ᠪᠤᠶᠢᠷ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠲᠦᠷᠭᠡᠨ ᠠᠪᠤᠷᠠᠯᠲᠠ ᠶᠢᠨ ᠮᠡᠳᠡᠯᠭᠡ ᠶᠢ ᠴᠡᠷᠢᠭ ᠤᠨ ᠬᠤᠸᠠᠷᠠᠨ ᠳᠤ ᠬᠦᠷᠭᠡᠬᠦ ᠠᠵᠢᠯᠯᠠᠭ᠎ᠠ ᠥᠷᠨᠢᠭᠦᠯᠪᠡ
ᠨᠡᠶᠢᠲᠡᠯᠡᠭᠰᠡᠨ ᠴᠠᠭ᠄
2025/4/14
      ᠪᠤᠶᠢᠷ ᠬᠢᠯᠢ ᠶᠢᠨ ᠲᠣᠮᠢᠯᠠᠭᠰᠠᠨ ᠰᠠᠯᠪᠤᠷᠢ ᠶᠢᠨ ᠠᠷᠠᠳ ᠤᠨ ᠴᠠᠭᠳᠠᠭ᠎ᠠ ᠶᠢᠨ ᠪᠠᠴᠢᠮ ᠪᠠᠶᠢᠳᠠᠯ ᠢ ᠠᠷᠭᠠᠴᠠᠭᠠᠨ ᠰᠢᠢᠳᠪᠦᠷᠢᠯᠡᠬᠦ ᠴᠢᠳᠠᠪᠤᠷᠢ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠠᠷᠢᠶ᠎ᠠ ᠣᠷᠣᠨ ᠤ ᠣᠯᠠᠨ ᠲᠦᠮᠡᠨ ᠤ ᠠᠮᠢ ᠨᠠᠰᠤᠨ ᠤ ᠠᠮᠤᠷ ᠲᠦᠪᠰᠢᠨ ᠢ ᠪᠠᠲᠤᠯᠠᠬᠤ ᠶᠢᠨ ᠲᠥᠯᠥᠭᠡ᠂ ᠪᠤᠶᠢᠷ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠲᠤᠰᠬᠠᠶ ᠮᠡᠷᠭᠡᠵᠢᠯ ᠤᠨ ᠡᠮᠴᠢ ᠰᠤᠪᠢᠯᠠᠭᠴᠢ ᠶᠢ ᠵᠣᠬᠢᠶᠠᠨ ᠪᠠᠶᠢᠭᠤᠯᠵᠤ ᠪᠤᠶᠢᠷ ᠰᠤᠮᠤ ᠶᠢᠨ ᠬᠢᠯᠢ ᠶᠢᠨ ᠲᠣᠮᠢᠯᠠᠭᠰᠠᠨ ᠰᠠᠯᠪᠤᠷᠢ ᠳᠤ ᠭᠦᠨᠵᠡᠭᠡᠶᠢᠷᠡᠵᠦ᠂ ᠵᠢᠷᠦᠬᠡ ᠠᠭᠤᠰᠬᠢᠨ ᠤ ᠰᠡᠷᠭᠦᠭᠡᠯᠲᠡ ︵CPR︶ ᠬᠢᠬᠦ ᠲᠦᠷᠭᠡᠨ ᠠᠪᠤᠷᠠᠯᠲᠠ ᠶᠢᠨ ᠮᠡᠳᠡᠯᠭᠡ ᠶᠢᠨ ᠪᠣᠯᠪᠠᠰᠤᠷᠠᠯ ᠤᠨ ᠠᠵᠢᠯᠯᠠᠭ᠎ᠠ ᠥᠷᠨᠢᠭᠦᠯᠵᠦ᠂ ᠣᠨᠣᠯ ᠪᠠ ᠦᠢᠯᠡᠳᠦᠯᠭᠡ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠳᠠᠮᠵᠢᠭᠤᠯᠤᠨ᠂ ᠴᠡᠷᠢᠭ ᠴᠠᠭᠳᠠᠭ᠎ᠠ ᠶᠢᠨ ᠲᠦᠷᠭᠡᠨ ᠠᠪᠤᠷᠠᠯᠲᠠ ᠶᠢᠨ ᠮᠡᠷᠭᠡᠵᠢᠯ ᠴᠢᠳᠠᠪᠤᠷᠢ ᠶᠢ ᠡᠵᠡᠮᠰᠢᠬᠦ ᠳᠤ ᠬᠦᠴᠦᠨ ᠨᠡᠮᠡᠷᠢᠯᠡᠪᠡ᠃
4.14贝尔1.jpg
      ᠠᠵᠢᠯᠯᠠᠭ᠎ᠠ ᠳᠤ᠂ ᠡᠷᠡᠭᠦᠯ ᠬᠠᠮᠠᠭᠠᠯᠠᠯ ᠤᠨ ᠬᠤᠷᠢᠶᠠᠨ ᠤ ᠡᠮᠴᠢ ᠰᠤᠪᠢᠯᠠᠭᠴᠢ PPT ᠶᠢᠨ ᠦᠵᠡᠭᠦᠯᠦᠯᠭᠡ ᠪᠠᠷ ᠳᠡᠮᠵᠢᠨ᠂ ᠬᠥᠮᠦᠨ ᠤ ᠪᠡᠶ᠎ᠡ ᠶᠢᠨ ᠵᠠᠭᠪᠤᠷ ᠲᠠᠢ ᠤᠶᠠᠯᠳᠤᠭᠤᠯᠤᠨ᠂ ᠵᠢᠷᠦᠬᠡ ᠠᠭᠤᠰᠬᠢᠨ ᠤ ᠰᠡᠷᠭᠦᠭᠡᠯᠲᠡ ᠬᠢᠬᠦ ᠠᠵᠢᠯᠯᠠᠭᠠᠨ ᠤ ᠶᠠᠪᠤᠴᠠ ᠵᠢᠴᠢ ᠠᠩᠬᠠᠷᠬᠤ ᠵᠦᠢᠯᠡᠰ ᠤᠨ ᠲᠤᠬᠠᠶ ᠡᠪᠡᠳᠴᠢᠲᠡᠨ ᠤ ᠤᠬᠠᠮᠰᠠᠷ᠂ ᠠᠮᠢᠰᠬᠤᠭ᠎ᠠ ᠶᠢ ᠮᠠᠭᠠᠳᠯᠠᠬᠤ ᠠᠴᠠ ᠴᠡᠭᠡᠵᠢᠨ ᠤ ᠭᠠᠳᠠᠨ᠎ᠠ ᠳᠠᠷᠤᠯᠲᠠ ᠥᠭᠬᠦ ᠣᠷᠣᠨ ᠪᠠᠶᠢᠷᠢ᠂ ᠳᠠᠪᠲᠠᠮᠵᠢ᠂ ᠭᠦᠨᠴᠡ ᠶᠢ ᠮᠠᠭᠠᠳᠯᠠᠭᠠᠳ᠂ ᠳᠠᠬᠢᠨ ᠬᠥᠮᠦᠨ ᠤ ᠬᠦᠴᠦ ᠪᠠᠷ ᠠᠮᠢᠰᠬᠤᠬᠤ ᠵᠥᠪ ᠠᠷᠭ᠎ᠠ ᠬᠡᠮᠵᠢᠶ᠎ᠡ ᠬᠦᠷᠲᠡᠯ᠎ᠡ ᠨᠢᠭᠡᠳ ᠨᠢᠭᠡ ᠪᠠᠷ ᠵᠠᠳᠠᠯᠤᠨ ᠰᠢᠨᠵᠢᠯᠡᠬᠦ ᠠᠯᠬᠤᠮ ᠳᠠᠷᠠᠭ᠎ᠠ ᠶᠢ ᠨᠠᠷᠢᠨ ᠲᠠᠶᠢᠯᠪᠤᠷᠢᠯᠠᠵᠤ᠂ ᠪᠣᠯᠪᠠᠰᠤᠷᠠᠯ ᠳᠤ ᠣᠷᠣᠯᠴᠠᠭᠰᠠᠨ ᠴᠡᠷᠢᠭ ᠴᠠᠭᠳᠠᠭ᠎ᠠ ᠪᠥᠬᠦ ᠠᠩᠬᠠᠷᠤᠯ ᠢᠶᠠᠨ ᠲᠥᠪᠯᠡᠷᠡᠭᠦᠯᠦᠨ ᠰᠣᠨᠣᠰᠴᠤ᠂ ᠭᠤᠤᠯᠳᠠᠯᠭ᠎ᠠ ᠶᠢ ᠲᠡᠮᠳᠡᠭᠯᠡᠵᠦ᠂ ᠲᠤᠬᠠᠶ ᠶᠢᠨ ᠲᠠᠯᠠᠪᠤᠷ ᠤᠨ ᠰᠤᠷᠤᠯᠴᠠᠬᠤ ᠠᠭᠤᠷ ᠠᠮᠢᠰᠬᠤᠯ ᠭᠦᠨ ᠵᠤᠵᠠᠭᠠᠨ ᠪᠠᠶᠢᠪᠠ᠃
4.14贝尔2.jpg
      ᠠᠵᠢᠯᠯᠠᠭ᠎ᠠ ᠶᠢᠨ ᠲᠤᠬᠠᠢ ᠶᠢᠨ ᠲᠠᠯᠠᠪᠠᠢ ᠳᠤ᠂ ᠴᠡᠷᠢᠭ ᠴᠠᠭᠳᠠᠭ᠎ᠠ ᠨᠠᠷ ᠲᠡᠷᠢ ᠲᠡᠭᠰᠢ ᠵᠢᠭᠰᠠᠵᠤ᠂ ᠰᠤᠷᠤᠯᠴᠠᠯᠭ᠎ᠠ ᠳᠤ ᠠᠩᠬᠠᠷᠤᠯ ᠢᠶᠠᠨ ᠲᠥᠪᠯᠡᠷᠡᠭᠦᠯᠦᠨ ᠰᠤᠷᠤᠯᠴᠠᠵᠤ᠂ ᠪᠤᠶᠢᠷ ᠬᠢᠯᠢ ᠶᠢᠨ ᠺᠠᠳ᠋ᠷ ᠴᠠᠭᠳᠠᠭ᠎ᠠ ᠶᠢᠨ ︽ᠪᠣᠯᠪᠠᠰᠤᠷᠠᠪᠠᠯ ᠪᠠᠶᠢᠯᠳᠤᠵᠤ᠂ ᠪᠠᠶᠢᠯᠳᠤᠪᠠᠯ ᠵᠠᠪᠠᠯ ᠢᠯᠠᠯᠲᠠ ᠤᠯᠬᠤ︾ ᠲᠤᠬᠠᠶᠢᠯᠠᠭᠰᠠᠨ ᠠᠵᠢᠯ ᠤᠨ ᠬᠡᠪ ᠪᠣᠯᠪᠠᠰᠤᠷᠠᠯ ᠢ ᠢᠯᠡᠷᠡᠭᠦᠯᠪᠡ᠃ ᠪᠤᠶᠢᠷ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠲᠣᠰ ᠤᠳᠠᠭᠠᠨ ᠤ ᠪᠣᠯᠪᠠᠰᠤᠷᠠᠯ ᠢᠶᠠᠷ ᠳᠡᠮᠵᠢᠨ᠂ ︽ᠠᠮᠢ ᠨᠠᠰᠤ ᠶᠢ ᠳᠡᠭᠡᠳᠦᠯᠡᠬᠦ︾ ᠣᠶᠢᠯᠠᠭᠠᠭᠳᠠᠬᠤᠨ ᠢ ᠤᠯᠠᠮᠵᠢᠯᠠᠭᠰᠠᠨ ᠢᠶᠠᠷ ᠪᠠᠷᠠᠬᠤ ᠦᠭᠡᠢ ᠴᠠᠭᠳᠠᠭ᠎ᠠ ᠠᠷᠠᠳ ᠬᠠᠮᠵᠢᠯᠴᠠᠨ ᠠᠶᠤᠯ ᠠᠴᠠ ᠠᠪᠤᠷᠠᠨ ᠲᠤᠰᠠᠯᠠᠬᠤ ᠳᠤ ᠪᠠᠲᠤ ᠪᠠᠬᠢ ᠰᠠᠭᠤᠷᠢ ᠶᠢ ᠲᠠᠯᠪᠢᠭᠰᠠᠨ ᠪᠠᠶᠢᠨ᠎ᠠ᠃
4.14贝尔3.jpg
      ᠲᠠᠷᠠᠭᠠᠴᠢ ᠶᠢᠨ ᠠᠯᠬᠤᠮ ᠳᠤ᠂ ᠪᠤᠶᠢᠷ ᠰᠤᠮᠤ ᠶᠢᠨ ᠡᠷᠡᠭᠦᠯ ᠬᠠᠮᠠᠭᠠᠯᠠᠯ ᠤᠨ ᠬᠤᠷᠢᠶ᠎ᠠ ᠬᠠᠷᠢᠶ᠎ᠠ ᠣᠷᠣᠨ ᠤ ᠪᠠᠨ ᠨᠢᠭᠡᠴᠡ ᠲᠠᠢ ᠬᠤᠯᠪᠣᠭᠠᠯᠠᠨ ᠬᠥᠳᠡᠯᠦᠯᠴᠡᠬᠦ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠪᠠᠴᠢᠮ ᠪᠠᠶᠢᠳᠠᠯ ᠢ ᠠᠷᠭᠠᠴᠠᠵᠤ ᠠᠪᠤᠷᠠᠨ ᠲᠤᠰᠠᠯᠠᠬᠤ ᠪᠣᠯᠪᠠᠰᠤᠷᠠᠯ ᠢ ᠲᠣᠭᠲᠠᠮᠠᠯ ᠬᠤᠭᠤᠴᠠᠭ᠎ᠠ ᠲᠠᠢ ᠪᠠᠷ ᠥᠷᠨᠢᠭᠦᠯᠵᠦ᠂ ᠲᠦᠷᠭᠡᠨ ᠠᠪᠤᠷᠠᠯᠳᠠ ᠶᠢᠨ ᠮᠡᠳᠡᠯᠭᠡ ᠶᠢ ᠲᠦᠭᠡᠮᠡᠯᠵᠢᠭᠦᠯᠬᠦ ᠶᠢ ᠪᠠᠶᠢᠩᠭᠤᠵᠢᠭᠤᠯᠬᠤ ᠶᠢ ᠠᠬᠢᠭᠤᠯᠵᠤ᠂ ᠭᠠᠷ ᠬᠤᠯᠪᠣᠨ ᠠᠮᠢ ᠨᠠᠰᠤ ᠶᠢ ᠬᠠᠮᠠᠭᠠᠯᠠᠬᠤ ᠠᠮᠤᠷ ᠲᠦᠪᠰᠢᠨ ᠤ ᠰᠡᠷᠭᠡᠶᠢᠯᠡᠯᠲᠡ ᠶᠢᠨ ᠱᠤᠭᠤᠮ ᠢ ᠪᠠᠲᠤ ᠴᠣᠭᠴᠠᠯᠠᠨ᠎ᠠ᠃
ᠢᠷᠡᠯᠲᠡ᠄ ᠰᠢᠨ᠎ᠡ ᠪᠠᠷᠭᠤ ᠪᠠᠷᠠᠭᠤᠨ ᠬᠤᠰᠢᠭᠤᠨ ᠤ ᠠᠷᠠᠳ ᠤᠨ ᠵᠠᠰᠠᠭ ᠤᠨ ᠣᠷᠳᠣᠨ