ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡ ᠭᠠᠷᠠᠭ ᠤᠨ ᠵᠠᠰᠠᠭ ᠤᠨ ᠶᠠᠪᠤᠳᠠᠯ ︵2025.4.7 — 2025.4.13︶
ᠨᠡᠶᠢᠲᠡᠯᠡᠭᠰᠡᠨ ᠴᠠᠭ᠄
2025/4/14
      ︽ᠰᠢᠨ᠎ᠡ ᠪᠠᠷᠭᠤ ᠪᠠᠷᠠᠭᠤᠨ ᠬᠤᠰᠢᠭᠤᠨ ᠤ ᠨᠢᠭᠡ ᠭᠠᠷᠠᠭ ᠤᠨ ᠵᠠᠰᠠᠭ ᠤᠨ ᠶᠠᠪᠤᠳᠠᠯ︾ ᠪᠣᠯᠤᠩ ᠨᠢ ᠬᠤᠰᠢᠭᠤᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠤᠳᠤᠷᠢᠳᠤᠯᠭ᠎ᠠ ᠨᠠᠷ ᠤᠨ ᠭᠠᠷᠠᠭ ᠪᠦᠷᠢ ᠶᠢᠨ ᠵᠠᠰᠠᠭ ᠤᠨ ᠶᠠᠪᠤᠳᠠᠯ ᠤᠨ ᠠᠵᠢᠯᠯᠠᠭ᠎ᠠ᠂ ᠤᠯᠤᠰ᠂ ᠦᠪᠡᠷᠲᠡᠭᠡᠨ ᠵᠠᠰᠠᠬᠤ ᠣᠷᠣᠨ ᠪᠠ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠨᠡᠶᠢᠲᠡᠯᠡᠭᠰᠡᠨ ᠲᠦᠷᠥ ᠶᠢᠨ ᠪᠣᠳᠣᠯᠭ᠎ᠠ ᠬᠢᠭᠡᠳ ᠲᠡᠭᠦᠨ ᠤ ᠲᠠᠶᠢᠯᠤᠮᠵᠢ ᠶᠢ ᠡᠮᠬᠢᠯᠡᠨ ᠲᠢᠭᠯᠡᠵᠦ᠂ ᠨᠢᠭᠡ ᠭᠠᠷᠠᠭ ᠤᠨ ᠵᠠᠰᠠᠭ ᠤᠨ ᠰᠢᠨ᠎ᠡ ᠶᠠᠪᠤᠳᠠᠯ ᠢ ᠲᠣᠪᠴᠢᠬᠠᠨ ᠣᠶᠢᠯᠠᠭᠠᠭᠤᠯᠬᠤ ᠪᠣᠯᠣᠨ᠎ᠠ᠃      ᠪᠦᠬᠡᠪᠠᠶᠠᠷ ᠰᠢᠨ᠎ᠡ ᠪᠠᠷᠭᠤ ᠪᠠᠷᠠᠭᠤᠨ ᠬᠤᠰᠢᠭᠤᠨ ᠤ ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠰᠲ᠋ᠧᠮ ᠲᠠᠢ ᠰᠢᠢᠳᠪᠦᠷᠢᠯᠡᠵᠦ ᠤᠯᠠᠮᠵᠢᠯᠠᠯᠲᠤ ᠮᠠᠯ ᠠᠵᠤ ᠠᠬᠤᠢ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ ᠠᠵᠢᠯ ᠤᠨ ᠵᠢᠯᠣᠭᠤᠳᠬᠤ ᠭᠠᠵᠠᠷ ᠤᠨ ᠲᠣᠬᠢᠷᠠᠭᠤᠯᠤᠯᠲᠠ ᠶᠢᠨ ᠬᠤᠷᠠᠯ ᠢ ᠡᠷᠭᠢᠯᠡᠨ ᠬᠤᠷᠠᠯᠳᠤᠭᠤᠯᠪᠠ      ᠬᠤᠷᠠᠯ ᠢ 4 ᠰᠠᠷ᠎ᠠ ᠶᠢᠨ 8 ᠤ ᠡᠳᠦᠷ ᠬᠤᠷᠠᠯᠳᠤᠭᠤᠯᠵᠤ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠷᠠᠯ ᠡᠷᠬᠢᠯᠡᠪᠡ᠃ ᠡᠯ᠎ᠡ ᠰᠤᠮᠤ ᠪᠠᠯᠭᠠᠰᠤ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠲᠤᠷᠰᠢᠯᠲᠠ ᠶᠢᠨ ᠴᠡᠭ ᠤᠨ ᠠᠵᠢᠯ ᠢ ᠥᠷᠨᠢᠭᠦᠯᠦᠭᠰᠡᠨ ᠪᠠᠶᠢᠳᠠᠯ ᠢᠶᠠᠨ ᠬᠠᠷᠢᠭᠤ ᠮᠡᠳᠡᠭᠦᠯᠵᠦ᠂ ᠡᠯ᠎ᠡ ᠬᠤᠯᠪᠣᠭᠳᠠᠯ ᠪᠥᠬᠦᠶ ᠰᠠᠯᠠᠭ᠎ᠠ ᠮᠥᠴᠢᠷ ᠤᠳ ᠬᠥᠯᠥᠨ ᠪᠤᠶᠢᠷ ᠬᠤᠲᠠ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ 12 ᠳᠠᠭᠠᠯᠲᠠ ᠲᠥᠰᠦᠯ ᠢ ᠨᠠᠶᠢᠳᠠᠪᠤᠷᠢᠵᠢᠭᠤᠯᠤᠭᠰᠠᠨ ᠪᠠᠶᠢᠳᠠᠯ ᠢᠶᠠᠨ ᠬᠠᠷᠢᠭᠤ ᠮᠡᠳᠡᠭᠦᠯᠪᠡ᠃      ᠪᠥᠬᠦ ᠬᠤᠰᠢᠭᠤᠨ ᠤ ᠪᠡᠯᠴᠢᠭᠡᠷ ᠤᠨ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢ ᠤᠷᠲᠤᠳᠬᠠᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠵᠢᠴᠢ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠪᠠ      4 ᠰᠠᠷ᠎ᠠ ᠶᠢᠨ 8 ᠤ ᠡᠳᠦᠷ᠂ ᠮᠠᠨ ᠤ ᠬᠤᠰᠢᠭᠤ ᠪᠡᠯᠴᠢᠭᠡᠷ ᠤᠨ ᠬᠤᠶᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠳᠠᠭᠠᠭᠠᠴᠢᠯᠠᠯᠲᠠ ᠶᠢ ᠤᠷᠲᠤᠳᠬᠠᠨ ᠪᠠᠶᠢᠳᠠᠯ ᠢ ᠣᠶᠢᠯᠠᠭᠠᠵᠤ ᠵᠢᠭᠰᠠᠭᠠᠨ ᠪᠠᠶᠢᠴᠠᠭᠠᠬᠤ ᠠᠵᠢᠯ ᠵᠢᠴᠢ ᠣᠶ ᠰᠢᠭᠤᠶ ᠨᠤᠲᠤᠭ ᠪᠡᠯᠴᠢᠭᠡᠷ ᠢ ᠡᠪᠳᠡᠬᠦ ᠬᠠᠤᠯᠢ ᠲᠣᠭᠲᠠᠭᠠᠯ ᠠᠴᠠ ᠵᠥᠷᠢᠴᠡᠭᠰᠡᠨ ᠦᠢᠯᠡ ᠠᠵᠢᠯᠯᠠᠭ᠎ᠠ ᠶᠢ ᠲᠥᠪᠯᠡᠷᠡᠭᠦᠯᠦᠨ ᠴᠡᠭᠴᠡᠯᠡᠨ ᠵᠠᠰᠠᠬᠤ ᠠᠵᠢᠯ ᠤᠨ ᠲᠣᠬᠢᠷᠠᠭᠤᠯᠤᠯᠲᠠ ᠶᠢᠨ ᠬᠤᠷᠠᠯ ᠬᠤᠷᠠᠯᠳᠤᠭᠤᠯᠪᠠ᠃ ᠬᠤᠰᠢᠭᠤᠨ ᠤ ᠵᠠᠰᠠᠭ ᠤᠨ ᠣᠷᠳᠣᠨ ᠤ ᠳᠡᠳ᠋ ᠳᠠᠷᠤᠭ᠎ᠠ ᠬᠠᠨ ᠶᠦᠩ ᠯᠢ ᠬᠤᠷᠠᠯ ᠳᠤ ᠣᠷᠣᠯᠴᠠᠪᠠ᠃ ᠬᠤᠷᠠᠯ ᠠᠴᠠ ᠳᠡᠭᠡᠳᠦ ᠱᠠᠲᠤᠨ ᠤ ᠬᠤᠯᠪᠣᠭᠳᠠᠯ ᠪᠥᠬᠦᠶ ᠪᠢᠴᠢᠭ ᠮᠠᠲ᠋ᠧᠷᠢᠶᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ᠡᠯ᠎ᠡ ᠰᠤᠮᠤ ᠪᠠᠯᠭᠠᠰᠤᠨ ᠤ ᠬᠠᠮᠢᠶ᠎ᠠ ᠪᠥᠬᠦᠶ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠣᠶᠢᠷ᠎ᠠ ᠶᠢᠨ ᠬᠤᠭᠤᠴᠠᠭᠠᠨ ᠤ ᠭᠤᠤᠯᠳᠠᠯᠭ᠎ᠠ ᠲᠠᠢ ᠠᠵᠢᠯ ᠢ ᠳᠣᠭᠢᠷᠠᠭᠤᠯᠤᠨ ᠪᠠᠶᠢᠷᠢᠯᠠᠭᠤᠯᠪᠠ᠃      ᠪᠦᠬᠡᠪᠠᠶᠠᠷ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ ᠠᠵᠢᠯ ᠢ ᠪᠠᠶᠢᠴᠠᠭᠠᠨ ᠰᠤᠳᠤᠯᠪᠠ      ᠬᠤᠰᠢᠭᠤᠨ ᠤ ᠨᠠᠮ ᠤᠨ ᠬᠤᠷᠢᠶᠠᠨ ᠤ ᠰᠤᠷᠭᠠᠨ ᠬᠥᠮᠦᠵᠢᠯ ᠤᠨ ᠠᠵᠢᠯ ᠤᠨ ᠤᠳᠤᠷᠢᠳᠬᠤ ᠳᠤᠭᠤᠶᠢᠯᠠᠩ ᠤᠨ ᠭᠡᠰᠢᠭᠦᠳ ᠤᠨ ᠳᠤᠮᠳᠠᠳᠤ ᠪᠠᠭ᠎ᠠ ᠰᠤᠷᠭᠠᠭᠤᠯᠢ ᠶᠢ ᠳᠠᠭᠠᠭᠠᠴᠢᠯᠠᠨ ᠬᠤᠯᠪᠣᠭᠠᠯᠠᠬᠤ ᠠᠵᠢᠯ ᠤᠨ ᠲᠣᠭᠲᠠᠴᠠ ᠶᠢᠨ ᠲᠣᠬᠢᠷᠠᠭᠤᠯᠤᠯᠲᠠ ᠶᠣᠰᠣᠭᠠᠷ᠂ 4 ᠰᠠᠷ᠎ᠠ ᠶᠢᠨ 9 ᠤ ᠡᠳᠦᠷ᠂ ᠬᠥᠯᠥᠨ ᠪᠤᠶᠢᠷ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ᠂ ᠬᠤᠰᠢᠭᠤᠨ ᠤ ᠨᠠᠮ ᠤᠨ ᠬᠤᠷᠢᠶᠠᠨ ᠤ ᠱᠦᠵᠢ ᠪᠦᠬᠡᠪᠠᠶᠠᠷ ᠬᠤᠰᠢᠭᠤᠨ ᠤ ᠨᠢᠭᠡᠳᠦᠭᠡᠷ ᠪᠠᠭ᠎ᠠ ᠰᠤᠷᠭᠠᠭᠤᠯᠢ᠂ ᠨᠢᠭᠡᠳᠦᠭᠡᠷ ᠳᠤᠮᠳᠠᠳᠤ ᠰᠤᠷᠭᠠᠭᠤᠯᠢ ᠳᠤ ᠭᠦᠨᠵᠡᠭᠡᠶᠢᠷᠡᠵᠦ᠂ ᠤᠯᠤᠰ ᠤᠨ ᠨᠢᠭᠡᠳᠦᠯᠲᠡᠶ ᠨᠠᠶᠢᠷᠠᠭᠤᠯᠤᠭᠰᠠᠨ ᠵᠢᠭᠠᠬᠤ ᠮᠠᠲ᠋ᠧᠷᠢᠶᠠᠯ ᠢ ᠳᠡᠯᠭᠡᠷᠡᠭᠦᠯᠦᠨ ᠬᠡᠷᠡᠭᠯᠡᠬᠦ᠂ ᠠᠯᠪᠠᠨ ᠵᠢᠷᠤᠮ ᠤᠨ ᠰᠤᠷᠭᠠᠨ ᠬᠥᠮᠦᠵᠢᠯ ᠤᠨ ᠴᠢᠨᠠᠷ ᠰᠠᠶᠢᠲᠠᠶ ᠲᠡᠩᠴᠡᠭᠦᠷᠢᠲᠡᠶ ᠬᠥᠭᠵᠢᠯᠲᠡ ᠶᠢ ᠪᠠᠬᠢᠵᠢᠭᠦᠯᠦᠨ ᠳᠡᠭᠡᠭᠰᠢᠯᠡᠭᠦᠯᠬᠦ ᠵᠡᠷᠭᠡ ᠠᠵᠢᠯ ᠢ ᠲᠤᠬᠠᠶ ᠶᠢᠨ ᠭᠠᠵᠠᠷ ᠲᠤᠨᠢ ᠪᠠᠶᠢᠴᠠᠭᠠᠨ ᠰᠤᠳᠤᠯᠪᠠ᠃ ᠬᠤᠰᠢᠭᠤᠨ ᠤ ᠤᠳᠤᠷᠢᠳᠤᠯᠭ᠎ᠠ ᠦ᠋ ᠮᠢᠩ ᠡᠾᠦ᠋ᠢ᠂ ᠵᠧᠦ ᠬᠠᠢ ᠯᠢᠩ ᠪᠠᠷ᠎ᠠ ᠪᠣᠯᠣᠯᠴᠠᠪᠠ᠃      4 ᠰᠠᠷ᠎ᠠ ᠶᠢᠨ 10 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤ 2025 ᠣᠨ ᠤ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠠᠵᠢᠯ ᠢ ᠪᠦᠬᠦ ᠲᠠᠯ᠎ᠠ ᠪᠠᠷ ᠡᠬᠢᠯᠡᠭᠦᠯᠪᠡ︕      4 ᠰᠠᠷ᠎ᠠ ᠶᠢᠨ 10 ᠤ ᠡᠳᠦᠷ᠂ ᠰᠢᠨ᠎ᠡ ᠪᠠᠷᠭᠤ ᠪᠠᠷᠠᠭᠤᠨ ᠬᠤᠰᠢᠭᠤᠨ ᠤ 2025 ᠣᠨ ᠤ ᠬᠠᠪᠤᠷ ᠤᠨ ᠤᠯᠠᠷᠢᠯ ᠤᠨ ᠰᠡᠯᠭᠦᠨ ᠮᠠᠯᠵᠢᠬᠤ ᠠᠵᠢᠯ ᠪᠦᠬᠦ ᠲᠠᠯ᠎ᠠ ᠪᠠᠷ ᠡᠬᠢᠯᠡᠬᠦ ᠪᠣᠯᠣᠨ᠎ᠠ᠃ ᠲᠤᠰ ᠤᠳᠠᠭ᠎ᠠ ᠶᠢᠨ ᠰᠡᠯᠭᠦᠨ ᠮᠠᠯᠵᠢᠬᠤ ᠠᠵᠢᠯ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠨᠤᠲᠤᠭ ᠪᠡᠯᠴᠢᠭᠡᠷ ᠤᠨ ᠬᠠᠤᠯᠢ︾ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠮᠠᠯ ᠪᠡᠯᠴᠢᠭᠡᠷ ᠢ ᠲᠡᠩᠴᠡᠭᠦᠷᠢ ᠲᠠᠢ ᠪᠠᠶᠢᠯᠭᠠᠬᠤ ᠪᠠ ᠪᠡᠯᠴᠢᠭᠡᠷᠯᠡᠭᠦᠯᠬᠦ ᠶᠢ ᠵᠣᠭᠰᠣᠭᠠᠵᠤ ᠰᠡᠯᠭᠦᠨ ᠮᠠᠯᠵᠢᠬᠤ ᠲᠦᠷᠢᠮ︾ ᠵᠢᠴᠢ ︽ᠬᠥᠯᠥᠨ ᠪᠤᠶᠢᠷ ᠬᠤᠲᠠ ᠶᠢᠨ ᠭᠤᠷᠪᠠᠳᠤᠭᠠᠷ ᠡᠭᠡᠯᠵᠢ ᠶᠢᠨ ᠨᠤᠲᠤᠭ ᠪᠡᠯᠴᠢᠭᠡᠷ ᠤᠨ ᠠᠮᠢ ᠠᠬᠤᠶ ᠶᠢᠨ ᠬᠠᠮᠠᠭᠠᠯᠠᠯᠲᠠ ᠶᠢᠨ ᠨᠥᠬᠦᠪᠥᠷᠢ ᠱᠠᠩᠨᠠᠯ ᠤᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠬᠦ ᠲᠥᠰᠦᠯ︾ ᠵᠡᠷᠭᠡ ᠬᠠᠤᠯᠢ ᠴᠠᠭᠠᠵᠠ ᠳᠦᠷᠢᠮ ᠲᠣᠭᠲᠠᠭᠠᠯ ᠢ ᠦᠨᠳᠦᠰᠦᠯᠡᠨ᠂ ᠡᠮᠬᠢ ᠵᠢᠷᠤᠮ  ᠲᠠᠢ ᠡᠬᠢᠯᠡᠬᠦ ᠪᠣᠯᠣᠨ᠎ᠠ᠃ 2025 ᠣᠨ ᠤ 4 ᠰᠠᠷ᠎ᠠ ᠶᠢᠨ 10 ᠤ ᠡᠳᠦᠷ ᠠᠴᠠ 5 ᠰᠠᠷ᠎ᠠ ᠶᠢᠨ 25 ᠤ ᠡᠳᠦᠷ ᠪᠣᠯᠲᠠᠯ᠎ᠠ᠂ ᠰᠢᠨ᠎ᠡ ᠪᠠᠷᠭᠤ ᠪᠠᠷᠠᠭᠤᠨ ᠬᠤᠰᠢᠭᠤ 45 ᠡᠳᠦᠷ ᠤᠨ ᠬᠤᠭᠤᠴᠠᠭ᠎ᠠ ᠲᠠᠢ ᠬᠠᠪᠤᠷ ᠤᠨ ᠤᠯᠠᠷᠢᠯ ᠤᠨ ᠪᠡᠯᠴᠢᠭᠡᠷ ᠰᠡᠷᠭᠦᠭᠡᠬᠦ ᠬᠤᠭᠤᠴᠠᠭᠠᠨ ᠳᠠᠬᠢ ᠰᠡᠯᠭᠦᠨ ᠮᠠᠯᠵᠢᠬᠤ ᠠᠵᠢᠯ ᠦᠷᠨᠢᠭᠦᠯᠬᠦ ᠪᠠᠷ ᠲᠣᠭᠲᠠᠵᠤ᠂ ᠨᠤᠲᠤᠭ ᠪᠡᠯᠴᠢᠭᠡᠷ ᠢ ᠬᠠᠤᠯᠢ ᠶᠣᠰᠣᠭᠠᠷ ᠬᠠᠮᠠᠭᠠᠯᠠᠨ᠂ ᠠᠮᠢ ᠠᠬᠤᠶ ᠶᠢᠨ ᠠᠮᠤᠷ ᠲᠦᠪᠰᠢᠨ ᠢ ᠬᠠᠮᠠᠭᠠᠯᠠᠵᠤ᠂ ᠨᠤᠲᠤᠭ ᠪᠡᠯᠴᠢᠭᠡᠷ ᠤᠨ ᠡᠬᠢ ᠪᠠᠶᠠᠯᠢᠭ ᠢ ᠦᠷᠭᠦᠯᠵᠢᠯᠡᠨ ᠠᠰᠢᠭᠯᠠᠬᠤ ᠶᠢ ᠪᠡᠶᠡᠯᠡᠭᠦᠯᠬᠦ ᠶᠢᠨ ᠲᠥᠯᠥᠭᠡ ᠶᠤᠮ᠃ 
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ