠂ ᠠᠳᠠᠯᠢ ᠪᠤᠰᠤ ᠭᠠᠵᠠᠷ | ᠣᠷᠣᠨ᠂ ᠠᠳᠠᠯᠢ ᠪᠤᠰᠤ ᠦᠨᠳᠦᠰᠦᠲᠡᠨ ᠤ ᠬᠤᠭᠤᠷᠣᠨᠳᠣᠬᠢ ᠰᠣᠶᠣᠯ ᠤᠨ ᠰᠣᠯᠢᠯᠴᠠᠭ᠎ᠠ ᠶᠢ ᠠᠬᠢᠭᠤᠯᠵᠤ᠂ ᠦᠨᠳᠦᠰᠦᠲᠡᠨ ᠨᠦᠭᠦᠳ ᠤᠨ ᠬᠤᠭᠤᠷᠣᠨᠳᠤᠬᠢ | ᠬᠠᠷᠢᠴᠠᠭ᠎ᠠ ᠶᠢ ᠨᠢᠭᠲᠠᠷᠠᠭᠤᠯᠵᠤ ᠴᠢᠳᠠᠨ᠎ᠠ᠃ | ᠭᠤᠷᠪᠠ᠂ ᠮᠣᠩᠭᠤᠯ ᠤᠯᠠᠮᠵᠢᠯᠠᠯᠲᠤ ᠠᠨᠠᠭᠠᠬᠤ ᠤᠬᠠᠭᠠᠨ ᠤ ᠵᠠᠰᠠᠯ ᠲᠠᠢ᠃ ᠮᠣᠩᠭᠤᠯ ᠡᠮ ᠡᠮᠨᠡᠯᠭᠡ ᠨᠢ ᠥᠨᠢ ᠤᠳᠠᠭᠠᠨ ᠲᠡᠦᠬᠡ ᠲᠠᠢ ᠪᠥᠭᠡᠳ ᠥᠪᠡᠷᠮᠢᠴᠡ | ᠣᠨᠣᠯ ᠤᠨ ᠰᠢᠰᠲ᠋ᠧᠮ ᠲᠠᠢ ᠪᠠᠶᠢᠵᠤ᠂ ᠵᠠᠷᠢᠮ ᠤᠳᠠᠭᠠᠨ ᠴᠢᠨᠠᠷᠲᠠᠢ ᠡᠪᠡᠳᠴᠢᠨ ᠢ ᠵᠠᠰᠠᠬᠤ ᠲᠠᠯ᠎ᠠ ᠪᠠᠷ ᠢᠯᠡᠳᠲᠡ ᠡᠮᠴᠢᠯᠡᠭᠡᠨ ᠤ ᠠᠴᠢ ᠲᠤᠰᠠ ᠲᠠᠢ ᠪᠠᠶᠢᠳᠠᠭ᠃ | ᠥᠪᠥᠷ ᠮᠣᠩᠭᠤᠯ ᠳᠤ ᠮᠠᠰᠢ ᠣᠯᠠᠨ ᠮᠣᠩᠭᠤᠯ ᠡᠮᠨᠡᠯᠭᠡ ᠶᠢᠨ ᠬᠤᠷᠢᠶ᠎ᠠ ᠪᠠ ᠮᠣᠩᠭᠤᠯ ᠡᠮ ᠡᠮᠨᠡᠯᠭᠡ ᠶᠢᠨ ᠰᠤᠳᠤᠯᠭᠠᠨ ᠤ ᠪᠠᠶᠢᠭᠤᠯᠤᠮᠵᠢ ᠪᠠᠶᠢᠵᠤ ᠵᠢᠭᠠᠨ ᠰᠤᠷᠭᠠᠯᠲᠠ | ᠂ ᠰᠤᠳᠤᠯᠭᠠᠨ᠂ ᠰᠡᠷᠭᠡᠶᠢᠯᠡᠬᠦ᠂ ᠡᠷᠡᠭᠦᠯᠵᠢᠯ ᠵᠡᠷᠭᠡ ᠶᠢ ᠨᠢᠭᠡ ᠴᠣᠭᠴᠠᠵᠢᠭᠤᠯᠤᠭᠰᠠᠨ ᠴᠢᠳᠠᠮᠵᠢ ᠶᠢ ᠪᠦᠷᠢᠯᠳᠦᠭᠦᠯᠵᠦ᠂ ᠡᠷᠡᠭᠦᠯᠵᠢᠯ ᠵᠢᠭᠤᠯᠴᠢᠯᠠᠯ ᠳᠤ ᠲᠤᠰᠬᠠᠢ | ᠮᠡᠷᠭᠡᠵᠢᠯ ᠤᠨ ᠡᠮᠴᠢᠯᠡᠭᠡᠨ ᠤ ᠪᠠᠲᠤᠯᠠᠭ᠎ᠠ ᠬᠠᠩᠭᠠᠭᠰᠠᠨ ᠪᠠᠶᠢᠨ᠎ᠠ᠃ ᠡᠭᠦᠨ ᠤ ᠬᠠᠮᠲᠤ᠂ ᠵᠡᠭᠦᠦ ᠲᠥᠭᠡᠨᠡᠯᠭᠡ᠂ ᠢᠯᠢᠵᠦ ᠨᠤᠬᠤᠯᠠᠬᠤ᠂ ᠡᠮᠲᠦ ᠤᠬᠢᠶᠠᠯᠭ᠎ᠠ ᠵᠡᠷᠭᠡ | ᠮᠣᠩᠭᠤᠯ ᠠᠨᠠᠭᠠᠬᠤ ᠤᠬᠠᠭᠠᠨ ᠤ ᠤᠯᠠᠮᠵᠢᠯᠠᠯᠲᠤ ᠵᠠᠰᠠᠯᠭ᠎ᠠ ᠶᠢ ᠡᠷᠡᠭᠦᠯᠵᠢᠯ ᠵᠢᠭᠤᠯᠴᠢᠯᠠᠯ ᠤᠨ ᠣᠷᠣᠯᠴᠠᠬᠤ ᠵᠦᠢᠯᠡᠰ ᠪᠣᠯᠭᠠᠨ ᠬᠥᠭᠵᠢᠭᠦᠯᠵᠦ ᠪᠣᠯᠣᠨ᠎ᠠ᠃ | ᠳᠦᠷᠪᠡ᠂ ᠦᠨᠳᠦᠰᠦᠲᠡᠨ ᠤ ᠣᠨᠴᠠᠯᠢᠭᠲᠤ ᠪᠡᠶ᠎ᠡ ᠲᠠᠮᠢᠷ ᠤᠨ ᠬᠦᠳᠡᠯᠭᠡᠭᠡᠨ ᠲᠠᠢ᠃ ᠪᠥᠬᠡ ᠪᠠᠷᠢᠯᠳᠤᠬᠤ᠂ ᠰᠤᠷ ᠬᠠᠷᠪᠤᠬᠤ᠂ ᠮᠣᠷᠢ ᠤᠷᠤᠯᠳᠤᠬᠤ ᠵᠡᠷᠭᠡ | ᠮᠣᠩᠭᠤᠯ ᠦᠨᠳᠦᠰᠦᠲᠡᠨ ᠤ ᠤᠯᠠᠮᠵᠢᠯᠠᠯᠲᠤ ᠪᠡᠶ᠎ᠡ ᠶᠢᠨ ᠲᠠᠮᠢᠷ ᠤᠨ ᠬᠥᠳᠡᠯᠭᠡᠭᠡᠨ ᠨᠢ ᠪᠡᠶ᠎ᠡ ᠮᠠᠬᠠᠪᠤᠳ ᠢᠶᠠᠨ ᠳᠠᠪᠲᠠᠨ ᠪᠣᠯᠪᠠᠰᠤᠷᠠᠭᠤᠯᠵᠤ᠂ ᠡᠷᠡᠯᠬᠡᠭ ᠵᠣᠷᠢᠭ ᠪᠠ | ᠬᠠᠳᠠᠨ ᠵᠣᠷᠢᠭ ᠢ ᠬᠥᠮᠥᠵᠢᠭᠦᠯᠬᠦ ᠳᠤ ᠴᠢᠬᠤᠯᠠ ᠦᠢᠯᠡᠳᠦᠯ ᠨᠦᠯᠦᠭᠡ ᠲᠠᠢ ᠪᠠᠶᠢᠳᠠᠭ᠃ ᠡᠳᠡᠭᠡᠷ ᠬᠥᠳᠡᠯᠭᠡᠭᠡᠨ ᠨᠢ ᠪᠡᠶ᠎ᠡ ᠮᠠᠬᠠᠪᠤᠳ ᠤᠨ ᠬᠦᠴᠦ ᠴᠢᠳᠠᠯ᠂ | ᠬᠤᠷᠳᠤᠴᠠ᠂ ᠲᠡᠰᠪᠦᠷᠢ ᠪᠠ ᠵᠣᠬᠢᠴᠠᠩᠭᠤᠢ ᠴᠢᠨᠠᠷ ᠢ ᠳᠡᠭᠡᠭᠰᠢᠯᠡᠭᠦᠯᠵᠦ᠂ ᠪᠡᠶ᠎ᠡ ᠮᠠᠬᠠᠪᠤᠳ ᠤᠨ ᠬᠡᠪ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠢ᠃ ᠡᠳᠡᠭᠡᠷ ᠲᠤ | ᠰᠠᠭᠤᠷᠢᠯᠠᠨ᠂ ᠮᠣᠩᠭᠤᠯ ᠦᠨᠳᠦᠰᠦᠲᠡᠨ ᠤ ᠪᠡᠶ᠎ᠡ ᠶᠢᠨ ᠲᠠᠮᠢᠷ ᠤᠨ ᠠᠵᠢᠯᠯᠠᠭ᠎ᠠ ᠪᠠᠷ ᠭᠤᠣᠯ ᠠᠭᠤᠯᠭ᠎ᠠ ᠪᠣᠯᠭᠠᠭᠰᠠᠨ ᠣᠨᠴᠠᠯᠢᠭᠲᠤ ᠵᠢᠭᠤᠯᠴᠢᠯᠠᠯ ᠤᠨ ᠵᠠᠮ ᠱᠤᠭᠤᠮ ᠢ | ᠲᠦᠰᠦᠪᠯᠡᠵᠦ ᠪᠣᠯᠣᠨ᠎ᠠ᠃ | ᠳᠣᠯᠣᠳᠤᠭᠠᠷ ᠤᠳᠠᠭ᠎ᠠ ᠶᠢᠨ ᠪᠥᠬᠦ ᠤᠯᠤᠰ ᠤᠨ ᠬᠥᠮᠥᠨ ᠠᠮᠠ ᠶᠢᠨ ᠨᠡᠶᠢᠳᠡᠮ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠪᠡᠯ᠂ ᠮᠠᠨ ᠤ | ᠤᠯᠤᠰ ᠤᠨ 60 — 69 ᠨᠠᠰᠤᠨ ᠤ ᠨᠠᠰᠤᠲᠠᠶᠢᠴᠤᠳ ᠵᠢᠷᠠᠨ ᠨᠠᠰᠤᠨ ᠠᠴᠠ ᠳᠡᠭᠡᠭᠰᠢᠬᠢ ᠨᠠᠰᠤᠲᠠᠶᠢᠴᠤᠳ ᠤᠨ 55.83% ᠶᠢ ᠡᠵᠡᠯᠡᠵᠦ᠂ ᠵᠢᠭᠤᠯᠴᠢᠯᠠᠯ᠂ | ᠵᠤᠭ᠎ᠠ ᠴᠡᠩᠭᠡᠯ᠂ ᠪᠡᠶ᠎ᠡ ᠰᠤᠪᠢᠯᠠᠯᠲᠠ᠂ ᠰᠣᠶᠣᠯ ᠤᠷᠠᠯᠢᠭ ᠤᠨ ᠨᠡᠯᠢᠶᠡᠳ ᠶᠡᠭᠡ ᠬᠡᠷᠡᠭᠴᠡᠭᠡ ᠱᠠᠭᠠᠷᠳᠠᠯᠭ᠎ᠠ ᠲᠠᠢ ᠪᠠᠶᠢᠳᠠᠭ ᠢᠶᠠᠷ ᠢᠶᠠᠨ ᠮᠠᠨ ᠤ ᠤᠯᠤᠰ ᠤᠨ | ᠢᠷᠡᠭᠡᠳᠦᠢ ᠶᠢᠨ ᠴᠢᠬᠤᠯᠠ ᠬᠡᠷᠡᠭᠯᠡᠭᠡᠨ ᠤ ᠬᠦᠴᠦᠨ ᠪᠣᠯᠵᠤ ᠪᠠᠶᠢᠭ᠎ᠠ ᠶᠤᠮ᠃ 80 ᠨᠠᠰᠤᠨ ᠠᠴᠠ ᠳᠡᠭᠡᠭᠰᠢᠬᠢ ᠨᠠᠰᠤᠲᠠᠶᠢᠴᠣᠳ ᠨᠢ ᠠᠰᠠᠷᠠᠮᠵᠢ ᠪᠣᠯᠣᠨ | ᠡᠷᠡᠭᠦᠯᠵᠢᠯ ᠤᠨ ᠬᠡᠷᠡᠭᠯᠡᠭᠡ ᠶᠢ ᠶᠡᠭᠡ ᠪᠠᠷ ᠱᠠᠭᠠᠷᠳᠠᠵᠤ ᠪᠤᠢ᠃ ᠡᠨᠡ ᠨᠢ ᠡᠷᠡᠭᠦᠯᠵᠢᠯ ᠵᠢᠭᠤᠯᠴᠢᠯᠠᠯ ᠢ ᠬᠥᠭᠵᠢᠭᠦᠯᠬᠦ ᠳᠤ ᠴᠠᠭ ᠦᠶ᠎ᠡ ᠶᠢᠨ ᠲᠣᠬᠢᠶᠠᠯ ᠢ ᠠᠪᠴᠢᠷᠠᠭᠰᠠᠨ | ᠪᠠᠶᠢᠨ᠎ᠠ᠃ ᠣᠳᠣᠬᠠᠨ ᠳᠤ᠂ ᠪᠦᠬᠦ ᠣᠷᠣᠨ ᠳᠤ A ᠳᠡᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ᠂ ᠠᠮᠠᠷᠠᠯᠲᠠ ᠶᠢᠨ ᠣᠷᠣᠨ᠂ ᠴᠠᠰᠤᠨ ᠳᠤ ᠭᠤᠯᠭᠤᠬᠤ | ᠭᠠᠵᠠᠷ ᠵᠡᠷᠭᠡ ᠨᠡᠶᠢᠲᠡ 442 ᠪᠣᠢ᠂ ᠡᠭᠦᠨ ᠤ ᠳᠣᠲᠣᠷ᠎ᠠ 66 ᠨᠢ ᠡᠷᠡᠭᠦᠯᠵᠢᠯ ᠵᠢᠭᠤᠯᠴᠢᠯᠠᠯ ᠤᠨ ᠴᠢᠳᠠᠪᠬᠢ ᠲᠠᠢ᠃ | ᠥᠪᠥᠷ ᠮᠣᠩᠭᠤᠯ ᠤᠨ ᠡᠷᠡᠭᠦᠯᠵᠢᠯ ᠰᠤᠪᠢᠯᠠᠯᠲᠠ ᠶᠢᠨ ᠡᠬᠢ ᠪᠠᠶᠠᠯᠢᠭ ᠨᠢ ᠠᠮᠢ ᠠᠬᠤᠢ ᠶᠢᠨ ᠤᠭ ᠴᠢᠨᠠᠷ᠂ ᠦᠨᠳᠦᠰᠦᠲᠡᠨ ᠤ ᠰᠤᠶᠤᠯ ᠤᠨ ᠤᠯᠠᠮᠵᠢᠯᠠᠯᠲᠤ | ᠴᠢᠨᠠᠷ ᠵᠢᠴᠢ ᠮᠣᠩᠭᠤᠯ ᠠᠨᠠᠭᠠᠬᠤ ᠤᠬᠠᠭᠠᠨ ᠤ ᠲᠤᠰᠬᠠᠢ ᠮᠡᠷᠭᠡᠵᠢᠯ ᠤᠨ ᠰᠢᠨᠵᠢ ᠶᠢ ᠤᠶᠠᠯᠳᠤᠭᠤᠯᠤᠭᠰᠠᠨ ᠢᠶᠠᠷ ᠢᠶᠠᠨ ᠦᠪᠡᠷ ᠤᠨ ᠭᠡᠰᠡᠨ ᠥᠪᠡᠷᠮᠢᠴᠡ | ᠣᠨᠴᠠᠯᠢᠭ ᠲᠠᠢ ᠪᠠᠶᠢᠳᠠᠭ᠃ ᠡᠷᠡᠭᠦᠯᠵᠢᠯ ᠵᠢᠭᠤᠯᠴᠢᠯᠠᠯ ᠤᠨ ᠦᠢᠯᠡᠰ ᠢ ᠬᠥᠭᠵᠢᠭᠦᠯᠬᠦ ᠳᠤ ᠪᠡᠶ᠎ᠡ ᠰᠡᠳᠭᠢᠯ ᠤᠨ ᠡᠷᠡᠭᠦᠯᠵᠢᠯ ᠤᠨ ᠱᠠᠭᠠᠷᠳᠠᠯᠭ᠎ᠠ ᠲᠠᠢ ᠬᠦᠮᠦᠰ ᠢ ᠭᠤᠣᠯ | ᠬᠠᠷᠠᠯᠲᠠ ᠬᠡᠷᠡᠭᠯᠡᠭᠴᠢᠳ ᠢᠶᠠᠨ ᠪᠣᠯᠭᠠᠵᠤ᠂ ᠬᠠᠷᠠᠭᠠᠯᠵᠠᠭᠰᠠᠨ ᠵᠢᠭᠤᠯᠴᠢᠯᠠᠯ ᠤᠨ ᠦᠢᠯᠡᠴᠢᠯᠡᠭᠡ ᠬᠠᠩᠭᠠᠨ᠂ ᠡᠷᠡᠭᠦᠯᠵᠢᠯ ᠰᠤᠪᠢᠯᠠᠯᠲᠠ ᠶᠢᠨ ᠵᠢᠭᠤᠯᠴᠢᠯᠠᠯ ᠤᠨ | ᠪᠦᠲᠦᠭᠡᠭᠳᠡᠬᠦᠨ ᠤ ᠲᠥᠷᠥᠯ ᠵᠦᠢᠯ ᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠡᠷᠡᠭᠦᠯ ᠮᠡᠨᠳᠦ ᠶᠢᠨ ᠰᠤᠪᠢᠯᠠᠯᠲᠠ ᠶᠢᠨ | ᠪᠠᠶᠢᠭᠤᠯᠤᠮᠵᠢ ᠯᠤᠭ᠎ᠠ ᠬᠠᠮᠲᠤᠷᠠᠯᠴᠠᠭ᠎ᠠ ᠪᠠᠨ ᠴᠢᠩᠭᠠᠳᠬᠠᠵᠤ᠂ ᠦᠢᠯᠡᠴᠢᠯᠡᠭᠡᠨ ᠤ ᠶᠠᠰᠤ ᠴᠢᠨᠠᠷ ᠪᠠ ᠬᠢᠷᠢ ᠲᠦᠪᠰᠢᠨ ᠢᠶᠠᠨ ᠳᠡᠭᠡᠭᠰᠢᠯᠡᠭᠦᠯᠦᠨ᠂ ᠣᠳᠣ ᠦᠶ᠎ᠡ ᠶᠢᠨ | ᠬᠥᠮᠥᠰ ᠤᠨ ᠠᠮᠢᠳᠤᠷᠠᠯ ᠤᠨ ᠱᠠᠭᠠᠷᠳᠠᠯᠭ᠎ᠠ ᠳᠤ ᠲᠣᠬᠢᠷᠠᠭᠰᠠᠨ᠂ ᠨᠥᠯᠥᠭᠡᠯᠡᠬᠦ ᠬᠦᠴᠦᠨ ᠴᠢᠩᠭ᠎ᠠ ᠡᠷᠡᠭᠦᠯᠵᠢᠯ ᠤᠨ ᠵᠢᠭᠤᠯᠴᠢᠯᠠᠯ ᠤᠨ ᠭᠠᠵᠠᠷ ᠪᠣᠯᠭᠠᠬᠤ ᠪᠠᠷ | ᠴᠢᠷᠮᠠᠶᠢᠪᠠᠯ ᠵᠣᠬᠢᠨ᠎ᠠ᠃ | ︵ᠵᠣᠬᠢᠶᠠᠭᠴᠢ ᠶᠢᠨ ᠬᠠᠶ᠋ᠢᠭ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠨᠡᠶᠢᠭᠡᠮ ᠤᠨ ᠰᠢᠨᠵᠢᠯᠡᠬᠦ ᠤᠬᠠᠭᠠᠨ ᠤ ᠬᠦᠷᠢᠶᠡᠯᠡᠩ ᠤᠨ ᠤᠮᠠᠷᠠᠳᠤ | ᠬᠢᠯᠢ ᠶᠢᠨ ᠰᠤᠶᠤᠯ ᠰᠣᠳᠣᠯᠬᠤ ᠭᠠᠵᠠᠷ︶ |