ᠰᠢᠨ᠎ᠡ ᠪᠠᠷᠭᠤ ᠪᠠᠷᠠᠭᠤᠨ ᠬᠤᠰᠢᠭᠤ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠮᠡᠷᠭᠡᠵᠢᠯ ᠰᠣᠶᠣᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠡᠮᠬᠢ ᠵᠢᠷᠤᠮ ᠲᠠᠢ ᠠᠬᠢᠭᠤᠯᠵᠤ ᠪᠠᠶᠢᠨ᠎ᠠ
ᠨᠡᠶᠢᠲᠡᠯᠡᠭᠰᠡᠨ ᠴᠠᠭ᠄
2025/4/14
      2025 ᠣᠨ ᠤ ᠨᠢᠭᠡᠳᠦᠭᠡᠷ ᠤᠯᠠᠷᠢᠯ ᠳᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠥᠬᠦ ᠬᠤᠰᠢᠭᠤᠨ ᠤ ᠠᠵᠢᠯ ᠤᠨ ᠶᠡᠭᠡ ᠲᠠᠯ᠎ᠠ ᠶᠢᠨ ᠲᠣᠭᠤᠷᠢᠨ ᠳᠤ᠂ ᠠᠯᠤᠰ ᠬᠡᠲᠦ ᠶᠢᠨ ᠴᠢᠨᠠᠷᠲᠠᠶ ᠲᠥᠯᠥᠪᠵᠢᠭᠦᠯᠭᠡ ᠪᠠ ᠯᠠᠪᠳᠠᠭᠤᠨ ᠪᠠᠲᠤᠲᠠᠶ ᠬᠡᠷᠡᠭᠵᠢᠭᠦᠯᠬᠦ ᠣᠶᠢᠯᠠᠭᠠᠭᠳᠠᠬᠤᠨ ᠢ ᠪᠠᠷᠢᠮᠲᠠᠯᠠᠵᠤ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠤᠨ ᠬᠦᠷᠢᠶᠡᠨ ᠳᠠᠬᠢ ᠡᠯ᠎ᠡ ᠵᠦᠢᠯ ᠤᠨ ᠠᠵᠢᠯ ᠢ ᠡᠮᠬᠢ ᠵᠢᠷᠤᠮ ᠲᠠᠢ ᠠᠬᠢᠭᠤᠯᠵᠤ᠂ ᠪᠥᠬᠦ ᠬᠤᠰᠢᠭᠤᠨ ᠤ ᠬᠠᠮᠢᠶ᠎ᠠ ᠪᠥᠬᠦᠶ ᠠᠵᠢᠯ ᠦᠢᠯᠡᠰ ᠤᠨ ᠲᠣᠭᠲᠠᠭᠤᠨ᠂ ᠥᠨᠳᠥᠷ ᠪᠦᠲᠦᠮᠵᠢᠲᠡᠶ ᠠᠵᠢᠯᠯᠠᠭᠠᠨ ᠳᠤ ᠪᠠᠲᠤ ᠪᠠᠬᠢ ᠰᠠᠭᠤᠷᠢ ᠲᠠᠯᠪᠢᠵᠤ᠂ ᠲᠠᠰᠤᠷᠠᠯᠲᠠ ᠥᠬᠡᠶ ᠬᠥᠭᠵᠢᠯᠲᠡ ᠶᠢᠨ ᠬᠥᠳᠡᠯᠭᠡᠬᠦ ᠬᠦᠴᠦᠨ ᠨᠡᠮᠡᠷᠢᠯᠡᠪᠡ᠃      ᠰᠤᠷᠭᠠᠨ ᠬᠥᠮᠦᠵᠢᠯ ᠤᠨ ᠬᠦᠷᠢᠶ᠎ᠡ ᠴᠠᠷᠠᠭᠠᠨ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠨᠠᠷᠢᠨ ᠨᠢᠮᠪᠠᠶ ᠪᠠᠶᠢᠷᠢᠯᠠᠭᠤᠯᠵᠤ᠂ ᠰᠤᠷᠭᠠᠨ ᠬᠥᠮᠦᠵᠢᠯ ᠤᠨ ᠠᠵᠢᠯ ᠤᠨ ᠤᠷᠤᠭᠰᠢᠲᠠᠶ ᠶᠠᠪᠤᠭᠳᠠᠬᠤ ᠶᠢ ᠪᠥᠬᠦ ᠲᠠᠯ᠎ᠠ ᠪᠠᠷ ᠪᠠᠲᠤᠯᠠᠵᠤ᠂ ᠨᠢᠭᠡᠳᠦᠭᠡᠷ ᠤᠯᠠᠷᠢᠯ ᠳᠤ ᠰᠤᠷᠭᠠᠨ ᠬᠥᠮᠦᠵᠢᠯ ᠤᠨ ᠵᠠᠷᠤᠯᠭ᠎ᠠ ᠶᠢ ᠨᠡᠶᠢᠲᠡ 2,136 ᠲᠦᠮᠡᠨ ᠲᠥᠭᠦᠷᠢᠭ ᠪᠡᠶᠡᠯᠡᠭᠦᠯᠪᠡ᠃ ᠰᠣᠷᠣᠭᠴᠢᠳ ᠲᠤ ᠰᠠᠶᠢᠨ ᠰᠠᠶᠢᠬᠠᠨ ᠰᠤᠷᠤᠯᠴᠠᠬᠤ ᠣᠷᠴᠢᠨ ᠲᠣᠭᠤᠷᠢᠨ ᠢ ᠪᠣᠶ ᠪᠣᠯᠭᠠᠵᠤ᠂ ᠰᠤᠷᠭᠠᠭᠤᠯᠢ ᠶᠢᠨ ᠵᠢᠭᠠᠨ ᠰᠤᠷᠭᠠᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠬᠦ ᠶᠢᠨ ᠲᠥᠯᠥᠭᠡ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠠᠯᠪᠠᠨ ᠵᠢᠷᠤᠮ ᠤᠨ ᠰᠤᠷᠭᠠᠨ ᠬᠥᠮᠦᠵᠢᠯ᠂ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠨᠡᠶᠢᠲᠡ ᠶᠢᠨ ᠬᠡᠷᠡᠭᠯᠡᠭᠡᠨ ᠤ ᠵᠠᠷᠤᠳᠠᠯ ᠢ 106 ᠲᠦᠮᠡᠨ ᠲᠥᠭᠦᠷᠢᠭ ᠪᠠᠭᠤᠯᠭᠠᠨ ᠥᠭᠴᠦ᠂ ᠰᠤᠷᠭᠠᠭᠤᠯᠢ ᠶᠢᠨ ᠬᠦᠷᠢᠶᠡᠨ ᠤ ᠡᠳᠦᠷ ᠲᠤᠲᠤᠮ ᠤᠨ ᠵᠢᠭᠠᠨ ᠰᠤᠷᠭᠠᠯᠲᠠ ᠶᠢᠨ ᠠᠵᠢᠯᠯᠠᠭ᠎ᠠ ᠪᠠ ᠬᠠᠮᠢᠶᠠᠷᠤᠯᠲᠠ ᠶᠢ ᠡᠮᠬᠢ ᠵᠢᠷᠤᠮ ᠲᠠᠢ ᠶᠠᠪᠤᠭᠳᠠᠭᠤᠯᠪᠠ᠃ ᠡᠭᠦᠨ ᠤ ᠬᠠᠮᠲᠤ᠂ ᠪᠠᠭᠰᠢ ᠶᠢᠨ ᠲᠤᠰᠬᠠᠶ ᠮᠡᠷᠭᠡᠵᠢᠯ ᠤᠨ ᠦᠰᠦᠨ ᠪᠤᠶᠢᠵᠢᠯᠲᠠ ᠳᠤ ᠬᠦᠴᠦᠨ ᠨᠡᠮᠡᠷᠢᠯᠡᠵᠦ᠂ ᠰᠤᠷᠤᠭᠴᠢᠳ ᠤᠨ ᠰᠤᠷᠭᠠᠭᠤᠯᠢ ᠳᠤ ᠪᠠᠶᠢᠬᠤ ᠠᠮᠢᠳᠤᠷᠠᠯ ᠤᠨ ᠪᠠᠲᠤᠯᠠᠭ᠎ᠠ ᠶᠢᠨ ᠠᠰᠠᠭᠤᠳᠠᠯ ᠢ ᠰᠢᠢᠳᠪᠦᠷᠢᠯᠡᠨ᠂ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠤᠷᠤᠭᠰᠢᠲᠠᠶ ᠥᠷᠨᠢᠬᠦ ᠶᠢ ᠪᠠᠲᠤᠯᠠᠬᠤ ᠶᠢᠨ ᠲᠥᠯᠥᠭᠡ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠪᠠᠰᠠ 23. 8 ᠲᠦᠮᠡᠨ ᠲᠥᠭᠦᠷᠢᠭ ᠪᠠᠭᠤᠯᠭᠠᠨ᠂ ᠪᠠᠭᠰᠢ ᠶᠢᠨ ᠪᠣᠯᠪᠠᠰᠤᠷᠠᠯ᠂ ᠠᠯᠪᠠᠨ ᠵᠢᠷᠤᠮ ᠤᠨ ᠰᠤᠷᠭᠠᠨ ᠬᠥᠮᠦᠵᠢᠯ ᠬᠢᠭᠡᠳ ᠰᠤᠷᠬᠤ ᠨᠠᠰᠤᠨ ᠠᠴᠠ ᠡᠮᠦᠨᠡᠬᠢ ᠰᠤᠷᠭᠠᠨ ᠬᠥᠮᠦᠵᠢᠯ ᠤᠨ ᠰᠤᠷᠭᠠᠭᠤᠯᠢ ᠶᠢᠨ ᠬᠤᠭᠤᠯᠠᠨ ᠤ ᠨᠥᠬᠦᠪᠥᠷᠢ ᠵᠢᠴᠢ ᠶᠡᠭᠡ ᠳᠡᠭᠡᠳᠦ ᠰᠤᠷᠭᠠᠭᠤᠯᠢ ᠳᠤ ᠰᠣᠷᠣᠭᠴᠢ ᠡᠯᠰᠡᠬᠦ ᠰᠢᠯᠭᠠᠯᠲᠠ ᠶᠢᠨ ᠶᠠᠪᠤᠳᠠᠯ ᠤᠨ ᠠᠵᠢᠯ ᠳᠤ ᠬᠡᠷᠡᠭᠯᠡᠵᠦ᠂ ᠰᠢᠨ᠎ᠡ ᠰᠤᠷᠤᠯᠭ᠎ᠠ ᠶᠢᠨ ᠬᠤᠭᠤᠴᠠᠭᠠᠨ ᠤ ᠰᠤᠷᠤᠯᠭ᠎ᠠ ᠡᠬᠢᠯᠡᠬᠦ ᠪᠡᠯᠡᠳᠬᠡᠯ ᠬᠢᠪᠡ᠃      ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠠᠯ᠎ᠠ ᠪᠠᠷ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠴᠤ ᠪᠦᠬᠦ ᠬᠦᠴᠦᠨ ᠢᠶᠠᠨ ᠰᠢᠪᠬᠠᠵᠤ ᠪᠠᠶᠢᠨ᠎ᠠ᠃ ᠨᠢᠭᠡᠳᠦᠭᠡᠷ ᠤᠯᠠᠷᠢᠯ ᠳᠤ᠂ 85 ᠲᠦᠮᠡᠨ ᠲᠥᠭᠦᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠵᠠᠷᠤᠯᠭ᠎ᠠ ᠶᠢ ᠪᠡᠶᠡᠯᠡᠭᠦᠯᠵᠦ᠂ ᠰᠢᠨᠵᠢᠯᠡᠬᠦ ᠤᠬᠠᠭᠠᠨ ᠤ ᠰᠤᠳᠤᠯᠭᠠᠨ ᠤ ᠲᠥᠷᠥᠯ ᠵᠦᠢᠯ ᠢ ᠥᠷᠨᠢᠭᠦᠯᠦᠭᠰᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠤᠨ ᠬᠤᠪᠢᠷᠠᠭᠤᠯᠤᠯᠲᠠ ᠳᠤ ᠪᠠᠯᠠ ᠮᠥᠩᠭᠦ ᠶᠢᠨ ᠳᠡᠮᠵᠢᠯᠭᠡ ᠬᠠᠩᠭᠠᠵᠤ᠂ ᠮᠠᠨ ᠤ ᠬᠤᠰᠢᠭᠤᠨ ᠤ ᠠᠵᠤ ᠦᠢᠯᠡᠰ ᠤᠨ ᠲᠠᠰ ᠳᠡᠪᠰᠢᠬᠦ ᠪᠠ ᠰᠢᠨ᠎ᠡ ᠶᠢ ᠡᠭᠦᠳᠬᠦ ᠬᠥᠭᠵᠢᠯᠲᠡ ᠳᠤ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠪᠡ᠃      ᠰᠣᠶᠣᠯ ᠪᠠ ᠵᠠᠭᠤᠴᠢᠯᠠᠭᠤᠷ ᠤᠨ ᠬᠦᠷᠢᠶ᠎ᠡ ᠴᠠᠷᠠᠭᠠᠨ ᠳᠤ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠣᠯᠠᠨ ᠲᠦᠮᠡᠨ ᠤ ᠣᠶᠤᠨ ᠰᠠᠨᠠᠭ᠎ᠠ ᠰᠣᠶᠣᠯ ᠤᠨ ᠠᠮᠢᠳᠤᠷᠠᠯ ᠢ ᠪᠠᠶᠠᠯᠢᠭᠵᠢᠭᠤᠯᠬᠤ ᠪᠠᠷ ᠴᠢᠷᠮᠠᠶᠢᠵᠤ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠶᠢ ᠠᠬᠢᠭᠤᠯᠪᠠ᠃ ᠨᠢᠭᠡᠳᠦᠭᠡᠷ ᠤᠯᠠᠷᠢᠯ ᠳᠤ᠂ ᠰᠣᠶᠣᠯ ᠪᠠ ᠵᠠᠭᠤᠴᠢᠯᠠᠭᠤᠷ ᠤᠨ ᠵᠠᠷᠤᠯᠭ᠎ᠠ ᠶᠢ 982 ᠲᠦᠮᠡᠨ ᠲᠥᠭᠦᠷᠢᠭ ᠪᠡᠶᠡᠯᠡᠭᠦᠯᠵᠦ᠂ ᠡᠪᠦᠯ ᠤᠨ ᠨᠠᠭᠠᠳᠤᠮ᠂ ᠤᠯᠠᠮᠵᠢᠯᠠᠯᠲᠤ ᠪᠡᠶ᠎ᠡ ᠶᠢᠨ ᠲᠠᠮᠢᠷ ᠤᠨ ᠤᠷᠤᠯᠳᠤᠭᠠᠨ᠂ ᠪᠣᠳᠠᠰ ᠤᠨ ᠪᠤᠰᠤ ᠰᠣᠶᠣᠯ ᠤᠨ ᠥᠪ ᠤᠨ ᠦᠵᠡᠭᠦᠯᠦᠯᠭᠡ ᠵᠡᠷᠭᠡ ᠠᠯᠢ ᠣᠯᠠᠨ ᠰᠣᠶᠣᠯ ᠤᠨ ᠠᠵᠢᠯᠯᠠᠭ᠎ᠠ ᠵᠠᠯᠭᠠᠭ᠎ᠠ ᠪᠠᠷ ᠶᠠᠪᠤᠭᠳᠠᠪᠠ᠃ ᠡᠲᠡᠭᠡᠷ ᠠᠵᠢᠯᠯᠠᠭ᠎ᠠ ᠨᠢ ᠲᠤᠬᠠᠶ ᠶᠢᠨ ᠭᠠᠵᠠᠷ ᠤᠨ ᠥᠪᠡᠷᠮᠢᠴᠡ ᠦᠨᠳᠦᠰᠦᠲᠡᠨ ᠤ ᠰᠣᠶᠣᠯ ᠤᠨ ᠷᠢᠳᠢ ᠰᠢᠳᠢ ᠶᠢ ᠢᠯᠡᠷᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠠᠭᠤᠰᠤᠯᠴᠠᠨ ᠬᠥᠭᠵᠢᠬᠦ ᠳᠤ ᠥᠷᠭᠡᠨ ᠠᠭᠤᠳᠠᠮ ᠲᠠᠪᠴᠠᠩ ᠬᠠᠩᠭᠠᠵᠤ᠂ ᠰᠣᠶᠣᠯ ᠪᠠ ᠵᠢᠭᠤᠯᠴᠢᠯᠠᠯ ᠤᠨ ᠬᠠᠷᠢᠯᠴᠠᠨ ᠴᠢᠳᠠᠪᠤᠷᠢ ᠣᠯᠭᠤᠬᠤ ᠶᠢ ᠤᠯᠠᠮ ᠨᠢᠭᠡ ᠠᠯᠬᠤᠮ ᠠᠬᠢᠭᠤᠯᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠣᠷᠣᠨ ᠪᠦᠰᠡ ᠶᠢᠨ ᠣᠨᠴᠠᠯᠢᠭ ᠲᠠᠢ ᠰᠣᠶᠣᠯ ᠵᠢᠭᠤᠯᠴᠢᠯᠠᠯ ᠤᠨ ᠨᠠᠷᠠᠲᠤ ᠲᠥᠷᠥᠯ ᠲᠡᠮᠳᠡᠭᠲᠦ ᠶᠢ ᠪᠣᠶ ᠪᠣᠯᠭᠠᠬᠤ ᠳᠤ ᠬᠦᠴᠦᠨ ᠨᠡᠮᠡᠷᠢᠯᠡᠭᠰᠡᠨ ᠪᠠᠶᠢᠨ᠎ᠠ᠃      ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠶᠢᠨ 2025 ᠣᠨ ᠤ ᠨᠢᠭᠡᠳᠦᠭᠡᠷ ᠤᠯᠠᠷᠢᠯ ᠳᠠᠬᠢ ᠭᠠᠷᠮᠠᠭᠠᠶ ᠢᠯᠡᠷᠡᠯ ᠨᠢ ᠲᠡᠭᠦᠨ ᠤ ᠣᠷᠣᠨ ᠨᠤᠲᠤᠭ ᠤᠨ ᠨᠡᠶᠢᠭᠡᠮ ᠤᠨ ᠦᠢᠯᠡᠰ ᠤᠨ ᠬᠥᠭᠵᠢᠯᠲᠡ ᠶᠢ ᠠᠬᠢᠭᠤᠯᠬᠤ ᠳᠤᠮᠳᠠᠬᠢ ᠬᠠᠷᠢᠭᠤᠴᠠᠯᠭ᠎ᠠ ᠪᠠ ᠡᠭᠦᠷᠭᠡᠯᠡᠯ ᠢ ᠬᠠᠷᠠᠭᠤᠯᠵᠤ ᠪᠠᠶᠢᠨ᠎ᠠ᠃ ᠳᠠᠷᠠᠭᠠᠴᠢ ᠪᠠᠷ᠂ ᠬᠤᠰᠢᠭᠤᠨ ᠤ ᠡᠳ᠋ ᠤᠨ ᠵᠠᠰᠠᠭ ᠤᠨ ᠲᠣᠪᠴᠢᠶ᠎ᠠ ᠡᠭᠦᠷᠭᠡ ᠬᠠᠷᠢᠭᠤᠴᠠᠯᠭ᠎ᠠ ᠪᠠᠨ ᠦᠷᠭᠦᠯᠵᠢᠯᠡᠨ ᠪᠠᠲᠤ ᠰᠠᠬᠢᠵᠤ᠂ ᠨᠠᠷᠢᠯᠢᠭ ᠣᠨᠣᠪᠴᠢᠲᠠᠢ ᠪᠠᠷ ᠠᠷᠭ᠎ᠠ ᠪᠣᠳᠣᠯᠭ᠎ᠠ ᠬᠡᠷᠡᠭᠵᠢᠭᠦᠯᠵᠦ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠮᠡᠷᠭᠡᠵᠢᠯ᠂ ᠰᠣᠶᠣᠯ ᠵᠡᠷᠭᠡ ᠬᠦᠷᠢᠶᠡᠨ ᠳᠠᠬᠢ ᠬᠥᠭᠵᠢᠯᠲᠡ ᠳᠤ ᠦᠷᠭᠦᠯᠵᠢᠯᠡᠨ ᠬᠦᠴᠦᠲᠡᠶ ᠡᠳ᠋ ᠤᠨ ᠵᠠᠰᠠᠭ ᠤᠨ ᠳᠡᠮᠵᠢᠯᠭᠡ ᠬᠠᠩᠭᠠᠵᠤ᠂ ᠰᠢᠨ᠎ᠡ ᠪᠠᠷᠭᠤ ᠪᠠᠷᠠᠭᠤᠨ ᠬᠤᠰᠢᠭᠤᠨ ᠤ ᠴᠢᠨᠠᠷ ᠰᠠᠶᠢᠲᠠᠶ ᠬᠥᠭᠵᠢᠯᠲᠡ ᠶᠢᠨ ᠴᠣ ᠰᠢᠨ᠎ᠡ ᠬᠠᠭᠤᠳᠠᠰᠤ ᠶᠢ ᠪᠢᠴᠢᠭᠯᠡᠨ᠎ᠡ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ