ᠣᠶᠢᠷ᠎ᠠ ᠳᠤ᠂ ᠬᠤᠰᠢᠭᠤᠨ ᠤ ᠤᠯᠤᠰ ᠲᠥᠷᠥ ᠶᠢᠨ ᠵᠥᠪᠯᠡᠯᠭᠡᠨ ᠤ ᠳᠡᠳ᠋ ᠲᠡᠷᠢᠭᠦᠯᠡᠭᠴᠢ ᠮᠠᠨᠳᠤᠯ᠎ᠠ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ | ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠳᠤ ᠭᠦᠨᠵᠡᠭᠡᠶᠢᠷᠡᠨ᠂ ︽ᠨᠤᠲᠤᠭ ᠪᠡᠯᠴᠢᠭᠡᠷ ᠤᠨ ᠳᠠᠭᠠᠭᠠᠴᠠ ᠠᠴᠠ ᠬᠡᠲᠦᠷᠡᠲᠡᠯ᠎ᠡ ᠮᠠᠯᠵᠢᠬᠤ ᠠᠰᠠᠭᠤᠳᠠᠯ ᠢ | ᠰᠢᠰᠲ᠋ᠧᠮ ᠲᠠᠢ ᠰᠢᠢᠳᠪᠦᠷᠢᠯᠡᠵᠦ ᠤᠯᠠᠮᠵᠢᠯᠠᠯᠲᠤ ᠮᠠᠯ ᠠᠵᠤ ᠠᠬᠤᠶ ᠶᠢᠨ ᠬᠡᠯᠪᠡᠷᠢ ᠶᠢ ᠬᠤᠪᠢᠷᠠᠭᠤᠯᠤᠨ ᠲᠠᠰ ᠳᠡᠪᠰᠢᠭᠦᠯᠬᠦ ᠶᠢ ᠠᠬᠢᠭᠤᠯᠬᠤ︾ ᠪᠠᠶᠢᠴᠠᠭᠠᠨ | ᠰᠤᠳᠤᠯᠤᠯᠲᠠ ᠥᠷᠨᠢᠭᠦᠯᠦᠭᠰᠡᠨ ᠪᠥᠭᠡᠳ ᠶᠠᠷᠢᠯᠴᠠᠬᠤ ᠬᠤᠷᠠᠯ ᠬᠤᠷᠠᠯᠳᠤᠭᠤᠯᠪᠠ᠃ ᠬᠤᠰᠢᠭᠤᠨ ᠤ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ | ᠪᠠᠲᠤᠯᠠᠭ᠎ᠠ ᠶᠢᠨ ᠲᠣᠪᠴᠢᠶᠠᠨ ᠤ ᠤᠳᠤᠷᠢᠳᠬᠤ ᠪᠠᠭ ᠤᠨ ᠪᠦᠷᠢᠯᠳᠦᠬᠦᠨ᠂ ᠡᠯ᠎ᠡ ᠬᠠᠮᠢᠶ᠎ᠠ ᠪᠦᠬᠦᠢ ᠲᠤᠬᠠᠶᠢᠯᠠᠭᠰᠠᠨ ᠠᠵᠢᠯ ᠤᠨ ᠲᠠᠰᠤᠭ ᠶᠠᠷᠢᠯᠴᠠᠬᠤ ᠬᠤᠷᠠᠯ ᠳᠤ | ᠣᠷᠣᠯᠴᠠᠪᠠ᠃ | | | | ᠬᠤᠷᠠᠯ ᠳᠡᠭᠡᠷ᠎ᠡ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠨᠤᠲᠤᠭ ᠪᠡᠯᠴᠢᠭᠡᠷ ᠤᠨ ᠳᠠᠭᠠᠭᠠᠴᠠ ᠠᠴᠠ | ᠬᠡᠲᠦᠷᠡᠲᠡᠯ᠎ᠡ ᠮᠠᠯᠵᠢᠬᠤ ᠠᠰᠠᠭᠤᠳᠠᠯ ᠢ ᠰᠢᠢᠳᠪᠦᠷᠢᠯᠡᠬᠦ ᠬᠠᠮᠢᠶ᠎ᠠ ᠪᠥᠬᠦᠶ ᠠᠵᠢᠯ ᠤᠨ ᠠᠭᠤᠯᠭ᠎ᠠ ᠵᠢᠴᠢ ᠠᠬᠢᠴᠠ ᠪᠠ ᠣᠷᠣᠰᠢᠵᠤ ᠪᠠᠶᠢᠭ᠎ᠠ ᠠᠰᠠᠭᠤᠳᠠᠯ ᠢ ᠬᠠᠷᠢᠭᠤ | ᠮᠡᠳᠡᠭᠦᠯᠦᠭᠰᠡᠨ ᠪᠥᠭᠡᠳ ᠤᠷ᠎ᠠ ᠴᠢᠳᠠᠪᠤᠷᠢ ᠶᠢᠨ ᠪᠣᠯᠪᠠᠰᠤᠷᠠᠯ ᠢ ᠬᠡᠷᠬᠢᠨ ᠤᠯᠠᠮ ᠨᠢᠭᠡ ᠠᠯᠬᠤᠮ ᠲᠡᠭᠦᠯᠳᠡᠷᠵᠢᠭᠦᠯᠬᠦ᠂ ᠴᠢᠳᠠᠪᠤᠷᠢᠲᠠᠨ ᠤ ᠪᠣᠯᠪᠠᠰᠤᠷᠠᠯ ᠪᠠ ᠠᠵᠢᠯ | ᠣᠯᠭᠤᠯᠲᠠ ᠶᠢᠨ ᠬᠡᠯᠪᠡᠷᠢ ᠶᠢ ᠬᠤᠪᠢᠷᠠᠭᠤᠯᠬᠤ ᠵᠡᠷᠭᠡ ᠠᠰᠠᠭᠤᠳᠠᠯ ᠤᠨ ᠲᠤᠬᠠᠶ ᠭᠦᠨᠵᠡᠭᠡᠶ ᠰᠤᠳᠤᠯᠤᠨ ᠶᠠᠷᠢᠯᠴᠠᠪᠠ᠃ | ᠪᠠᠶᠢᠴᠠᠭᠠᠨ ᠰᠤᠳᠤᠯᠬᠤ ᠳᠤᠭᠤᠶᠢᠯᠠᠩ᠂ ᠬᠥᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ ᠬᠡᠯᠪᠡᠷᠢ ᠶᠢ ᠬᠤᠪᠢᠷᠠᠭᠤᠯᠤᠨ | ᠲᠠᠰ ᠳᠡᠪᠰᠢᠭᠦᠯᠬᠦ ᠠᠵᠢᠯ ᠤᠨ ᠳᠤᠮᠳᠠᠬᠢ ᠰᠢᠯᠢᠳᠡᠭ ᠲᠤᠷᠰᠢᠯᠭ᠎ᠠ ᠠᠷᠭ᠎ᠠ ᠬᠢᠳᠡᠯ ᠢ ᠪᠣᠯᠪᠠᠰᠤᠷᠠᠭᠤᠯᠬᠤ ᠶᠢᠨ ᠬᠠᠮᠲᠤ᠂ ᠲᠠᠷᠠᠭᠠᠴᠢ ᠶᠢᠨ ᠠᠯᠬᠤᠮ ᠤᠨ | ᠠᠵᠢᠯ ᠳᠤᠮᠳᠠ ᠪᠠᠨ ᠪᠣᠯᠪᠠᠰᠤᠷᠠᠯ ᠤᠨ ᠬᠠᠮᠤᠷᠬᠤ ᠬᠡᠪᠴᠢᠶ᠎ᠡ ᠶᠢ ᠥᠷᠭᠡᠳᠬᠡᠵᠦ᠂ ︽ᠰᠤᠷᠭᠠᠨ ᠬᠥᠮᠦᠵᠢᠯ ᠢ ᠬᠥᠳᠡᠭᠡ ᠪᠠᠭᠤᠯᠭᠠᠬᠤ︾ ᠵᠠᠭᠪᠤᠷ ᠢ ᠬᠡᠷᠡᠭᠵᠢᠭᠦᠯᠦᠨ᠂ | ᠪᠤᠶᠢᠳᠠ ᠪᠥᠭᠯᠡᠭᠦᠤ ᠮᠠᠯᠵᠢᠬᠤ ᠣᠷᠣᠨ ᠳᠤ ᠭᠦᠨᠵᠡᠭᠡᠶᠢᠷᠡᠨ ᠪᠣᠯᠪᠠᠰᠤᠷᠠᠯ ᠥᠷᠨᠢᠭᠦᠯᠵᠦ᠂ ᠬᠢᠴᠢᠶᠡᠯ ᠤᠨ ᠲᠣᠬᠢᠷᠠᠭᠤᠯᠤᠯᠲᠠ ᠶᠢ ᠰᠢᠯᠢᠳᠡᠭᠵᠢᠭᠦᠯᠦᠨ᠂ ᠪᠣᠯᠪᠠᠰᠤᠷᠠᠯ ᠤᠨ | ᠬᠡᠷᠡᠭᠯᠡᠭᠡᠨ ᠤ ᠴᠢᠨᠠᠷ ᠢ ᠴᠢᠩᠭᠠᠷᠠᠭᠤᠯᠵᠤ᠂ ᠮᠠᠯᠴᠢᠳ ᠤᠨ ᠣᠷᠣᠯᠴᠠᠬᠤ ᠢᠳᠡᠪᠬᠢᠵᠢᠯ ᠢ ᠳᠡᠭᠡᠭᠰᠢᠯᠡᠭᠦᠯᠬᠦ ᠬᠡᠷᠡᠭᠲᠡᠶ᠃ ᠴᠢᠳᠠᠪᠤᠷᠢᠲᠠᠨ ᠤ ᠡᠩᠨᠡᠭᠡ ᠶᠢᠨ | ᠪᠠᠶᠢᠭᠤᠯᠤᠯᠲᠠ ᠶᠢ ᠴᠢᠩᠭᠠᠳᠬᠠᠵᠤ᠂ ᠦᠨᠳᠦᠰᠦᠨ ᠱᠠᠲᠤᠨ ᠤ ᠴᠢᠳᠠᠪᠤᠷᠢᠲᠠᠨ ᠤ ᠣᠯᠭᠤᠮᠵᠢ ᠶᠢ ᠰᠠᠶᠢᠵᠢᠷᠠᠭᠤᠯᠤᠨ᠂ ᠤᠷᠮᠠᠰᠢᠭᠤᠯᠬᠤ ᠪᠠᠲᠤᠯᠠᠭ᠎ᠠ ᠶᠢᠨ | ᠲᠣᠭᠲᠠᠴᠠ ᠶᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭᠠᠨ ᠮᠡᠷᠭᠡᠵᠢᠯ ᠤᠨ ᠣᠨᠴᠠ ᠲᠣᠮᠢᠯᠠᠭᠳᠠᠭᠰᠠᠳ᠂ ᠨᠤᠲᠤᠭ ᠲᠠᠭᠠᠨ ᠪᠤᠴᠠᠭᠰᠠᠨ ᠤᠶᠤᠲᠠᠳ ᠤᠨ ᠦᠨᠳᠦᠰᠦᠨ | ᠱᠠᠲᠤᠨ ᠳᠤ ᠦᠨᠳᠦᠰᠦᠯᠡᠵᠦ᠂ ᠦᠨᠳᠦᠰᠦᠨ ᠱᠠᠲᠤᠨ ᠳᠤ ᠦᠢᠯᠡᠴᠢᠯᠡᠬᠦ ᠶᠢ ᠵᠣᠷᠢᠭᠵᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃ | | |