4 ᠰᠠᠷ᠎ᠠ ᠶᠢᠨ 11 ᠤ ᠡᠳᠦᠷ᠂ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠪᠦᠭᠦ ᠣᠷᠣᠨ ᠤ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠤᠨ ᠸᠢᠳᠢᠤ᠋ ᠬᠤᠷᠠᠯ ᠬᠤᠷᠠᠯᠳᠤᠭᠤᠯᠪᠠ᠃ ᠸᠠᠩ ᠯᠢ ᠰᠢᠶᠠ ᠬᠤᠷᠠᠯ ᠳᠤ ᠣᠷᠣᠯᠴᠠᠬᠰᠠᠨ ᠪᠥᠭᠡᠳ ᠶᠠᠷᠢᠶ᠎ᠠ ᠲᠠᠯᠪᠢᠵᠤ᠂ ᠬᠤᠸᠠᠩ | ᡁᠢ ᠴᠢᠶᠠᠩ ᠬᠤᠷᠠᠯ ᠢ ᠡᠷᠭᠢᠯᠡᠵᠦ᠂ ᠴᠧᠨ ᠯᠦ ᠱᠧᠩ ᠬᠤᠷᠠᠯ ᠳᠤ ᠣᠷᠣᠯᠴᠠᠵᠠᠢ᠃ | ᠬᠤᠷᠠᠯ ᠠᠴᠠ ᠪᠦᠭᠦ ᠤᠯᠤᠰ ᠤᠨ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠠᠵᠢᠯ ᠤᠨ ᠸᠢᠳᠢᠤ᠋ ᠬᠤᠷᠠᠯ ᠤᠨ ᠵᠣᠷᠢᠭ ᠰᠠᠨᠠᠭ᠎ᠠ ᠶᠢ | ᠤᠯᠠᠮᠵᠢᠯᠠᠵᠤ᠂ 2024 ᠣᠨ ᠤ ᠪᠦᠭᠦ ᠣᠷᠣᠨ ᠤ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠭᠰᠡᠨ ᠠᠵᠢᠯ ᠤᠨ ᠶᠡᠷᠦᠩᠬᠡᠢ ᠪᠠᠶᠢᠳᠠᠯ ᠢ ᠮᠡᠳᠡᠭᠳᠡᠵᠦ᠂ | 2025 ᠣᠨ ᠤ ᠭᠤᠣᠯᠳᠠᠯᠭ᠎ᠠ ᠲᠠᠢ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠤᠰᠤᠨ ᠠᠰᠢᠭᠯᠠᠯᠲᠠ᠂ ᠣᠷᠣᠨ ᠰᠠᠭᠤᠴᠠ ᠪᠠ ᠬᠤᠳᠠ ᠬᠥᠳᠡᠭᠡ ᠶᠢᠨ | ᠪᠦᠲᠦᠭᠡᠨ ᠪᠠᠶᠢᠭᠤᠯᠤᠯᠲᠠ᠂ ᠵᠠᠮ ᠬᠠᠷᠢᠯᠴᠠᠭ᠎ᠠ᠂ ᠮᠠᠯ ᠠᠵᠤ ᠠᠬᠤᠢ ᠲᠠᠷᠢᠶᠠᠯᠠᠩ ᠵᠡᠷᠭᠡ ᠰᠠᠯᠠᠭ᠎ᠠ ᠮᠥᠴᠢᠷ ᠤᠨ ᠬᠢᠨ ᠠᠰᠠᠭᠤᠳᠠᠯ ᠢᠶᠠᠷ ᠤᠳᠤᠷᠢᠳᠤᠮᠵᠢ ᠪᠤᠯᠭᠠᠵᠤ᠂ | ᠬᠠᠨᠳᠤᠯᠭᠠᠲᠤ ᠴᠢᠨᠠᠷᠲᠠᠢ ᠠᠷᠭ᠎ᠠ ᠬᠡᠮᠵᠢᠶ᠎ᠡ ᠶᠢ ᠳᠤᠷᠠᠳᠤᠨ ᠭᠠᠷᠭᠠᠪᠠ᠃ | ᠬᠤᠷᠠᠯ ᠠᠴᠠ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠤᠨ ᠬᠢᠨ ᠶᠡᠷᠦᠩᠬᠡᠢ ᠱᠦᠵᠢ ᠰᠢ ᠶᠢᠨ ᠫᠢᠩ ᠤᠨ ᠦᠶᠡᠷ ᠢ ᠰᠡᠷᠭᠡᠶᠢᠯᠡᠵᠦ ᠭᠠᠩ | ᠬᠠᠭᠰᠠᠷᠠᠭᠠᠨ ᠲᠠᠢ ᠲᠡᠮᠡᠴᠡᠬᠦ ᠠᠵᠢᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠲᠤᠭᠤᠰᠢᠯᠠᠭᠤᠯᠵᠤ᠂ ᠲᠦᠭᠰᠢᠭᠦᠷᠢᠳᠤ ᠤᠬᠠᠮᠰᠠᠷ ᠪᠣᠯᠣᠨ | ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠰᠡᠷᠭᠡᠶᠢᠯᠡᠬᠦ᠂ ᠪᠠᠭᠠᠰᠬᠠᠬᠤ᠂ ᠠᠪᠤᠷᠠᠬᠤ ᠬᠠᠷᠢᠭᠤᠴᠠᠯᠭ᠎ᠠ ᠶᠢᠨ ᠬᠡᠯᠬᠢᠶ᠎ᠡ ᠶᠢ ᠪᠦᠭᠦ ᠲᠠᠯ᠎ᠠ ᠪᠠᠷ | ᠴᠢᠩᠭᠠᠳᠬᠠᠵᠤ᠂ ᠦᠶᠡᠷ ᠢ ᠰᠡᠷᠭᠡᠶᠢᠯᠡᠵᠦ ᠭᠠᠩ ᠬᠠᠭᠰᠠᠷᠠᠭᠠᠨ ᠲᠠᠢ ᠲᠡᠮᠡᠴᠡᠬᠦ ᠰᠠᠨᠠᠭᠠᠴᠢᠯᠠᠭᠠᠲᠤ ᠳᠠᠶᠢᠯᠠᠯᠳᠤᠭᠠᠨ ᠤ ᠢᠯᠠᠯᠲᠠ ᠶᠢ ᠲᠡᠮᠡᠴᠡᠨ ᠣᠯᠬᠤ ᠬᠡᠷᠡᠭᠲᠡᠢ᠃ | ᠭᠤᠣᠯᠳᠠᠯᠭ᠎ᠠ ᠲᠠᠢ ᠬᠦᠷᠢᠶ᠎ᠡ ᠴᠠᠷᠠᠭ᠎ᠠ᠂ ᠵᠠᠩᠭᠢᠯᠠᠭ᠎ᠠ ᠶᠢᠨ ᠴᠡᠭ ᠢ ᠴᠢᠩᠭ᠎ᠠ ᠠᠩᠬᠠᠷᠴᠤ᠂ ᠭᠤᠣᠯ ᠮᠥᠷᠡᠨ ᠨᠠᠭᠤᠷ ᠪᠦᠷᠢᠳᠦ ᠤᠰᠤᠨ ᠴᠥᠭᠦᠷᠥᠮ᠂ ᠵᠠᠰᠠᠮᠠᠯ ᠵᠠᠮ | ᠲᠡᠮᠦᠷ ᠵᠠᠮ᠂ ᠠᠭᠤᠯᠠᠨ ᠭᠤᠤ ᠬᠤᠲᠣᠭᠤᠷ ᠭᠠᠵᠠᠷ ᠵᠡᠷᠭᠡ ᠬᠡᠰᠡᠭ ᠤᠨ ᠠᠶᠤᠯ ᠲᠦᠭᠰᠢᠭᠦᠷᠢ ᠭᠡᠮ ᠰᠣᠭᠤᠭ ᠢ ᠭᠦᠨᠵᠡᠭᠡᠢ ᠵᠢᠭᠰᠠᠭᠠᠨ ᠪᠠᠶᠢᠴᠠᠭᠠᠵᠤ᠂ ᠨᠢᠭᠡᠳ | ᠨᠢᠭᠡ ᠪᠠᠷ ᠪᠣᠳᠠᠲᠠᠢ ᠳᠤ ᠨᠠᠶᠢᠳᠠᠪᠤᠷᠢᠵᠢᠭᠤᠯᠤᠨ ᠴᠡᠭᠴᠡᠯᠡᠨ ᠵᠠᠰᠠᠵᠤ᠂ ︽ᠬᠥᠮᠥᠨ ᠤ ᠬᠦᠴᠦᠨ ᠤ ᠰᠡᠷᠭᠡᠶᠢᠯᠡᠯᠲᠡ + ᠮᠡᠷᠭᠡᠵᠢᠯ ᠤᠨ ᠰᠡᠷᠭᠡᠶᠢᠯᠡᠯᠲᠡ︾ ᠶᠢᠨ | ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠵᠤ᠂ ᠢᠯᠠᠩᠭᠤᠶ᠎ᠠ ᠠᠭᠤᠯᠠᠨ ᠦᠶᠡᠷ ᠪᠣᠯᠣᠨ ᠬᠤᠳᠠ ᠶᠢᠨ ᠤᠰᠤᠲᠤᠯ ᠵᠡᠷᠭᠡ ᠭᠠᠮᠰᠢᠭ ᠡᠭᠦᠰᠬᠦ ᠶᠢ ᠳᠡᠭᠡᠳᠦ | ᠬᠡᠮᠵᠢᠶ᠎ᠡ ᠪᠠᠷ ᠰᠡᠷᠡᠮᠵᠢᠯᠡᠵᠦ᠂ ᠬᠥᠮᠥᠨ ᠬᠠᠷ᠎ᠠ ᠠᠳᠡᠵᠦ ᠰᠢᠷᠬᠠᠲᠤᠬᠤ ᠶᠢ ᠴᠢᠩᠭ᠎ᠠ ᠰᠡᠷᠭᠡᠶᠢᠯᠡᠬᠦ ᠬᠡᠷᠡᠭᠲᠡᠢ᠃ ︽ᠰᠡᠷᠭᠡᠶᠢᠯᠡᠬᠦ︾ ᠴᠢᠳᠠᠪᠤᠷᠢ ᠪᠣᠯᠣᠨ ᠲᠦᠪᠰᠢᠨ ᠢᠶᠠᠨ | ᠨᠡᠮᠡᠭᠳᠡᠭᠦᠯᠵᠦ᠂ ᠭᠡᠮ ᠰᠣᠭᠤᠭ ᠢ ᠵᠢᠭᠰᠠᠭᠠᠨ ᠪᠠᠶᠢᠴᠠᠭᠠᠬᠤ ᠲᠤᠰᠬᠠᠢ ᠴᠢᠨᠠᠷ᠂ ᠬᠢᠨᠠᠨ ᠬᠡᠮᠵᠢᠵᠦ ᠰᠡᠷᠡᠮᠵᠢᠯᠡᠭᠦᠯᠭᠦ ᠣᠨᠣᠪᠴᠢᠲᠤ ᠴᠢᠨᠠᠷ᠂ ᠭᠠᠮᠰᠢᠭ ᠤᠨ ᠡᠮᠦᠨ᠎ᠡ | ᠠᠶᠤᠯ ᠠᠴᠠ ᠵᠠᠶᠢᠯᠠᠬᠤ ᠰᠢᠨᠵᠢᠯᠡᠬᠦ ᠤᠬᠠᠭᠠᠨᠴᠢ ᠴᠢᠨᠠᠷ᠂ ᠦᠨᠳᠦᠰᠦᠨ ᠱᠠᠲᠤᠨ ᠤ ᠪᠠᠴᠢᠮ ᠪᠠᠶᠢᠳᠠᠯ ᠢ ᠠᠷᠭᠠᠴᠠᠭᠠᠬᠤ ᠪᠦᠲᠦᠮᠵᠢᠲᠦ ᠴᠢᠨᠠᠷ ᠢ ᠳᠡᠭᠡᠭᠰᠢᠯᠡᠭᠦᠯᠭᠦ | ᠬᠡᠷᠡᠭᠲᠡᠢ᠃ ᠪᠦᠭᠦ ᠣᠷᠣᠨ ᠤ ᠡᠯ᠎ᠡ ᠭᠠᠵᠠᠷ ᠤᠨ ᠬᠢᠨ ᠬᠠᠪᠤᠷ ᠤᠨ ᠲᠠᠷᠢᠶᠠᠯᠠᠭ᠎ᠠ ᠪᠠᠨ ᠵᠠᠯᠭᠠᠭ᠎ᠠ ᠪᠠᠷ ᠡᠬᠢᠯᠡᠭᠦᠯᠪᠡ᠂ ᠭᠠᠩ ᠬᠠᠭᠰᠠᠷᠠᠭᠠᠨ ᠤ ᠭᠠᠮᠰᠢᠭ ᠢ | ᠠᠷᠭᠠᠴᠠᠭᠠᠬᠤ ᠠᠵᠢᠯ ᠢ ᠡᠷᠲᠡᠬᠡᠨ ᠰᠠᠶᠢᠲᠤᠷ ᠬᠢᠵᠦ᠂ ᠬᠥᠮᠥᠨ ᠤ ᠬᠦᠴᠦ ᠪᠠᠷ ᠪᠣᠷᠣᠭᠠᠨ ᠢ ᠨᠡᠮᠡᠭᠳᠡᠭᠦᠯᠬᠦ ᠠᠵᠢᠯ ᠢ ᠴᠠᠭ ᠲᠤᠨᠢ ᠲᠣᠬᠢᠷᠠᠭᠤᠯᠤᠨ ᠥᠷᠨᠢᠭᠦᠯᠵᠦ᠂ | ᠠᠮᠤ ᠲᠠᠷᠢᠶ᠎ᠠ ᠶᠢ ᠴᠠᠭ ᠲᠤᠬᠠᠢ ᠳᠤᠨᠢ ᠤᠷᠤᠭᠰᠢᠲᠠᠢ ᠲᠠᠷᠢᠬᠤ ᠶᠢ ᠦᠨᠡᠨ ᠬᠦ ᠪᠠᠲᠤᠯᠠᠬᠤ ᠬᠡᠷᠡᠭᠲᠡᠢ ᠭᠡᠵᠦ ᠴᠢᠬᠤᠯᠠᠴᠢᠯᠠᠪᠠ᠃ | ᠬᠤᠷᠠᠯ ᠠᠴᠠ᠂ ᠣᠳᠣᠬᠠᠨ ᠳᠤ ᠪᠦᠭᠦ ᠣᠷᠣᠨ ᠨᠢᠭᠡᠨᠲᠡ ᠣᠶ ᠰᠢᠭᠤᠢ ᠨᠤᠲᠤᠭ ᠪᠡᠯᠴᠢᠭᠡᠷ ᠤᠨ ᠲᠦᠢᠮᠡᠷ ᠢ ᠰᠡᠷᠭᠡᠶᠢᠯᠡᠨ ᠤᠨᠲᠠᠷᠠᠭᠠᠬᠤ ᠵᠠᠩᠭᠢᠯᠠᠭ᠎ᠠ ᠶᠢᠨ | ᠬᠤᠭᠤᠴᠠᠭᠠᠨ ᠳᠤ ᠣᠷᠣᠵᠤ᠂ ᠡᠯ᠎ᠡ ᠵᠦᠢᠯ ᠤᠨ ᠦᠢᠯᠡᠳᠪᠦᠷᠢᠯᠡᠯ ᠪᠦᠲᠦᠭᠡᠨ ᠪᠠᠶᠢᠭᠤᠯᠤᠯᠲᠠ ᠴᠤ ᠲᠦᠷᠭᠡᠨ ᠠᠬᠢᠵᠤ ᠪᠤᠶ᠂ ᠠᠳᠡᠯ ᠣᠯᠠᠨ ᠭᠠᠷᠳᠠᠭ ᠬᠦᠷᠢᠶ᠎ᠡ | ᠴᠠᠷᠠᠭ᠎ᠠ ᠪᠣᠯᠣᠨ ᠬᠥᠮᠥᠨ ᠬᠠᠷ᠎ᠠ ᠨᠢᠭᠲᠠᠷᠠᠭᠰᠠᠨ ᠲᠠᠯᠠᠪᠤᠷ ᠭᠠᠵᠠᠷ ᠢ ᠴᠢᠩᠭ᠎ᠠ ᠠᠩᠬᠠᠷᠴᠤ᠂ ᠠᠰᠠᠭᠤᠳᠠᠯ ᠤᠨ ᠭᠡᠮ ᠰᠣᠭᠤᠭ ᠢ ᠴᠢᠩᠭ᠎ᠠ ᠵᠢᠭᠰᠠᠭᠠᠨ ᠪᠠᠶᠢᠴᠠᠭᠠᠵᠤ | ᠴᠡᠭᠴᠡᠯᠡᠨ ᠵᠠᠰᠠᠵᠤ᠂ ᠤᠷᠤᠭᠰᠢ ᠪᠠᠨ ︽ᠳᠠᠭᠢᠨ ᠨᠢᠭᠡ ᠠᠯᠬᠤᠮ ᠪᠠᠶᠢᠴᠠᠭᠠᠬᠤ︾᠂ ︽ᠡᠴᠦᠰ ᠤᠨ ᠨᠢᠭᠡ ᠮᠧᠲᠷ︾ ᠢ ᠨᠢᠭᠲᠠ ᠠᠩᠬᠠᠷᠬᠤ ᠬᠠᠷᠢᠭᠤᠴᠠᠯᠭᠠᠲᠤ | ᠰᠡᠳᠬᠢᠯᠭᠡ ᠪᠠᠷ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠣᠨᠴᠠ ᠶᠡᠭᠡ ᠠᠳᠡᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠦ | ᠴᠢᠬᠤᠯᠠᠴᠢᠯᠠᠪᠠ᠃ | ᠬᠤᠷᠠᠯ ᠠᠴᠠ᠂ ᠡᠯ᠎ᠡ ᠭᠠᠵᠠᠷ ᠤᠨ ᠬᠢᠨ ᠳᠠᠶᠢᠯᠠᠯᠳᠤᠭᠠᠨ ᠤ ᠪᠠᠶᠢᠳᠠᠯ ᠳᠤ ᠣᠷᠣᠵᠤ᠂ ᠲᠣᠰ ᠡᠭᠡᠯᠵᠢ ᠶᠢᠨ ᠬᠦᠢᠲᠡᠨ ᠤᠷᠤᠰᠬᠠᠯ ᠶᠡᠭᠡ ᠰᠠᠯᠬᠢᠨ ᠠᠴᠠ | ᠪᠣᠯᠤᠭᠰᠠᠨ ᠠᠰᠢᠭ ᠦᠭᠡᠢ ᠨᠥᠯᠥᠭᠡ ᠶᠢ ᠪᠦᠲᠦᠮᠵᠢᠲᠡᠶ ᠠᠷᠭᠠᠴᠠᠭᠠᠵᠤ᠂ ᠴᠠᠭ ᠠᠭᠤᠷ᠂ ᠮᠠᠯ ᠠᠵᠤ ᠠᠬᠤᠢ ᠲᠠᠷᠢᠶᠠᠯᠠᠩ᠂ ᠵᠠᠮ ᠬᠠᠷᠢᠯᠴᠠᠭ᠎ᠠ᠂ ᠰᠤᠷᠭᠠᠨ ᠬᠥᠮᠦᠵᠢᠯ | ᠂ ᠰᠣᠶᠣᠯ ᠵᠢᠭᠤᠯᠴᠢᠯᠠᠯ ᠵᠡᠷᠭᠡ ᠰᠠᠯᠠᠭ᠎ᠠ ᠮᠥᠴᠢᠷ ᠤᠨ ᠬᠢᠨ ᠲᠤᠰᠬᠠᠶᠢᠯᠠᠨ ᠵᠢᠯᠣᠭᠤᠳᠤᠯᠭ᠎ᠠ ᠪᠠᠨ ᠴᠢᠩᠭᠠᠳᠬᠠᠵᠤ᠂ ᠬᠢᠷᠠᠭᠤ ᠤᠨᠠᠬᠤ ᠬᠥᠯᠳᠡᠬᠦ ᠶᠢ ᠰᠡᠷᠭᠡᠶᠢᠯᠡᠬᠦ᠂ | ᠠᠭᠤᠯᠠᠨ ᠲᠦᠢᠮᠡᠷ ᠢ ᠰᠡᠷᠭᠡᠶᠢᠯᠡᠬᠦ᠂ ᠳᠡᠭᠡᠷ᠎ᠡ ᠠᠴᠠ ᠶᠠᠭᠤᠮ᠎ᠠ ᠤᠨᠠᠬᠤ ᠶᠢ ᠰᠡᠷᠭᠡᠶᠢᠯᠡᠬᠦ᠂ ᠨᠤᠷᠠᠬᠤ ᠶᠢ ᠰᠡᠷᠭᠡᠶᠢᠯᠡᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠢᠵᠦ᠂ ᠠᠷᠠᠳ ᠣᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠪᠠ ᠨᠡᠶᠢᠭᠡᠮ ᠤᠨ ᠡᠮᠬᠢ ᠳᠢᠭᠯᠢᠮ ᠲᠣᠭᠲᠠᠭᠤᠨ ᠢ ᠦᠨᠡᠨ ᠬᠦ ᠪᠠᠲᠤᠯᠠᠬᠤ | ᠬᠡᠷᠡᠭᠲᠡᠢ ᠭᠡᠵᠦ ᠣᠨᠴᠠᠭᠠᠶᠢᠯᠠᠨ ᠴᠢᠬᠤᠯᠠᠴᠢᠯᠠᠪᠠ᠃ |