ᠤᠷᠢᠳᠴᠢᠯᠡᠨ ᠰᠠᠨᠠᠭᠤᠯᠬᠤ ᠨᠢ᠂ ᠴᠢᠬᠤᠯᠠ ᠠᠵᠢᠯ ᠶᠠᠪᠤᠳᠠᠯ ᠦᠭᠡᠢ ᠪᠣᠯ ᠭᠠᠳᠠᠭᠤᠷ ᠭᠠᠷᠤᠭᠰᠠᠨ ᠤ ᠬᠡᠷᠡᠭ ᠦᠭᠡᠢ︕
ᠨᠡᠶᠢᠲᠡᠯᠡᠭᠰᠡᠨ ᠴᠠᠭ᠄
2025/4/14
      ᠲᠥᠪ ᠤᠨ ᠴᠠᠭ ᠠᠭᠤᠷ ᠤᠨ ᠬᠤᠷᠢᠶᠠᠨ ᠤ ᠵᠢᠱᠢᠭᠰᠡᠨ ᠢᠶᠠᠷ᠂ 11 ᠤ ᠡᠳᠦᠷ ᠠᠴᠠ 12 ᠤᠨ ᠡᠳᠦᠷ ᠪᠣᠯᠲᠠᠯ᠎ᠠ᠂ ᠨᠡᠯᠢᠶᠡᠳ ᠴᠢᠩᠭ᠎ᠠ ᠬᠦᠢᠲᠡᠨ ᠠᠭᠠᠷ ᠤᠨ ᠵᠡᠭᠦᠨᠰᠢ ᠪᠠᠨ ᠰᠢᠯᠵᠢᠭᠡᠳ ᠡᠮᠦᠨᠡᠰᠢᠯᠡᠬᠦ ᠶᠢ ᠳᠠᠭᠠᠯᠳᠤᠨ᠂ ᠮᠠᠨ ᠤ ᠤᠯᠤᠰ ᠤᠨ ᠳᠤᠮᠳᠠ ᠵᠡᠭᠦᠨ ᠬᠡᠰᠡᠭ ᠤᠨ ᠭᠠᠵᠠᠷ ᠣᠷᠣᠨ ᠳᠤ ᠬᠦᠴᠦᠲᠡᠢ ᠰᠠᠯᠬᠢᠯᠠᠵᠤ᠂ ᠬᠦᠢᠲᠡᠷᠡᠬᠦ ᠪᠦᠭᠡᠳ ᠡᠯᠡᠰᠦᠨ ᠰᠢᠭᠤᠷᠭ᠎ᠠ ᠳᠡᠭᠳᠡᠬᠦ ᠪᠣᠯᠣᠨ᠎ᠠ᠃ ᠡᠭᠦᠨ ᠳᠤ᠂ ᠤᠮᠠᠷᠠᠲᠤ ᠣᠷᠣᠨ ᠳᠤ ᠲᠡᠦᠬᠡ ᠶᠢᠨ ᠠᠳᠠᠯᠢ ᠬᠤᠭᠤᠴᠠᠭᠠᠨ ᠳᠤ ᠬᠤᠪᠣᠷᠬᠠᠨ ᠲᠣᠬᠢᠶᠠᠯᠳᠤᠬᠤ ᠦᠷᠭᠦᠯᠵᠢᠯᠡᠭᠰᠡᠨ ᠴᠢᠨᠠᠷᠲᠠᠢ ᠶᠡᠭᠡ ᠰᠠᠯᠬᠢ ᠭᠠᠷᠤᠨ᠎ᠠ︔ ᠥᠪᠥᠷ ᠮᠣᠩᠭᠤᠯ ᠤᠨ ᠵᠡᠭᠦᠨ ᠬᠡᠰᠡᠭ ᠪᠠ ᠵᠡᠭᠦᠨ ᠬᠤᠶᠢᠲᠤ ᠣᠷᠣᠨ ᠤ ᠵᠡᠭᠦᠨ ᠬᠡᠰᠡᠭ ᠢᠶᠠᠷ ᠶᠡᠭᠡ ᠴᠠᠰᠤ ᠣᠷᠣᠨ᠎ᠠ᠃ ᠡᠨᠡ ᠬᠦ ᠴᠠᠭ ᠠᠭᠤᠷ ᠤᠨ ᠨᠥᠯᠥᠭᠡᠯᠡᠬᠦ ᠬᠡᠪᠴᠢᠶ᠎ᠡ ᠨᠢ ᠶᠡᠭᠡ᠂ ᠦᠷᠭᠦᠯᠵᠢᠯᠡᠬᠦ ᠴᠠᠭ ᠨᠢ ᠣᠷᠳᠣ᠂ ᠵᠤᠳ ᠭᠠᠮᠰᠢᠭ ᠪᠣᠯᠬᠤ ᠴᠢᠨᠠᠷ ᠨᠢ ᠬᠠᠷᠢᠴᠠᠩᠭᠤᠢ ᠪᠠᠷ ᠨᠡᠯᠢᠶᠡᠳ ᠬᠦᠨᠳᠦ ᠪᠣᠯᠬᠤᠷ᠂ ᠬᠦᠮᠦᠰ ᠴᠢᠬᠤᠯᠠ ᠠᠵᠢᠯ ᠶᠠᠪᠤᠳᠠᠯ ᠦᠭᠡᠢ ᠦᠭᠡᠢ ᠪᠣᠯ ᠠᠯᠢ ᠴᠢᠳᠠᠬᠤ ᠪᠠᠷ ᠭᠠᠳᠠᠭᠤᠷ ᠭᠠᠷᠴᠤ ᠶᠠᠪᠤᠬᠤ ᠦᠭᠡᠢ ᠪᠠᠶᠢᠪᠠᠯ ᠵᠣᠬᠢᠨ᠎ᠠ ᠭᠡᠵᠦ ᠲᠥᠪ ᠤᠨ ᠴᠠᠭ ᠠᠭᠤᠷ ᠤᠨ ᠬᠤᠷᠢᠶᠠᠨ ᠠᠴᠠ ᠰᠠᠨᠠᠭᠤᠯᠪᠠ᠃
ᠢᠷᠡᠯᠲᠡ᠄ ᠦᠪᠦᠷ ᠮᠣᠩᠭᠤᠯ ᠤᠨ ᠠᠷᠠᠳ ᠤᠨ ᠵᠠᠰᠠᠭ ᠤᠨ ᠣᠷᠳᠣᠨ