ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠨᠡᠶᠢᠳᠡᠮ ᠬᠠᠷᠠᠭᠠᠯᠵᠠᠯ ᠤᠨ ᠠᠵᠢᠯ ᠤᠨ ᠲᠠᠩᠰᠠ ᠡᠪᠬᠡᠮᠡᠯ ᠢ ᠬᠠᠷᠢᠯᠴᠠᠨ ᠪᠠᠶᠢᠴᠠᠭᠠᠵᠤ ᠬᠠᠷᠢᠯᠴᠠᠨ ᠰᠤᠷᠤᠯᠴᠠᠬᠤ ᠠᠵᠢᠯ ᠥᠷᠨᠢᠭᠦᠯᠪᠡ
ᠨᠡᠶᠢᠲᠡᠯᠡᠭᠰᠡᠨ ᠴᠠᠭ᠄
2025/4/11
      4 ᠰᠠᠷ᠎ᠠ ᠶᠢᠨ 9 ᠤ ᠡᠳᠦᠷ ᠠᠴᠠ 10 ᠤ ᠡᠳᠦᠷ ᠪᠣᠯᠲᠠᠯ᠎ᠠ᠂ ᠬᠤᠰᠢᠭᠤᠨ ᠤ ᠰᠤᠷᠭᠠᠨ ᠬᠥᠮᠦᠵᠢᠯ ᠤᠨ ᠲᠣᠪᠴᠢᠶ᠎ᠠ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠬᠦ ᠨᠡᠶᠢᠳᠡᠮ ᠬᠠᠷᠠᠭᠠᠯᠵᠠᠯ ᠤᠨ ᠲᠠᠩᠰᠠ ᠡᠪᠬᠡᠮᠡᠯ ᠢ ᠬᠠᠷᠢᠯᠴᠠᠨ ᠪᠠᠶᠢᠴᠠᠭᠠᠵᠤ ᠬᠠᠷᠢᠯᠴᠠᠨ ᠰᠤᠷᠤᠯᠴᠠᠬᠤ ᠶᠢ ᠠᠬᠢᠭᠤᠯᠬᠤ ᠠᠵᠢᠯ ᠢ ᠥᠷᠨᠢᠭᠦᠯᠵᠦ᠂ ᠬᠤᠷᠠᠯ ᠢ ᠰᠤᠷᠭᠠᠨ ᠬᠥᠮᠦᠵᠢᠯ ᠤᠨ ᠲᠣᠪᠴᠢᠶ᠎ᠠ ᠶᠢᠨ ᠡᠯ᠎ᠡ ᠲᠠᠰᠤᠭ ᠤᠨ ᠲᠦᠭᠡᠮᠡᠯ ᠬᠠᠷᠠᠭᠠᠯᠵᠠᠯ ᠤᠨ ᠲᠠᠩᠰᠠ ᠡᠪᠬᠡᠮᠡᠯ ᠤᠨ ᠬᠠᠮᠢᠶ᠎ᠠ ᠪᠥᠬᠦᠶ ᠠᠵᠢᠯᠲᠠᠨ᠂ ᠬᠡᠤᠬᠡᠳ ᠤᠨ ᠴᠡᠴᠡᠷᠯᠢᠭ ᠤᠨ ᠳᠠᠷᠤᠭ᠎ᠠ᠂ ᠴᠡᠴᠡᠷᠯᠢᠭ ᠤᠨ ᠳᠡᠳ᠋ ᠳᠠᠷᠤᠭ᠎ᠠ᠂ ᠲᠠᠩᠰᠠ ᠡᠪᠬᠡᠮᠡᠯ ᠤᠨ ᠬᠠᠷᠢᠭᠤᠴᠠᠯᠭᠠᠲᠠᠨ ᠨᠠᠷ ᠣᠷᠣᠯᠴᠠᠵᠠᠶ᠃
4.11教育局.jpg
      ᠬᠠᠷᠢᠯᠴᠠᠨ ᠪᠠᠶᠢᠴᠠᠭᠠᠬᠤ ᠶᠠᠪᠤᠴᠠ ᠳᠤ᠂ ᠬᠤᠶᠠᠷ ᠬᠡᠤᠬᠡᠳ ᠤᠨ ᠴᠡᠴᠡᠷᠯᠢᠭ ᠨᠢ ᠠᠳᠠᠯᠢ ᠬᠦᠢᠴᠡᠳᠬᠡᠯ ᠲᠤᠭ᠎ᠠ ᠶᠢᠨ ᠲᠠᠩᠰᠠ ᠡᠪᠬᠡᠮᠡᠯ ᠢ ᠬᠠᠷᠢᠴᠠᠭᠤᠯᠬᠤ ᠪᠠᠷ ᠳᠡᠮᠵᠢᠨ᠂ ᠲᠤᠭ᠎ᠠ ᠪᠠᠷᠢᠮᠲᠠ᠂ ᠲᠡᠮᠳᠡᠭᠯᠡᠯ ᠠᠴᠠ ᠠᠵᠢᠯᠯᠠᠭ᠎ᠠ ᠶᠢ ᠤᠬᠠᠭᠠᠯᠠᠨ ᠰᠡᠳᠦᠬᠦ᠂ ᠬᠡᠷᠡᠭᠵᠢᠭᠦᠯᠬᠦ ᠶᠠᠪᠤᠴᠠ ᠪᠠ ᠦᠷ᠎ᠡ ᠪᠦᠲᠦᠮᠵᠢ ᠶᠢ ᠦᠨᠡᠯᠡᠨ ᠵᠢᠱᠢᠬᠦ᠂ ᠮᠠᠲ᠋ᠧᠷᠢᠶᠠᠯ ᠢ ᠨᠠᠩ ᠪᠠᠶᠠᠯᠢᠭ ᠪᠣᠯᠭᠠᠬᠤ ᠡᠰᠡᠬᠦ ᠵᠡᠷᠭᠡ ᠨᠠᠷᠢᠨ ᠠᠭᠤᠯᠭ᠎ᠠ ᠶᠢ ᠲᠡᠮᠳᠡᠭᠯᠡᠭᠰᠡᠨ ᠪᠠᠶᠢᠨ᠎ᠠ᠃ ᠬᠠᠷᠢᠴᠠᠭᠤᠯᠤᠯ ᠵᠶ᠋ᠠᠷ‌‍ᠲ᠋ᠠᠮᠵᠢᠨ᠂ ᠲᠦᠭᠡᠮᠡᠯ ᠬᠠᠷᠠᠭᠠᠯᠵᠠᠯ ᠤᠨ ᠲᠠᠩᠰᠠ ᠡᠪᠬᠡᠮᠡᠯ ᠤᠨ ᠪᠠᠶᠢᠭᠤᠯᠤᠯᠲᠠ ᠶᠢ ᠲᠦᠭᠡᠮᠡᠯᠵᠢᠭᠦᠯᠬᠦ ᠳᠠᠪᠰᠢᠯᠲᠠ ᠶᠢ ᠰᠢᠭᠤᠳ ᠳᠡᠯᠭᠡᠨ ᠦᠵᠡᠭᠦᠯᠵᠦ᠂ ᠲᠠᠩᠰᠠ ᠡᠪᠬᠡᠮᠡᠯ ᠤᠨ ᠬᠠᠮᠢᠶᠠᠷᠤᠯᠲᠠ ᠶᠢᠨ ᠵᠢᠷᠤᠮᠵᠢᠯᠳᠤ ᠴᠢᠨᠠᠷ ᠪᠠ ᠰᠢᠰᠲ᠋ᠧᠮᠲᠦ ᠴᠢᠨᠠᠷ ᠢ ᠨᠠᠩ ᠳᠡᠭᠡᠭᠰᠢᠯᠡᠭᠦᠯᠦᠨ᠂ ᠪᠦᠯᠬᠦᠮ ᠨᠡᠶᠢᠲᠡ ᠶᠢᠨ ᠪᠠᠶᠢᠭᠤᠯᠤᠯᠲᠠ ᠪᠠ ᠬᠠᠷᠢᠭᠤᠴᠠᠯᠭᠠᠲᠤ ᠤᠬᠠᠮᠰᠠᠷ ᠢ ᠴᠢᠩᠭᠠᠷᠠᠭᠤᠯᠬᠤ ᠳᠤ ᠬᠡᠤᠬᠡᠳ ᠤᠨ ᠴᠡᠴᠡᠷᠯᠢᠭ ᠤᠨ ᠵᠢᠷᠤᠮᠵᠢᠭᠰᠠᠨ ᠬᠠᠮᠢᠶᠠᠷᠤᠯᠲᠠ ᠪᠠ ᠠᠰᠠᠷᠠᠨ ᠬᠥᠮᠦᠵᠢᠭᠦᠯᠬᠦ ᠶᠠᠰᠤ ᠴᠢᠨᠠᠷ ᠢ ᠳᠡᠭᠡᠭᠰᠢᠯᠡᠭᠦᠯᠬᠦ ᠳᠤ ᠠᠰᠢᠭᠲᠠᠶ ᠪᠠᠶᠢᠬᠤ ᠪᠠᠷ ᠪᠠᠷᠠᠬᠤ ᠥᠬᠡᠶ᠂ ᠪᠠᠰᠠ ᠬᠡᠤᠬᠡᠳ ᠤᠨ ᠴᠡᠴᠡᠷᠯᠢᠭ ᠤᠨ ᠦᠷᠭᠦᠯᠵᠢᠯᠡᠨ ᠬᠥᠭᠵᠢᠬᠦ ᠳᠤ ᠪᠠᠲᠤ ᠪᠠᠬᠢ ᠰᠠᠭᠤᠷᠢ ᠶᠢ ᠬᠠᠩᠭᠠᠭᠰᠠᠨ ᠪᠠᠶᠢᠨ᠎ᠠ᠃ ᠬᠦᠴᠦᠨ ᠢᠶᠠᠨ ᠲᠥᠪᠯᠡᠷᠡᠭᠦᠯᠦᠨ ᠤᠷᠤᠭᠰᠢᠯᠠᠵᠤ ᠬᠤᠣᠰ ᠲᠦᠭᠡᠮᠡᠯ ᠵᠢᠯ ᠢ ᠤᠭᠲᠤᠨ᠂ ᠬᠠᠷᠢᠯᠴᠠᠨ ᠰᠤᠷᠤᠯᠴᠠᠵᠤ ᠬᠠᠮᠲᠤᠪᠠᠷ ᠦᠰᠦᠨ ᠪᠦᠵᠢᠬᠤ ᠶᠢ ᠠᠬᠢᠭᠤᠯᠬᠤ ᠬᠡᠷᠡᠭᠲᠡᠢ᠃ ᠭᠦᠢᠴᠡᠳᠬᠡᠬᠦ ᠲᠤᠭ᠎ᠠ ᠶᠢᠨ ᠡᠭᠦᠷᠭᠡ ᠶᠢ ᠴᠢᠩᠭ᠎ᠠ ᠠᠩᠬᠠᠷᠴᠤ᠂ ᠭᠤᠣᠯᠳᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠵᠦ᠂ ᠠᠵᠢᠯ ᠤᠨ ᠳᠤᠲᠠᠭᠤᠳᠠᠯ ᠢᠶᠠᠨ ᠨᠥᠬᠦᠪᠥᠷᠢᠯᠡᠵᠦ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠢ ᠲᠦᠭᠡᠮᠡᠯᠵᠢᠭᠦᠯᠵᠦ ᠨᠡᠶᠢᠳᠡᠮ ᠠᠰᠢᠭ ᠬᠦᠷᠲᠡᠭᠡᠬᠦ ᠠᠮᠤᠷ ᠲᠦᠪᠰᠢᠨ ᠴᠢᠨᠠᠷ ᠰᠠᠶᠢᠲᠠᠢ ᠬᠥᠭᠵᠢᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠰᠤᠷᠭᠠᠨ ᠬᠥᠮᠦᠵᠢᠯ ᠢᠶᠠᠷ ᠰᠢᠶᠠᠨ ᠢ ᠬᠦᠴᠦᠷᠬᠡᠭᠵᠢᠭᠦᠯᠬᠦ ᠶᠢ ᠲᠦᠷᠭᠡᠳᠬᠡᠨ ᠪᠠᠶᠢᠭᠤᠯᠵᠤ᠂ ᠠᠷᠠᠳ ᠲᠦᠮᠡᠨ ᠤ ᠰᠡᠳᠬᠢᠯ ᠬᠠᠨᠤᠮᠵᠢᠲᠠᠢ ᠰᠤᠷᠭᠠᠨ ᠬᠥᠮᠦᠵᠢᠯ ᠢ ᠰᠠᠶᠢᠲᠤᠷ ᠡᠷᠬᠢᠯᠡᠬᠦ ᠳᠤ ᠪᠠᠲᠤ ᠪᠠᠬᠢ ᠰᠠᠭᠤᠷᠢ ᠶᠢ ᠲᠠᠯᠪᠢᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ