ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠶ ᠶᠡᠷᠦᠩᠬᠡᠶ ᠱᠦᠵᠢ ᠰᠢ ᠶᠢᠨ ᠫᠢᠩ ᠤᠨ ᠴᠢᠬᠤᠯᠠ ᠵᠢᠭᠠᠪᠤᠷᠢ ᠶᠢ ᠭᠦᠨᠵᠡᠭᠡᠶ | ᠲᠤᠤᠱᠯᠠᠭᠤᠯᠤᠨ ᠨᠠᠶᠢᠳᠠᠪᠤᠷᠢᠵᠢᠭᠤᠯᠵᠤ᠂ ᠬᠢᠨᠠᠨ ᠪᠤᠳᠤᠬᠤ ᠡᠩᠨᠡᠭᠡᠨ ᠤ ᠰᠠᠬᠢᠯᠭ᠎ᠠ ᠪᠠᠲᠤ ᠶᠢᠨ ᠤᠬᠠᠮᠰᠠᠷ ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠰᠤᠷᠲᠠᠯ ᠤᠨ | ᠪᠠᠶᠢᠭᠤᠯᠤᠯᠲᠠ ᠶᠢ ᠲᠠᠰᠤᠷᠠᠯᠲᠠ ᠥᠬᠡᠶ ᠴᠢᠩᠭᠠᠳᠬᠠᠬᠤ ᠶᠢᠨ ᠲᠥᠯᠥᠭᠡ᠂ 4 ᠰᠠᠷ᠎ᠠ ᠶᠢᠨ 9 ᠤ ᠡᠳᠦᠷ ᠠᠴᠠ 4 ᠰᠠᠷ᠎ᠠ ᠶᠢᠨ 10 ᠪᠣᠯᠲᠠᠯ᠎ᠠ᠂ ᠬᠤᠰᠢᠭᠤᠨ ᠤ ᠬᠢᠨᠠᠨ | ᠪᠤᠳᠤᠬᠤ ᠲᠣᠪᠴᠢᠶ᠎ᠠ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠭᠦᠨᠵᠡᠭᠡᠶ ᠲᠤᠤᠱᠯᠠᠭᠤᠯᠬᠤ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ | ᠠᠩᠭᠢ ᠡᠷᠭᠢᠯᠡᠵᠦ᠂ ᠬᠤᠰᠢᠭᠤᠨ ᠤ ᠬᠢᠨᠠᠨ ᠪᠤᠳᠤᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠳᠠᠭᠠᠭᠤᠯᠤᠨ | ᠰᠤᠷᠤᠯᠴᠠᠬᠤ ᠶᠢᠨ ᠬᠠᠮᠲᠤ ᠠᠩᠭᠢ ᠡᠬᠢᠯᠡᠬᠦ ᠳᠠᠶᠢᠴᠢᠯᠠᠯᠲᠠ ᠶᠢᠨ ᠶᠠᠷᠢᠶ᠎ᠠ ᠲᠠᠯᠪᠢᠵᠤ᠂ ᠲᠣᠪᠴᠢᠶ᠎ᠠ ᠶᠢᠨ ᠪᠦᠬᠦ ᠠᠵᠢᠯᠲᠠᠳ ᠣᠷᠣᠯᠴᠠᠪᠠ᠃ | | | | ᠨᠣᠮ ᠤᠩᠰᠢᠬᠤ ᠠᠩᠬᠢ ᠳᠤ᠂ ︽ᠰᠢ ᠶᠢᠨ ᠫᠢᠩ ᠤᠨ ᠨᠠᠮ ᠤᠨ ᠰᠤᠷᠲᠠᠯ ᠤᠨ ᠪᠠᠶᠢᠭᠤᠯᠤᠯᠲᠠ ᠶᠢ ᠴᠢᠩᠭᠠᠳᠬᠠᠬᠤ ᠲᠤᠬᠠᠢ ᠥᠭᠦᠯᠡᠯᠲᠡ ᠶᠢᠨ ᠲᠡᠭᠦᠪᠦᠷᠢ︾ | ᠪᠣᠯᠤᠨ ᠲᠥᠪ ᠤᠨ ᠨᠠᠢᠮᠠᠨ ᠵᠣᠷᠪᠣᠰ ᠲᠣᠭᠲᠠᠭᠠᠯ ᠵᠢᠴᠢ ᠲᠡᠭᠦᠨ ᠤ ᠬᠡᠷᠡᠭᠵᠢᠭᠦᠯᠬᠦ ᠨᠠᠷᠢᠨ ᠲᠦᠷᠢᠮ ᠤᠨ ᠵᠣᠷᠢᠭ ᠰᠠᠨᠠᠭ᠎ᠠ ᠵᠡᠷᠭᠡ ᠠᠭᠤᠯᠭ᠎ᠠ ᠶᠢ ᠭᠤᠣᠯᠳᠠᠯᠭ᠎ᠠ ᠲᠠᠢ | ᠰᠤᠷᠤᠯᠴᠠᠵᠤ᠂ ᠰᠣᠯᠢᠯᠴᠠᠭᠠᠨ ᠤ ᠭᠤᠭᠴᠤᠭ᠎ᠠ ᠳᠤ᠂ ᠨᠠᠮ ᠤᠨ ᠭᠡᠰᠢᠭᠦᠨ ᠺᠠᠳ᠋ᠷᠴᠤᠳ ᠲᠤᠰ ᠪᠡᠶ᠎ᠡ ᠶᠢᠨ ᠠᠵᠢᠯ ᠤᠨ ᠪᠣᠳᠠᠲᠤ ᠪᠠᠶᠢᠳᠠᠯ ᠲᠠᠢ ᠪᠠᠨ ᠤᠶᠠᠯᠳᠤᠭᠤᠯᠵᠤ᠂ | ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠬᠡᠷᠬᠢᠨ ᠲᠤᠤᠱᠯᠠᠭᠤᠯᠤᠨ ᠨᠠᠶᠢᠳᠠᠪᠤᠷᠢᠵᠢᠭᠤᠯᠬᠤ᠂ ︽ᠲᠦᠷᠪᠡᠨ ᠰᠤᠷᠲᠠᠯ︾ ᠢ ᠬᠤᠷᠢᠭᠯᠠᠬᠤ | ᠵᠡᠷᠭᠡ ᠠᠰᠠᠭᠤᠳᠠᠯ ᠤᠨ ᠲᠣᠭᠤᠷᠢᠨ ᠳᠤ ᠬᠥᠭᠵᠢᠶᠡᠨᠲᠡᠢ ᠶᠠᠷᠢᠯᠴᠠᠪᠠ᠃ ᠤᠯᠠᠨ ᠢᠶᠠᠷ ᠢᠶᠠᠨ᠂ ᠴᠠᠭ ᠢᠮᠠᠭᠲᠠ ᠲᠠᠷᠢᠬᠢ ᠲᠣᠯᠣᠭᠠᠢ ᠪᠠᠨ ᠰᠡᠷᠭᠡᠭ ᠪᠠᠶᠢᠯᠭᠠᠵᠤ᠂ | ᠮᠢᠨᠴᠦᠭᠦᠷᠡᠬᠦ ᠦᠵᠡᠯ ᠰᠠᠨᠠᠭ᠎ᠠ ᠪᠣᠯᠤᠨ ᠠᠵᠠ ᠵᠠᠪᠰᠢᠶᠠᠨ ᠢ ᠡᠷᠢᠬᠦ ᠪᠤᠳᠤᠯ ᠢ ᠡᠷᠡᠰ ᠲᠡᠪᠴᠢᠵᠦ᠂ ᠥᠪᠡᠷ ᠤᠨ ᠪᠡᠶ᠎ᠡ ᠠᠴᠠ ᠪᠠᠨ ᠡᠬᠢᠯᠡᠨ ᠬᠢᠵᠦ᠂ ᠪᠠᠭ᠎ᠠ | ᠶᠠᠪᠤᠳᠠᠯ ᠠᠴᠠ ᠡᠬᠢᠯᠡᠨ ᠬᠢᠵᠦ᠂ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ ᠰᠠᠨᠠᠭ᠎ᠠ ᠶᠢ ᠰᠡᠳᠬᠢᠯ ᠳᠡᠭᠡᠨ ᠰᠢᠩᠭᠡᠭᠡᠵᠦ᠂ ᠦᠢᠯᠡ ᠠᠵᠢᠯᠯᠠᠭ᠎ᠠ ᠳᠠᠭᠠᠨ | ᠰᠢᠩᠭᠡᠭᠡᠵᠦ᠂ ᠪᠣᠳᠠᠲᠤ ᠠᠵᠢᠯᠯᠠᠭ᠎ᠠ ᠪᠠᠷ ᠢᠶᠠᠨ ᠰᠤᠷᠲᠠᠯ ᠤᠨ ᠪᠠᠶᠢᠭᠤᠯᠤᠯᠲᠠ ᠶᠢᠨ ᠲᠠᠰᠤᠷᠠᠯᠲᠠ ᠦᠭᠡᠢ ᠰᠢᠨ᠎ᠡ ᠦᠷ᠎ᠡ ᠪᠦᠲᠦᠮᠵᠢ ᠤᠯᠬᠤ ᠶᠢ ᠠᠬᠢᠭᠤᠯᠤᠨ᠎ᠠ ᠭᠡᠵᠦ | ᠢᠯᠡᠳᠬᠡᠵᠡᠭᠡᠪᠡ᠃ | ᠲᠣᠰ ᠤᠳᠠᠭᠠᠨ ᠤ ᠨᠣᠮ ᠤᠩᠰᠢᠬᠤ ᠠᠩᠭᠢ ᠨᠢ ᠪᠥᠬᠦ ᠨᠠᠮ ᠤᠨ ᠭᠡᠰᠢᠭᠦᠨ ᠺᠠᠳ᠋ᠷᠴᠤᠳ ᠤᠨ ᠲᠥᠪ ᠤᠨ ᠨᠠᠢᠮᠠᠨ ᠵᠣᠷᠪᠣᠰ ᠲᠣᠭᠲᠠᠭᠠᠯ ᠤᠨ ᠵᠣᠷᠢᠭ | ᠰᠠᠨᠠᠭ᠎ᠠ ᠶᠢ ᠨᠠᠩ ᠭᠦᠨᠵᠡᠭᠡᠶ ᠤᠶᠢᠯᠠᠭᠠᠨ ᠲᠠᠨᠢᠭᠤᠯᠵᠤ᠂ ᠣᠯᠠᠨ ᠢᠶᠠᠷ ᠢᠶᠠᠨ ᠰᠤᠷᠲᠠᠯ ᠤᠨ ᠠᠰᠠᠭᠤᠳᠠᠯ ᠤᠨ ᠨᠠᠮ ᠤᠨ ᠦᠢᠯᠡᠰ᠂ ᠨᠠᠮ ᠪᠠ ᠣᠯᠠᠨ ᠲᠦᠮᠡᠨ ᠤ | ᠬᠠᠷᠢᠴᠠᠭᠠᠨ ᠳᠤ ᠦᠵᠡᠭᠦᠯᠬᠦ ᠨᠥᠯᠥᠭᠡ ᠶᠢ ᠭᠦᠨᠵᠡᠭᠡᠶ ᠣᠶᠢᠯᠠᠭᠠᠵᠤ᠂ ᠠᠷᠢᠭᠤᠨ ᠴᠢᠬᠡᠴᠢ ᠪᠠᠷ ᠪᠡᠶ᠎ᠡ ᠪᠠᠨ ᠪᠠᠷᠢᠬᠤ ᠤᠬᠠᠮᠰᠠᠷ ᠪᠠ ᠢᠯᠵᠠᠷᠠᠯ ᠢ ᠡᠰᠡᠷᠭᠦᠴᠡᠨ | ᠬᠤᠪᠢᠷᠠᠬᠤ ᠶᠢ ᠰᠡᠷᠭᠡᠶᠢᠯᠡᠬᠦ ᠴᠢᠳᠠᠪᠤᠷᠢ ᠪᠠᠨ ᠤᠯᠠᠮ ᠨᠢᠭᠡ ᠠᠯᠬᠤᠮ ᠴᠢᠩᠭᠠᠷᠠᠭᠤᠯᠪᠠ᠃ ᠲᠠᠷᠠᠭᠠᠴᠢ ᠶᠢᠨ ᠠᠯᠬᠤᠮ ᠳᠤ᠂ ᠬᠤᠰᠢᠭᠤᠨ ᠤ ᠬᠢᠨᠠᠨ ᠪᠤᠳᠤᠬᠤ | ᠲᠣᠪᠴᠢᠶ᠎ᠠ ᠰᠤᠷᠲᠠᠯ ᠤᠨ ᠪᠠᠶᠢᠭᠤᠯᠤᠯᠲᠠ ᠶᠢ ᠦᠷᠭᠦᠯᠵᠢᠯᠡᠨ ᠴᠢᠩᠭᠠᠳᠬᠠᠵᠤ᠂ ᠰᠤᠷᠤᠯᠴᠠᠯᠭ᠎ᠠ ᠶᠢᠨ ᠦᠷ᠎ᠡ ᠪᠦᠲᠦᠭᠡᠯ ᠢᠶᠠᠨ ᠠᠵᠢᠯ ᠤᠨ ᠬᠥᠳᠡᠯᠭᠡᠬᠦ ᠬᠦᠴᠦᠨ | ᠪᠣᠯᠭᠠᠨ ᠬᠤᠪᠢᠷᠠᠭᠤᠯᠵᠤ᠂ ᠨᠠᠩ ᠯᠠᠪᠳᠠᠭᠤᠨ ᠪᠠᠲᠤᠲᠠᠶ ᠰᠤᠷᠲᠠᠯ᠂ ᠨᠠᠩ ᠬᠦᠴᠦᠲᠡᠶ ᠠᠷᠭ᠎ᠠ ᠬᠡᠮᠵᠢᠶ᠎ᠡ ᠪᠠᠷ ᠡᠯ᠎ᠡ ᠵᠦᠢᠯ ᠤᠨ ᠠᠵᠢᠯ ᠤᠨ ᠳᠠᠬᠢᠨ ᠰᠢᠨ᠎ᠡ ᠳᠡᠭᠲᠡᠷ ᠲᠤ | ᠭᠠᠷᠬᠤ ᠶᠢ ᠠᠬᠢᠭᠤᠯᠤᠨ᠎ᠠ᠃ | | | |