ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠ ᠤᠨ ᠲᠢᠩᠬᠢᠮ ᠤᠨ ᠮᠡᠳᠡᠭᠡ ᠶᠢ ᠦᠨᠳᠦᠰᠦᠯᠡᠪᠡᠯ᠂ ᠨᠢᠭᠡᠳᠦᠭᠡᠷ ᠤᠯᠠᠷᠢᠯ ᠳᠤ ᠮᠠᠨ ᠤ ᠤᠷᠤᠨ ᠤ | ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠦ ᠭᠠᠷᠭᠠᠯᠳᠠ 1684 ᠳᠤ ᠭᠦᠷᠴᠤ᠂ ᠠᠳᠠᠯᠢ ᠬᠤᠭᠤᠴᠠᠭᠠᠨ ᠤ ᠬᠢ ᠠᠴᠠ 27.28% ᠪᠠᠷ ᠨᠡᠮᠡᠭᠳᠡᠵᠦ᠂ ᠰᠠᠶᠢᠨ | ᠡᠬᠢᠯᠡᠯᠲᠡ ᠲᠠᠢ ᠪᠣᠯᠪᠠ᠃ | 2024 ᠣᠨ ᠤ 4 ᠰᠠᠷ᠎ᠠ ᠠᠴᠠ ᠨᠠᠭᠠᠰᠢ᠂ ᠬᠤᠳᠠᠯᠳᠤᠭᠠᠨ ᠤ ᠶᠠᠪᠤᠳᠠᠯ ᠤᠨ ᠶᠠᠮᠤᠨ ᠵᠡᠷᠭᠡ 5 ᠶᠠᠮᠤᠨ ᠵᠥᠪᠯᠡᠯ ᠮᠡᠳᠡᠭᠳᠡᠯ ᠳᠠᠷᠤᠮᠠᠯᠯᠠᠨ ᠲᠠᠷᠬᠠᠭᠠᠵᠤ᠂ ᠪᠥᠬᠦ | ᠤᠯᠤᠰ ᠤᠨ ᠬᠡᠪᠴᠢᠶᠡᠨ ᠳᠤ ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠲᠤᠬᠠᠢᠢᠯᠠᠭᠰᠠᠨ ᠠᠵᠢᠯ ᠥᠷᠨᠢᠭᠦᠯᠬᠦ ᠪᠠᠷ ᠲᠣᠭᠲᠠᠪᠠ᠃ ᠮᠠᠨ ᠤ | ᠤᠷᠤᠨ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ ᠠᠵᠢᠯ ᠢ ᠴᠢᠩᠭ᠎ᠠ ᠠᠳᠬᠤᠵᠤ᠂ ︽ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ | ᠭᠠᠷᠭᠠᠯᠲᠠ ᠶᠢᠨ ᠲᠦᠷᠭᠡᠨ ᠬᠥᠭᠵᠢᠯᠲᠡ ᠶᠢ ᠠᠬᠢᠭᠤᠯᠬᠤ ᠲᠤᠬᠠᠶ ᠰᠠᠨᠠᠯ ᠤᠳ︾ ᠢ ᠳᠠᠷᠤᠮᠠᠯᠯᠠᠨ ᠲᠠᠷᠬᠠᠭᠠᠬᠤ᠂ ᠪᠡᠭᠡᠵᠢᠩ ᠲᠢᠶᠠᠨᠵᠢᠨ ᠾᠧᠪᠧᠶ ᠵᠡᠷᠬᠡ ᠭᠠᠵᠠᠷ | ᠣᠷᠣᠨ ᠯᠤᠭ᠎ᠠ ᠢᠳᠡᠪᠬᠢᠲᠡᠶ ᠵᠣᠯᠭᠠᠭᠤᠯᠤᠨ ᠬᠠᠮᠲᠤᠷᠠᠯᠴᠠᠭ᠎ᠠ ᠥᠷᠨᠢᠭᠦᠯᠬᠦ ᠵᠡᠷᠭᠡ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠭᠠᠷ ᠳᠠᠮᠵᠢᠭᠰᠠᠨ ᠮᠠᠰᠢᠨ ᠲᠡᠷᠭᠡᠨ ᠤ | ᠭᠠᠳᠠᠭᠠᠳᠤ ᠭᠠᠷᠭᠠᠯᠲᠠ ᠶᠢᠨ ᠬᠡᠪᠴᠢᠶ᠎ᠡ ᠶᠢ ᠲᠠᠰᠤᠷᠠᠯᠲᠠ ᠥᠬᠡᠶ ᠥᠷᠭᠡᠳᠬᠡᠪᠡ᠃ | 2025 ᠣᠨ ᠤ 3 ᠰᠠᠷ᠎ᠠ ᠶᠢᠨ ᠰᠡᠭᠦᠯᠴᠢ ᠪᠣᠯᠲᠠᠯ᠎ᠠ᠂ ᠥᠪᠥᠷ ᠮᠣᠩᠭᠤᠯ ᠤᠨ 11 ᠠᠶᠢᠮᠠᠭ ᠬᠤᠲᠠ ᠶᠢᠨ 67 ᠠᠵᠤ ᠠᠬᠤᠢᠢᠯᠠᠯ ᠨᠢᠭᠡᠨᠲᠡ ᠭᠠᠷ | ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠬᠤ ᠪᠠᠷ ᠳᠠᠩᠰᠠᠯᠠᠭᠤᠯᠬᠤ ᠬᠢᠷᠢ ᠬᠡᠮ ᠢ ᠤᠯᠪᠠ᠃ ᠬᠠᠶᠢᠯᠠᠷ ᠬᠤᠲᠠ᠂ ᠮᠠᠨᠵᠤᠤᠷ ᠬᠤᠲᠠ᠂ ᠡᠷᠢᠶᠡᠨ | ᠬᠤᠲᠠ ᠶᠢᠨ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠶᠢᠨ 3 ᠰᠠᠭᠤᠷᠢᠨ ᠢ ᠪᠠᠶᠢᠭᠤᠯᠵᠤ᠂ ᠰᠠᠭᠤᠷᠢᠨ ᠨᠢ ᠭᠠᠷ ᠳᠠᠮᠵᠢᠭᠰᠠᠨ ᠮᠠᠰᠢᠨ ᠲᠡᠷᠭᠡ ᠶᠢ | ᠳᠡᠯᠭᠡᠨ ᠦᠵᠡᠭᠦᠯᠵᠦ ᠠᠷᠠᠯᠵᠢᠶᠠᠯᠠᠬᠤ᠂ ᠰᠡᠯᠪᠢᠨ ᠵᠠᠰᠠᠵᠤ ᠴᠡᠭᠴᠡᠯᠡᠨ ᠪᠡᠯᠡᠳᠬᠡᠬᠦ᠂ ᠪᠠᠶᠢᠴᠠᠭᠠᠨ ᠬᠡᠮᠵᠢᠵᠦ ᠭᠡᠷᠡᠴᠢᠯᠡᠬᠦ᠂ ᠪᠣᠭᠤᠮᠲᠠ ᠪᠠᠷ ᠮᠡᠳᠡᠭᠦᠯᠵᠦ ᠭᠠᠳᠠᠭᠠᠳᠤ ᠳᠤ | ᠭᠠᠷᠭᠠᠬᠤ᠂ ᠬᠥᠮᠥᠷᠭᠡᠯᠡᠨ ᠬᠠᠳᠠᠭᠠᠯᠠᠬᠤ ᠪᠠᠷᠠᠭ᠎ᠠ ᠶᠢᠨ ᠭᠦᠢᠯᠭᠡᠭᠡ ᠵᠡᠷᠭᠡ ᠶᠡᠷᠦᠩᠬᠡᠶᠢᠯᠡᠭᠰᠡᠨ ᠴᠢᠳᠠᠮᠵᠢ ᠲᠠᠢ ᠪᠠᠶᠢᠬᠤ ᠪᠤᠯᠵᠠᠢ᠃ | ᠥᠪᠡᠷᠲᠡᠭᠡᠨ ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ ᠤᠨ ᠲᠢᠩᠬᠢᠮ ᠤᠨ ᠭᠠᠳᠠᠭᠠᠳᠤ ᠠᠷᠠᠯᠵᠢᠶᠠᠨ ᠤ ᠭᠠᠵᠠᠷ ᠤᠨ ᠳᠠᠷᠤᠭ᠎ᠠ ᠳ᠋ᠢᠩ ᠰᠢᠶᠤᠤ ᠯᠦᠩ | ᠢᠯᠡᠷᠬᠡᠶᠢᠯᠡᠬᠦ ᠳᠡᠭᠡᠨ᠂ ᠭᠠᠷ ᠳᠠᠮᠵᠢᠭᠰᠠᠨ ᠮᠠᠰᠢᠨ ᠲᠡᠷᠭᠡᠨ ᠤ ᠭᠠᠳᠠᠭᠠᠳᠤ ᠭᠠᠷᠭᠠᠯᠲᠠ ᠨᠢ ᠭᠠᠳᠠᠭᠠᠳᠤ ᠠᠷᠠᠯᠵᠢᠶᠠᠨ ᠤ ᠰᠢᠨ᠎ᠡ ᠨᠡᠮᠡᠭᠳᠡᠯ ᠤᠨ ᠴᠡᠭ ᠪᠣᠯᠤᠭᠰᠠᠨ ᠤ | ᠬᠤᠪᠢ ᠳᠤ᠂ ᠬᠡᠪᠴᠢᠶ᠎ᠡ ᠶᠢ ᠲᠣᠭᠲᠠᠪᠤᠷᠢᠵᠢᠭᠤᠯᠬᠤ᠂ ᠪᠦᠲᠦᠴᠡ ᠶᠢ ᠰᠢᠯᠢᠳᠡᠭᠵᠢᠭᠦᠯᠬᠦ ᠳᠤᠮᠳᠠ ᠢᠳᠡᠪᠬᠢᠲᠡᠶ ᠦᠢᠯᠡᠳᠦᠯ ᠦᠵᠡᠭᠦᠯᠪᠡ᠃ 2025 ᠣᠨ ᠳᠤ | ᠬᠠᠶᠢᠯᠠᠷ ᠬᠤᠲᠠ᠂ ᠡᠷᠢᠶᠡᠨ ᠬᠤᠲᠠ ᠵᠡᠷᠭᠡ 2 ᠰᠠᠭᠤᠷᠢᠨ ᠢᠶᠠᠷ ᠳᠡᠮᠵᠢᠨ ᠣᠷᠣᠰ᠂ ᠮᠣᠩᠭᠤᠯ ᠤᠯᠤᠰ ᠲᠤ ᠬᠠᠨᠳᠤᠭᠤᠯᠤᠭᠰᠠᠨ ᠰᠦᠯᠵᠢᠶᠡᠨ ᠳᠡᠭᠡᠷᠡᠬᠢ | ᠠᠷᠠᠯᠵᠢᠶᠠᠨ ᠤ ᠲᠠᠪᠴᠠᠩ ᠢ ᠨᠡᠪᠲᠡᠷᠡᠭᠦᠯᠵᠦ᠂ ᠪᠥᠬᠦ ᠵᠢᠯ ᠳᠤ 10000 ᠭᠠᠷ ᠳᠠᠮᠵᠢᠭᠰᠠᠨ ᠮᠠᠰᠢᠨ ᠲᠡᠷᠭᠡ ᠶᠢ ᠭᠠᠳᠠᠭᠠᠳᠤ ᠳᠤ ᠭᠠᠷᠭᠠᠵᠤ᠂ ᠠᠷᠠᠯᠵᠢᠶᠠᠨ ᠤ | ᠲᠤᠭ᠎ᠠ ᠶᠢ 10 ᠳ᠋ᠦᠩᠰᠢᠭᠤᠷ ᠲᠥᠭᠦᠷᠢᠭ ᠲᠤ ᠬᠦᠷᠦᠭᠦᠯᠬᠦ ᠪᠠᠷ ᠲᠥᠯᠥᠪᠯᠡᠵᠦ ᠪᠣᠶ᠃ |